11 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2019 ᠣᠨ ᠤ ᠪᠡᠭᠡᠵᠢᠩ ᠥᠪᠥᠷ ᠮᠣᠩᠭᠤᠯ | ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ | ᠰᠣᠨᠣᠰᠴᠤ᠂ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢ ᠠᠬᠢᠭᠤᠯᠬᠤ᠂ | ᠥᠪᠡᠷᠲᠡᠭᠡᠨ ᠵᠠᠰᠠᠬᠤ ᠣᠷᠣᠨ ᠤ 2020 ᠣᠨ ᠤ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠵᠡᠷᠭᠡ | ᠵᠦᠢᠯ ᠢ ᠰᠤᠳᠤᠯᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ ᠣᠷᠣᠨ ᠳᠠᠶᠠᠭᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ | ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠠᠵᠢᠯ ᠤᠨ | ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠪᠦᠬᠦ ᠤᠯᠤᠰ ᠤᠨ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ | ᠠᠬᠢᠭᠤᠯᠬᠤ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠢᠯᠡᠳᠲᠡ ᠦᠷ᠎ᠡ ᠪᠦᠲᠦᠮᠵᠢ ᠣᠯᠵᠠᠶ᠃ | ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ | ᠲᠡᠳᠬᠦᠬᠦ ᠬᠠᠮᠵᠢᠯᠴᠠᠭ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ᠂ ᠭᠤᠤᠯᠳᠠᠯᠭᠠᠳᠤ ᠠᠵᠢᠯ ᠢ ᠵᠦᠢᠯ ᠳᠠᠷᠠᠭᠠᠯᠠᠨ | ᠡᠮᠬᠢᠯᠡᠵᠦ᠂ ᠠᠵᠢᠯ ᠤᠨ ᠠᠬᠢᠴᠠ ᠪᠠᠨ ᠲᠦᠷᠭᠡᠳᠬᠡᠨ᠂ 2019 ᠣᠨ ᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠪᠡᠭᠡᠵᠢᠩ ᠬᠤᠲᠠ ᠯᠤᠭ᠎ᠠ ᠶᠢᠨ | ᠵᠣᠯᠭᠠᠯᠴᠠᠭ᠎ᠠ ᠪᠠᠨ ᠴᠢᠩᠭᠠᠳᠬᠠᠨ᠂ ᠳᠠᠷᠠᠭ᠎ᠠ ᠵᠢᠯ ᠤᠨ ᠠᠵᠢᠯ ᠢᠶᠠᠨ ᠨᠠᠷᠢᠨ ᠬᠢᠨᠠᠮᠠᠭᠠᠶ ᠰᠤᠳᠤᠯᠤᠨ ᠲᠥᠯᠥᠪᠵᠢᠭᠦᠯᠵᠦ᠂ | ᠠᠵᠢᠯ ᠤᠨ ᠴᠢᠭᠯᠡᠭᠦᠯᠦᠯᠳᠦ ᠴᠢᠨᠠᠷ ᠪᠣᠯᠤᠨ ᠣᠨᠣᠪᠴᠢ ᠶᠢᠨ ᠬᠡᠮᠵᠢᠶ᠎ᠡ ᠪᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ | ᠭᠡᠵᠥ ᠵᠢᠭᠠᠵᠥ ᠭᠠᠷᠭᠠᠪᠠ᠃ | ᠬᠤᠷᠠᠯ ᠠᠴᠠ᠂ ᠮᠠᠨ ᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠨᠡᠯᠢᠶᠡᠳ ᠰᠠᠶᠢᠨ | ᠰᠠᠭᠤᠷᠢ ᠲᠠᠢ ᠪᠠᠶᠢᠵᠤ᠂ ᠬᠥᠭᠵᠢᠯᠲᠡ ᠶᠢᠨ ᠳᠠᠯᠳᠠ ᠬᠦᠴᠦᠨ ᠢᠶᠠᠷ ᠮᠠᠰᠢ ᠶᠡᠭᠡ ᠪᠠᠶᠢᠨ᠎ᠠ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠤ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠣᠪᠤᠶᠢᠮ᠎ᠠ | ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ᠵᠠᠬ᠎ᠠ ᠳᠡᠯᠭᠡᠭᠦᠷ ᠲᠤ ᠤᠷᠤᠬᠤ ᠶᠢ ᠵᠥᠪᠰᠢᠶᠡᠷᠡᠬᠦ | ᠪᠠ ᠰᠢᠯᠭᠠᠠ ᠪᠠᠶᠢᠴᠠᠭᠠᠬᠤ ᠦᠢᠯᠡᠴᠢᠯᠡᠭᠡ ᠶᠢ ᠰᠢᠯᠢᠳᠡᠭᠵᠢᠭᠦᠯᠤᠨ᠂ ᠪᠠᠷᠢᠮᠵᠢᠶᠠᠨ ᠤ ᠰᠢᠰᠲ᠋ᠧᠮ ᠢ ᠲᠣᠭᠲᠠᠭᠠᠨ | ᠲᠡᠭᠦᠯᠳᠡᠷᠵᠢᠭᠦᠯᠵᠦ᠂ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠶᠢ ᠠᠬᠢᠭᠤᠯᠬᠤ ᠨᠢ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ | ᠪᠣᠬᠢᠷᠲᠤᠯ ᠦᠭᠡᠢ ᠬᠥᠭᠵᠢᠯᠳᠠ ᠶᠢ ᠪᠠᠷᠢᠮᠲᠠᠯᠠᠨ᠂ ᠪᠦᠬᠦ ᠣᠷᠣᠨ ᠤ ᠬᠤᠵᠢᠷᠰᠢᠭᠰᠠᠨ ᠲᠠᠷᠢᠶᠠᠨ ᠭᠠᠵᠠᠷ ᠢ | ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠥᠬᠦᠭᠡᠷᠦᠮᠵᠢ | ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ︵ᠲᠥᠰᠦᠯ︶︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︵ᠵᠠᠰᠠᠪᠤᠷᠢ ᠣᠷᠣᠭᠤᠯᠤᠬᠰᠠᠨ ᠲᠥᠰᠦᠯ︶︾ ᠢ | ᠬᠢᠨᠠᠨ ᠵᠥᠪᠯᠡᠵᠦ ᠪᠠᠲᠤᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |