11 ᠰᠠᠷ᠎ᠠ ᠶᠢᠨ 26 ᠤ ᠡᠳᠦᠷ᠂ ᠢᠲ᠋ᠠᠯᠢ — ᠥᠪᠥᠷ ᠮᠣᠩᠭᠤᠯ ᠤᠨ ᠣᠯᠠᠨ ᠤᠯᠤᠰ ᠤᠨ ᠰᠣᠶᠣᠯ ᠤᠨ | ᠰᠣᠯᠢᠯᠴᠠᠭᠠᠨ ᠤ ᠬᠤᠷᠠᠯ ᠬᠦᠬᠡᠬᠤᠲᠠ ᠳᠤ ᠶᠠᠪᠤᠭᠳᠠᠪᠠ᠃ ᠰᠣᠯᠢᠯᠴᠠᠭᠠᠨ ᠤ ᠬᠤᠷᠠᠯ ᠳᠡᠭᠡᠷ᠎ᠡ᠂ ᠢᠲ᠋ᠠᠯᠢ ᠶᠢᠨ ︽ | ᠨᠢᠭᠡ ᠪᠦᠰᠡ ᠨᠢᠭᠡ ᠵᠠᠮ︾ ᠤᠨ ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ 2020 ᠣᠨ ᠤ 5 | ᠰᠠᠷ᠎ᠠ ᠳᠤ ᠢᠲ᠋ᠠᠯᠢ ᠶᠢᠨ ᠷᠣᠮᠠ ᠬᠤᠲᠠ ᠳᠤ ᠶᠠᠪᠤᠭᠳᠠᠬᠤ ︽ᠨᠢᠭᠡ ᠪᠦᠰᠡ ᠨᠢᠭᠡ ᠵᠠᠮ︾ ᠤᠨ ᠦᠵᠡᠰᠬᠦᠯᠡᠩ ᠤᠨ | ᠲᠤᠬᠠᠢ ᠲᠠᠨᠢᠯᠴᠠᠭᠤᠯᠭ᠎ᠠ ᠬᠢᠭᠰᠡᠨ ᠪᠠᠶᠢᠨ᠎ᠠ᠃ ᠡᠨᠡᠬᠦ ᠦᠵᠡᠰᠭᠦᠯᠡᠩ ᠢ ᠢᠲ᠋ᠠᠯᠢ ᠶᠢᠨ ᠵᠠᠰᠠᠭ ᠤᠨ ᠤᠷᠳᠤᠨ ᠪᠤᠯᠤᠨ | ᠷᠣᠮᠠ ᠬᠤᠲᠠ ᠶᠢᠨ ᠵᠠᠰᠠᠭ ᠤᠨ ᠤᠷᠳᠤᠨ ᠠᠴᠠ ᠬᠠᠮᠳᠤᠷᠠᠨ ᠰᠠᠨᠠᠭᠠᠴᠢᠯᠠᠵᠦ᠂ ᠢᠲ᠋ᠠᠯᠢ ᠶᠢᠨ ︽ᠨᠢᠭᠡ ᠪᠦᠰᠡ ᠨᠢᠭᠡ | ᠵᠠᠮ︾ ᠤᠨ ᠰᠤᠳᠤᠯᠭᠠᠨ ᠤ ᠪᠠᠶᠢᠭᠤᠯᠤᠮᠵᠢ᠂ ᠷᠣᠮᠠ ᠬᠤᠲᠠ ᠶᠢᠨ ᠦᠵᠡᠰᠭᠦᠯᠡᠩ ᠬᠤᠳᠠᠯᠳᠤᠭᠠᠨ ᠤ ᠲᠦᠪ | ᠬᠠᠷᠢᠭᠤᠴᠠᠨ ᠵᠤᠬᠢᠶᠠᠨ ᠪᠠᠶᠢᠭᠤᠯᠵᠦ ᠪᠠᠶᠢᠨ᠎ᠠ᠃ | ᠡᠨᠡ ᠵᠢᠯ ᠪᠣᠯ ᠳᠤᠮᠳᠠᠳᠤ ᠢᠲ᠋ᠠᠯᠢ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 15 ᠵᠢᠯ ᠤᠨ ᠣᠢ᠂ 2020 ᠣᠨ ᠪᠤᠯ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠢ ᠪᠤᠯᠬᠤ ᠲᠠᠰᠢᠷᠠᠮ ᠢᠶᠠᠷ ᠬᠤᠶᠠᠷ ᠤᠯᠤᠰ ᠤᠨ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ ᠪᠠᠶᠢᠭ᠎ᠠ ᠠᠬᠤᠶ ᠪᠠᠶᠢᠳᠠᠯ ᠳᠣᠤᠷ᠎ᠠ᠂ ᠥᠪᠥᠷ | ᠮᠣᠩᠭᠤᠯ ᠢᠲ᠋ᠠᠯᠢ ᠯᠤᠭ᠎ᠠ ᠶᠢᠨ ᠡᠯ᠎ᠡ ᠬᠦᠷᠢᠶᠡᠨ ᠳᠠᠬᠢ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠪᠠᠨ ᠤᠯᠠᠮ | ᠴᠢᠨᠠᠭᠰᠢᠳᠠ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ | ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠢᠰᠦ ᠭᠠᠵᠠᠷ ᠣᠷᠣᠨ ᠢ ᠪᠦᠬᠦ | ᠬᠦᠴᠦᠨ ᠢᠶᠠᠷ ᠪᠠᠶᠢᠭᠤᠯᠬᠤ ᠪᠠᠷ ᠪᠤᠢ᠃ | ᠢᠲ᠋ᠠᠯᠢ ᠶᠢᠨ ︽ᠨᠢᠭᠡ ᠪᠦᠰᠡ ᠨᠢᠭᠡ ᠵᠠᠮ︾ ᠤᠨ ᠰᠤᠳᠤᠯᠭᠠᠨ ᠤ ᠪᠠᠢᠭᠤᠯᠤᠮᠵᠢ 2017 ᠣᠨ ᠳᠤ | ᠪᠠᠶᠢᠭᠤᠯᠤᠭᠳᠠᠵᠤ᠂ ᠢᠲ᠋ᠠᠯᠢ ᠶᠢᠨ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠤᠨ ᠰᠣᠯᠢᠯᠴᠠᠭ᠎ᠠ ᠪᠠ | ᠬᠠᠮᠲᠤᠷᠠᠯᠴᠠᠭ᠎ᠠ ᠳᠤ ᠣᠷᠣᠯᠴᠠᠭᠰᠠᠨ ᠣᠷᠣᠨ ᠨᠤᠲᠤᠭ ᠤᠨ ᠵᠠᠰᠠᠭ ᠤᠨ ᠣᠷᠳᠣᠨ᠂ ᠡᠷᠳᠡᠮ ᠰᠢᠨᠵᠢᠯᠡᠭᠡᠨ ᠤ | ᠪᠠᠶᠢᠭᠤᠯᠤᠮᠵᠢ ᠲᠠᠢ ᠬᠠᠮᠵᠢᠯᠴᠠᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠰᠦᠯᠵᠢᠶ᠎ᠡ ᠪᠠᠶᠢᠭᠤᠯᠵᠤ᠂ ᠬᠤᠶᠠᠷ ᠤᠯᠤᠰ | ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠢᠲ᠋ᠠᠯᠢ ᠬᠤᠶᠠᠷ ᠤᠯᠤᠰ ᠤᠨ | ᠠᠵᠤ ᠠᠬᠤᠶ ᠠᠷᠠᠯᠵᠢᠶ᠎ᠠ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠠᠬᠢᠭᠤᠯᠬᠤ ᠳᠤ ᠢᠳᠡᠪᠬᠢ ᠦᠢᠯᠡᠳᠦᠯ ᠦᠵᠡᠭᠦᠯᠦᠭᠰᠡᠭᠡᠷ ᠢᠷᠡᠵᠠᠢ᠃ |