ᠲᠣᠤᠷ ᠰᠦᠯᠵᠢᠶ᠎ᠡ ᠶᠢᠨ ᠢᠳᠡᠭᠡᠨ ᠤᠮᠳᠠᠭᠠᠨ ᠤ ᠦᠶᠯᠡᠴᠢᠯᠡᠭᠡᠨ ᠤ ᠱᠠᠭᠠᠷᠳᠠᠯᠭ᠎ᠠ ᠳᠤ ᠦᠯᠤ ᠨᠡᠶᠢᠴᠡᠬᠦ 1184 ᠨᠡᠷ᠎ᠡ ᠦᠢᠯᠡᠴᠢᠯᠡᠭᠡ ᠬᠠᠩᠭᠠᠵᠤ ᠪᠠᠶᠢᠭ᠎ᠠ ᠡᠳᠡᠬᠡᠳ ᠢ ᠰᠦᠯᠵᠢᠶᠡᠨ ᠠᠴᠠ ᠪᠠᠭᠤᠯᠭᠠᠪᠠ
ᠨᠡᠶᠢᠲᠡᠯᠡᠭᠰᠡᠨ ᠴᠠᠭ᠄
2019/12/20
     12 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠤ ᠬᠡᠪᠴᠢᠶᠠᠨ ᠳᠤ 4 ᠰᠠᠷ᠎ᠠ ᠎ ᠶᠢᠨ ᠬᠤᠭᠤᠴᠠᠭ᠎ᠠ ᠲᠠᠢ ᠲᠣᠤᠷ ᠰᠦᠯᠵᠢᠶ᠎ᠡ ᠶᠢᠨ ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠲᠤᠰᠬᠠᠶ ᠴᠡᠭᠴᠡᠯᠡᠨ ᠵᠠᠰᠠᠬᠤ ᠬᠤᠭᠤᠴᠠᠭᠠᠨ ᠳᠤ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠲᠡ 386 ᠤᠳᠠᠭ᠎ᠠ ᠲᠣᠤᠷ ᠰᠦᠯᠵᠢᠶ᠎ᠡ ᠶᠢᠨ ᠢᠳᠡᠭᠡᠨ ᠤᠮᠳᠠᠭᠠᠨ ᠤ ᠦᠶᠯᠡᠴᠢᠯᠡᠭᠡᠨ ᠤ ᠭᠤᠷᠪᠠᠳᠠᠬᠢ ᠡᠲᠡᠭᠡᠳ ᠤᠨ ᠲᠠᠪᠴᠠᠩ ᠢ ᠪᠠᠶᠢᠴᠠᠭᠠᠵᠤ᠂ ᠲᠣᠤᠷ ᠰᠦᠯᠵᠢᠶᠡᠨ ᠳᠤ ᠭᠠᠷᠣᠭᠰᠠᠨ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠢ ᠶᠢ 40179 ᠤᠳᠠᠭ᠎ᠠ ᠪᠠᠶᠢᠴᠠᠭᠠᠨ᠂ ᠱᠠᠭᠠᠷᠳᠠᠯᠭ᠎ᠠ ᠳᠤ ᠦᠯᠤ ᠨᠡᠶᠢᠴᠡᠬᠦ 1184 ᠨᠡᠷ᠎ᠡ ᠦᠢᠯᠡᠴᠢᠯᠡᠭᠡ ᠬᠠᠩᠭᠠᠵᠤ ᠪᠠᠶᠢᠭ᠎ᠠ ᠡᠳᠡᠭᠡᠳ ᠢ ᠰᠦᠯᠵᠢᠶᠡᠨ ᠠᠴᠠ ᠪᠠᠭᠤᠯᠭᠠᠵᠤ᠂ ᠵᠠᠷᠯᠢᠭᠳᠠᠵᠤ ᠪᠠᠶᠢᠭᠠᠳ ᠵᠠᠯᠠᠷᠠᠭᠤᠯᠬᠤ ᠮᠡᠳᠡᠭᠳᠡᠯ ᠤᠨ ᠪᠢᠴᠢᠭ ᠢ 995 ᠬᠤᠪᠢ ᠪᠠᠭᠤᠯᠭᠠᠨ᠂ 46 ᠨᠡᠷ᠎ᠡ ᠦᠨᠡᠮᠯᠡᠯ ᠦᠭᠡᠢ ᠪᠠᠷ ᠡᠵᠡᠩᠨᠡᠵᠤ ᠪᠠᠶᠢᠭ᠎ᠠ ᠡᠳᠡᠬᠡᠳ ᠢ ᠬᠤᠷᠢᠭᠯᠠᠨ ᠵᠣᠭᠰᠣᠭᠠᠪᠠ᠃      ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠳᠤᠮᠳᠠ ᠨᠢᠭᠡ ᠳᠤ ᠭᠤᠣᠯᠳᠠᠭᠤ ᠲᠣᠣᠷ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠬᠡᠨ ᠤ ᠭᠤᠷᠪᠠᠳᠠᠬᠢ ᠡᠲᠡᠭᠡᠳ ᠤᠨ ᠲᠠᠪᠴᠠᠩ ᠤᠨ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠵᠦᠶᠯᠡᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠵᠤ  ᠳᠠᠩᠰᠠᠯᠠᠭᠰᠠᠨ ᠡᠰᠡᠬᠦ ᠶᠢ ᠴᠢᠩᠭ᠎ᠠ ᠪᠠᠶᠢᠴᠠᠭᠠᠬᠤ ᠪᠠᠷ ᠳᠠᠮᠵᠢᠨ᠂ ᠦᠨᠡᠮᠯᠡᠯ ᠥᠬᠡᠶ᠂ ᠦᠨᠡᠮᠯᠡᠯ ᠳᠠᠪᠬᠤᠷᠯᠠᠬᠤ ᠪᠤᠶᠤ ᠬᠠᠭᠤᠷᠮᠠᠭ ᠦᠨᠡᠮᠯᠡᠯ ᠢᠶᠠᠷ ᠰᠦᠯᠵᠢᠶᠡᠨ ᠳᠤ ᠢᠳᠡᠭᠡᠨ ᠤᠮᠳᠠᠭᠠᠨ ᠤ ᠦᠶᠯᠡᠴᠢᠯᠡᠭᠡ ᠬᠠᠩᠭᠠᠵᠤ ᠪᠠᠶᠢᠭ᠎ᠠ ᠦᠢᠯᠡ ᠠᠵᠢᠯᠯᠠᠭ᠎ᠠ ᠶᠢ ᠡᠷᠡᠰ ᠬᠤᠷᠢᠭᠯᠠᠵᠠᠢ︔ ᠬᠤᠶᠠᠷ ᠲᠤ ᠲᠠᠪᠴᠠᠩ ᠤᠨ ᠰᠦᠯᠵᠢᠶᠠᠨ ᠳᠤ ᠣᠷᠣᠬᠤ ᠮᠡᠳᠡᠭᠡ ᠵᠠᠩᠭᠢ ᠶᠢ ᠨᠡᠶᠢᠳᠡᠯᠡᠭᠰᠡᠨ ᠡᠰᠡᠬᠦ ᠶᠢ ᠴᠢᠩᠭ᠎ᠠ ᠪᠠᠶᠢᠴᠠᠭᠠᠵᠡᠢ᠃ ᠲᠠᠪᠴᠠᠩ ᠳᠤ ᠨᠡᠶᠢᠲᠡᠯᠡᠭᠰᠡᠨ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ ᠪᠠᠶᠢᠭ᠎ᠠ ᠡᠲᠡᠭᠡᠳ ᠤᠨ ᠢᠳᠡᠭᠡᠨ ᠣᠮᠳᠠᠭᠠᠨ ᠤ ᠵᠦᠢᠯᠡᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠠ ᠨᠡᠷᠡᠶᠢᠳᠦᠯ᠂ ᠬᠠᠶ᠋ᠢᠭ᠂ ᠢᠳᠡᠭᠡᠨ ᠤ ᠠᠮᠤᠷ ᠲᠦᠪᠰᠢᠨ ᠤ ᠬᠡᠮᠵᠢᠶᠡᠵᠢᠭᠦᠯᠦᠭᠰᠡᠨ ᠳᠡᠰ ᠬᠤᠪᠢᠶᠠᠭᠰᠠᠨ ᠮᠡᠳᠡᠭᠡ ᠵᠠᠩᠭᠢ᠂ ᠵᠠᠭᠤᠰᠢ ᠬᠠᠭᠤᠷᠣᠯᠭ᠎ᠠ ᠶᠢᠨ ᠵᠦᠶᠯᠡᠰ ᠤᠨ ᠨᠡᠷᠡᠶᠢᠳᠦᠯ ᠪᠠ ᠭᠤᠤᠯ ᠲᠦᠭᠦᠬᠡᠶ ᠮᠠᠲ᠋ᠧᠷᠢᠶᠠᠯ ᠤᠨ ᠨᠡᠷᠡᠶᠢᠳᠦᠯ ᠵᠡᠷᠭᠡ ᠨᠢ ᠪᠣᠳᠠᠳᠣ ᠳᠡᠯᠭᠡᠭᠦᠷ ᠤᠨ ᠪᠣᠷᠣᠯᠠᠭᠤᠯᠤᠨ ᠬᠤᠳᠠᠯᠳᠣᠬᠤ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠲᠠᠢ ᠨᠢᠭᠡᠳᠦᠯᠲᠡᠶ ᠪᠠᠶᠢᠬᠤ ᠡᠰᠡᠬᠦ︔ ᠭᠤᠷᠪᠠ ᠳᠤ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠴᠢᠩᠭ᠎ᠠ ᠪᠠᠶᠢᠴᠠᠭᠠᠵᠡᠢ᠃ ᠪᠣᠳᠠᠲᠤ ᠳᠡᠯᠭᠡᠭᠦᠷ ᠤᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠡᠰᠡᠬᠦ︔ ᠲᠥᠷᠪᠡ ᠳᠤ ᠰᠦᠯᠵᠢᠶᠡᠨ ᠤ ᠢᠳᠡᠭᠡᠨ ᠣᠮᠳᠠᠭᠠᠨ ᠤ ᠦᠢᠯᠡᠴᠢᠯᠡᠭᠡ ᠬᠠᠩᠭᠠᠵᠤ ᠪᠠᠶᠢᠭ᠎ᠠ ᠡᠳᠡᠭᠡᠳ ᠤᠨ ᠢᠳᠡᠭᠡᠨ ᠤᠮᠳᠠᠭᠠᠨ ᠬᠢᠬᠦ ᠶᠠᠪᠤᠴᠠ ᠶᠢ ᠴᠢᠩᠭ᠎ᠠ ᠪᠠᠶᠢᠴᠠᠭᠠᠵᠡᠢ᠃ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ ᠪᠠᠶᠢᠭ᠎ᠠ ᠡᠳᠡᠭᠡᠳ ᠤᠨ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠪᠡᠯᠡᠳᠬᠡᠮᠵᠢ ᠲᠥᠬᠦᠭᠡᠷᠦᠮᠵᠢ᠂ ᠠᠵᠢᠯᠴᠢᠳ᠂ ᠣᠷᠴᠢᠨ ᠤ ᠡᠷᠡᠬᠦᠯ ᠠᠬᠤᠢ᠂ ᠤᠬᠢᠶᠠᠵᠤ ᠠᠷᠢᠭᠤᠳᠬᠠᠬᠤ ᠵᠡᠷᠭᠡ ᠬᠠᠮᠢᠶᠠᠷᠤᠯᠲᠠ ᠶᠢ ᠵᠢᠷᠤᠮᠵᠢᠭᠤᠯᠵᠤ᠂ ᠪᠣᠯᠪᠠᠰᠤᠷᠠᠭᠤᠯᠤᠨ ᠦᠶᠯᠡᠳᠬᠦ ᠶᠠᠪᠤᠴᠠ ᠵᠡᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠵᠤ ᠴᠢᠩᠭ᠎ᠠ ᠪᠠᠶᠢᠴᠠᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号