ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠵᠢᠷᠭᠤᠭ᠎ᠠ︶
ᠨᠡᠶᠢᠲᠡᠯᠡᠭᠰᠡᠨ ᠴᠠᠭ᠄
2019/12/2
     ᠠᠷᠪᠠᠨ ᠨᠢᠭᠡ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠬᠡᠷᠬᠢᠨ ᠭᠤᠶᠤᠴᠢᠯᠠᠯ ᠲᠤᠰᠢᠶᠠᠬᠤ ᠪᠣᠢ︖      ᠬᠠᠷᠢᠭᠤᠯᠲᠠ᠄ ᠬᠤᠲᠠ ᠪᠠᠯᠭᠠᠰᠤ ᠶᠢᠨ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠳᠤᠷ᠎ᠠ ᠶᠢᠨ ᠨᠢᠭᠡ ᠨᠥᠬᠦᠴᠡᠯ ᠳᠤ ᠨᠡᠶᠢᠴᠡᠭᠰᠡᠨ ᠠᠵᠢᠯ ᠣᠯᠬᠤ ᠳᠤ ᠬᠦᠴᠢᠷᠳᠡᠯᠲᠡᠢ ᠬᠥᠮᠥᠰ ᠪᠦᠷ ᠬᠤᠪᠢ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵︽ᠠᠵᠢᠯ ᠣᠯᠵᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢᠶᠠᠨ ᠠᠪᠴᠤ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠠᠵᠢᠯ ᠤᠨ ᠥᠷᠲᠡᠭᠡ ︵ᠨᠡᠶᠢᠭᠡᠮ ᠲᠣᠭᠤᠷᠢᠭ ᠲᠣᠬᠢᠷᠠᠭᠤᠯᠤᠭᠰᠠᠨ ᠦᠭᠡᠢ ᠪᠣᠯ ᠵᠡᠭᠡᠯᠢ ᠭᠤᠳᠤᠮᠵᠢ ᠪᠤᠶᠤ ᠰᠤᠮᠤ᠂ ᠰᠢᠶᠠᠩ᠂ ᠪᠠᠯᠭᠠᠰᠤ ᠶᠢᠨ ᠬᠥᠳᠡᠯᠮᠦᠷᠢ ᠪᠠᠲᠤᠯᠠᠭ᠎ᠠ ᠶᠢᠨ ᠶᠠᠪᠤᠳᠠᠯ ᠤᠨ ᠭᠠᠵᠠᠷ︶ ᠳᠤ ᠬᠦᠷᠴᠦ ᠭᠤᠶᠤᠴᠢᠯᠠᠯ ᠲᠤᠰᠢᠶᠠᠬᠤ ᠶᠢᠨ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠭᠤᠶᠤᠴᠢᠯᠠᠯ ᠢ ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠬᠦ ᠬᠦᠰᠦᠨᠦᠭ︾ ᠢ ᠲᠠᠭᠯᠠᠬᠤ ᠬᠡᠷᠡᠭᠲᠡᠢ᠃ ᠡᠭᠦᠨ ᠤ ᠬᠠᠮᠲᠤ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠢᠶᠠᠷ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠬᠤ ᠡᠯ᠎ᠡ ᠲᠥᠷᠥᠯ ᠤᠨ ᠬᠥᠮᠥᠰ ᠡᠷᠬᠡᠪᠰᠢ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ 1. ᠵᠡᠮᠳᠡᠭᠴᠦᠳ ᠠᠴᠠ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠣᠯᠭᠤᠭᠰᠠᠨ ︽ᠵᠡᠮᠳᠡᠭᠴᠦᠳ ᠤᠨ ᠭᠡᠷᠡᠴᠢ︾ ᠪᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠣᠯᠭᠤᠭᠰᠠᠨ ᠬᠥᠳᠡᠯᠮᠦᠷᠢᠯᠡᠬᠦ ᠴᠢᠳᠠᠪᠤᠷᠢ ᠶᠢ ᠨᠤᠲᠠᠯᠠᠨ ᠲᠣᠭᠲᠠᠭᠠᠭᠰᠠᠨ ᠭᠡᠷᠡᠴᠢᠯᠡᠭᠡ ᠶᠢ ᠬᠠᠩᠭᠠᠨ᠎ᠠ︔ 2. ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ ᠬᠤᠭᠤᠴᠠᠭᠠᠨ ᠳᠠᠬᠢ ᠬᠤᠲᠠ ᠪᠠᠯᠭᠠᠰᠤ ᠶᠢᠨ ᠪᠦᠬᠦᠯᠢ 35 ᠨᠠᠰᠤᠲᠠᠢ ᠡᠮᠡᠭᠲᠡᠢ᠂ ᠪᠦᠬᠦᠯᠢ 45 ᠨᠠᠰᠤᠲᠠᠢ ᠡᠷᠡᠭᠲᠡᠢ ᠠᠵᠢᠯ ᠠᠯᠳᠠᠭᠰᠠᠳ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠣᠯᠭᠤᠭᠰᠠᠨ ᠠᠮᠢᠳᠤᠷᠠᠯ ᠤᠨ ᠳᠣᠣᠷ᠎ᠠ ᠪᠠᠲᠤᠯᠠᠭ᠎ᠠ ᠶᠢᠨ ᠬᠡᠷᠴᠢᠯᠡᠭᠡ ᠶᠢ ᠬᠠᠩᠭᠠᠨ᠎ᠠ︔ 3. ᠭᠠᠵᠠᠷ ᠰᠢᠷᠣᠢ ᠪᠠᠨ ᠪᠦᠷᠢᠮᠦᠰᠦᠨ ᠠᠯᠳᠠᠭᠰᠠᠨ ᠠᠵᠢᠯ ᠠᠯᠳᠠᠭᠰᠠᠳ ᠡᠷᠬᠡᠪᠰᠢ ᠭᠠᠵᠠᠷ ᠰᠢᠷᠣᠢ ᠶᠢ ᠨᠢ ᠡᠯᠰᠡᠨ ᠬᠡᠷᠡᠭᠯᠡᠭᠰᠡᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ︔ 4. ᠠᠵᠢᠯ ᠲᠠᠢ ᠬᠥᠮᠥᠨ ᠦᠭᠡᠢ ᠭᠡᠷ ᠪᠦᠯᠢ ᠶᠢᠨ ᠭᠡᠰᠢᠭᠦᠳ ᠡᠷᠬᠡᠪᠰᠢ ᠠᠵᠢᠯ ᠲᠠᠢ ᠬᠥᠮᠥᠨ ᠦᠭᠡᠢ ᠭᠡᠷ ᠪᠦᠯᠢ ᠪᠠᠷ ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠢ ᠬᠠᠩᠭᠠᠬᠤ ᠬᠡᠷᠡᠭᠲᠡᠢ︔ 5. ᠳᠠᠷᠠᠭᠠᠯᠠᠨ ᠨᠢᠭᠡ ᠵᠢᠯ ᠠᠴᠠ ᠳᠡᠭᠡᠭᠰᠢ ᠠᠵᠢᠯ ᠠᠯᠳᠠᠭᠰᠠᠨ ᠪᠦᠬᠦᠯᠢ 35 ᠨᠠᠰᠤᠲᠠᠢ ᠡᠮᠡᠭᠲᠡᠢ᠂ ᠪᠦᠬᠦᠯᠢ 45 ᠨᠠᠰᠤᠲᠠᠢ ᠡᠷᠡᠭᠲᠡᠢ ᠠᠵᠢᠯ ᠠᠯᠳᠠᠭᠰᠠᠳ ᠡᠷᠬᠡᠪᠰᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠠᠯᠠᠭ᠎ᠠ ᠮᠥᠴᠢᠷ ᠠᠴᠠ ᠣᠯᠭᠤᠭᠰᠠᠨ 3 ᠤᠳᠠᠭ᠎ᠠ ᠠᠴᠠ ᠳᠡᠭᠡᠭᠰᠢ ᠠᠵᠢᠯ ᠮᠡᠷᠭᠡᠵᠢᠯ ᠤᠨ ᠲᠠᠨᠢᠯᠴᠠᠭᠤᠯᠭ᠎ᠠ ᠪᠠᠷ ᠳᠠᠮᠵᠢᠨ ᠮᠥᠨ ᠬᠦ ᠠᠵᠢᠯ ᠣᠯᠤᠭ᠎ᠠ ᠦᠭᠡᠢ ᠭᠡᠷᠡᠴᠢᠯᠡᠭᠡ ᠶᠢ ᠬᠠᠩᠭᠠᠬᠤ ᠬᠡᠷᠡᠭᠲᠡᠢ︔ 6. ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ ᠮᠥᠷᠲᠡᠭᠡᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ 3 ᠵᠢᠯ ᠠᠵᠢᠯ ᠣᠯᠤᠭ᠎ᠠ ᠦᠭᠡᠢ ᠮᠣᠩᠭᠤᠯ ᠬᠡᠯᠡ ᠪᠠᠷ ᠬᠢᠴᠢᠶᠡᠯᠯᠡᠭᠰᠡᠨ ᠪᠠ ᠶᠠᠳᠠᠭᠤ ᠬᠦᠴᠢᠷᠳᠡᠯᠲᠡᠢ ᠭᠡᠷ ᠪᠦᠯᠢ ᠶᠢᠨ ᠣᠶᠤᠲᠠᠳ ᠪᠦᠷ ᠲᠡᠭᠦᠰᠬᠦ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠵᠡᠷᠭᠡ ᠭᠡᠷᠡᠴᠢ ᠮᠠᠲ᠋ᠧᠷᠢᠶᠠᠯ ᠢᠶᠠᠨ ᠬᠠᠩᠭᠠᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠣᠶᠤᠲᠠᠨ ᠪᠠᠰᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠶᠠᠳᠠᠭᠤ ᠬᠦᠴᠢᠷᠲᠡᠢ ᠭᠡᠷ ᠪᠦᠯᠢ ᠶᠢᠨ ᠣᠶᠤᠲᠠᠳ ᠢᠶᠠᠷ ᠮᠠᠭᠠᠳᠯᠠᠨ ᠲᠣᠭᠲᠠᠭᠠᠭᠰᠠᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠨ᠎ᠠ᠃      ᠠᠷᠪᠠᠨ ᠬᠤᠶᠠᠷ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠢᠶᠠᠷ ᠨᠤᠲᠠᠯᠠᠭᠳᠠᠭᠰᠠᠳ ᠠᠵᠢᠯ ᠣᠯᠭᠤᠵᠤ ᠲᠤᠰᠠᠯᠠᠨ ᠳᠡᠮᠵᠢᠬᠦ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠬᠦᠷᠲᠡᠬᠦ ᠪᠣᠢ︖      ᠬᠠᠷᠢᠭᠤᠯᠲᠠ᠄ ᠨᠢᠭᠡᠨᠲᠡ ᠠᠵᠢᠯ ᠣᠯᠬᠤ ᠳᠤ ᠬᠦᠴᠢᠷᠳᠡᠯᠲᠡᠢ ᠬᠥᠮᠥᠰ ᠢᠶᠠᠷ ᠮᠠᠭᠠᠳᠯᠠᠨ ᠲᠣᠭᠲᠠᠭᠠᠭᠰᠠᠳ ᠲᠤ ᠬᠠᠩᠭᠠᠵᠤ ᠪᠣᠯᠬᠤ ᠲᠤᠰᠠᠯᠠᠨ ᠳᠡᠮᠵᠢᠬᠦ ᠲᠥᠷᠥᠯ ᠵᠦᠢᠯ ᠳᠤ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠪᠠ ᠠᠵᠢᠯ ᠣᠯᠭᠤᠯᠲᠠ ᠶᠢᠨ ᠮᠡᠳᠡᠭᠡ ᠵᠠᠩᠭᠢ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ᠂ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠠᠵᠢᠯ ᠣᠯᠭᠤᠬᠤ ᠠᠵᠢᠯ ᠤᠨ ᠪᠠᠶᠢᠷᠢ ᠶᠢᠨ ᠲᠤᠰᠠᠯᠠᠮᠵᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠬᠠᠩᠭᠠᠬᠤ ᠵᠡᠷᠭᠡ ᠪᠠᠭᠲᠠᠨ᠎ᠠ᠃      ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠡᠯᠰᠡᠨ ᠬᠡᠷᠡᠭᠯᠡᠭᠰᠡᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠨᠢᠭᠡᠴᠢ᠂ ᠵᠢᠴᠢ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠲᠣᠬᠢᠷᠠᠭᠤᠯᠤᠨ ᠲᠥᠪᠬᠢᠨᠡᠭᠦᠯᠦᠭᠰᠡᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠨᠢᠭᠡᠴᠢ ᠳᠤ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠲᠤ ᠪᠣᠳᠠᠲᠠᠢ ᠪᠠᠷ ᠲᠤᠰᠢᠶᠠᠵᠤ ᠥᠭᠭᠦᠭᠰᠡᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠪᠠ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠶᠣᠰᠣᠭᠠᠷ ᠨᠥᠬᠦᠪᠦᠷᠢ ᠣᠯᠭᠤᠨ᠎ᠠ᠂ ᠡᠭᠦᠨ ᠳᠤ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠬᠤᠪᠢ ᠬᠥᠮᠥᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠢ᠃ ᠨᠥᠬᠦᠪᠦᠷᠢ ᠥᠭᠬᠦ ᠬᠤᠭᠤᠴᠠᠭᠠᠨ ᠤ ᠬᠢᠵᠠᠭᠠᠷ  ᠨᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ 5 ᠵᠢᠯ ᠬᠦᠷᠬᠦ ᠦᠭᠡᠢ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠠᠵᠢᠯ ᠠᠴᠠ ᠪᠠᠨ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ ᠪᠤᠰᠤᠳ ᠬᠥᠮᠥᠰ ᠢ ᠬᠠᠮᠤᠭ ᠤᠨ ᠤᠷᠲᠤ ᠳᠤ ᠪᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ