ᠯᠢᠨ ᠢ ᠹᠦ᠋ ᠫᠷᠤᠹᠧᠰᠰᠤᠷ ᠤᠨ ᠲᠤᠰᠬᠠᠶ ᠰᠡᠳᠦᠪᠳᠤ ᠮᠡᠳᠡᠬᠦᠯᠦᠯᠳᠡ ᠶᠢᠨ ᠬᠤᠷᠠᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2019/12/23
     12 ᠰᠠᠷ᠎ᠠ ᠶᠢᠨ 20᠎ ᠤ ᠡᠳᠦᠷ᠂ ᠪᠦᠬᠦ ᠤᠯᠤᠰ ᠤᠨ ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ᠂ ᠠᠯᠳᠠᠷᠲᠤ ᠠᠵᠤ ᠠᠬᠤᠢ ᠶᠢᠨ ᠤᠬᠠᠭᠠᠨᠲᠠᠨ ᠯᠢᠨ ᠢ ᠹᠦ᠋ ᠫᠷᠣᠹᠧᠰᠰᠣᠷ ᠤᠷᠢᠯᠭ᠎ᠠ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠲᠤᠰᠬᠠᠶ ᠰᠡᠳᠦᠪᠲᠦ ᠮᠡᠳᠡᠭᠦᠯᠦᠯᠲᠡ ᠬᠢᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦ᠋ ᠰᠢᠶᠣᠤ ᠯᠢᠨ᠂ ᠡᠸᠦ ᠶᠠᠩ ᠰᠢᠶᠣᠤ ᠬᠤᠢ᠂ ᠪᠤᠤ ᠭᠠᠩ᠂ ᠬᠤᠸᠠᠩ ᡁᠢ ᠴᠢᠶᠠᠩ ᠮᠡᠳᠡᠬᠦᠯᠦᠯᠳᠡ ᠶᠢᠨ ᠬᠤᠷᠠᠯ ᠳᠤ ᠣᠷᠣᠯᠴᠠᠵᠤ᠂ ᠵᠧᠩ ᠬᠤᠩ ᠹᠠᠨ ᠮᠡᠳᠡᠬᠦᠯᠦᠯᠳᠡ ᠶᠢᠨ ᠬᠤᠷᠠᠯ ᠳᠡᠬᠡᠷ᠎ᠡ ᠪᠠᠶᠠᠷᠯᠠᠨ ᠤᠭᠲᠤᠬᠤ ᠦᠭᠡ ᠬᠡᠯᠡᠵᠠᠢ᠃      ᠯᠢᠨ ᠢ ᠹᠦ᠋ ᠫᠷᠣᠹᠧᠰᠰᠤᠷ ︽ᠰᠢᠨ᠎ᠡ ᠳᠤᠮᠳᠠᠳᠤ ᠤᠯᠤᠰ ᠤᠨ 70 ᠵᠢᠯ᠂ ᠤᠳᠤ ᠦᠶ᠎ᠡ ᠶᠢᠨ ᠠᠵᠤ ᠠᠬᠤᠢ ᠶᠢᠨ ᠤᠬᠠᠭᠠᠨ ᠤ ᠡᠷᠭᠢᠴᠡᠭᠦᠯᠦᠯ ᠪᠠ ᠰᠢᠨ᠎ᠡ ᠪᠦᠲᠦᠴᠡᠳᠤ ᠠᠵᠤ ᠠᠬᠤᠢ ᠶᠢᠨ ᠤᠬᠠᠭᠠᠨ︾ ᠭᠡᠬᠦ ᠰᠡᠳᠦᠪ ᠢᠶᠠᠷ ᠭᠤᠶᠢᠳᠠ ᠰᠠᠶᠢᠬᠠᠨ ᠮᠡᠳᠡᠬᠦᠯᠦᠯᠳᠡ ᠬᠢᠭᠰᠡᠨ ᠪᠥᠭᠡᠳ ᠲᠤᠬᠠᠶ ᠶᠢᠨ ᠲᠠᠯᠠᠪᠠᠢ ᠶᠢᠨ ᠰᠣᠨᠣᠰᠤᠭᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ ᠬᠤᠷᠠᠯ ᠳᠤ ᠣᠷᠣᠯᠴᠠᠭᠰᠠᠳ᠂ ᠲᠠᠶᠢᠯᠤᠮᠵᠢ ᠨᠢ ᠠᠭᠤᠯᠭ᠎ᠠ ᠪᠠᠷ ᠪᠠᠶᠠᠯᠢᠭ᠂ ᠬᠠᠷᠠᠭᠠᠰᠤ ᠪᠠᠷ ᠦᠷᠬᠡᠨ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠰᠢᠨ᠎ᠡ ᠳᠤᠮᠳᠠᠳᠤ ᠤᠯᠤᠰ ᠤᠨ 70 ᠵᠢᠯ ᠤᠨ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠪᠣᠯᠤᠨ ᠠᠭᠤᠤ ᠶᠡᠭᠡ ᠠᠮᠵᠢᠯᠳᠠ ᠪᠦᠳᠦᠮᠵᠢ ᠶᠢ ᠭᠦᠨᠵᠡᠭᠡᠶ ᠣᠶᠢᠯᠠᠭᠠᠬᠤ ᠳᠤ ᠳᠤᠰᠠᠳᠠᠢ ᠪᠠᠶᠢᠵᠥ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠲᠤᠬᠠᠢ ᠢᠲᠡᠭᠡᠯ ᠵᠤᠷᠢᠭ ᠢ ᠦᠨᠡᠨ ᠬᠦ ᠴᠢᠩᠭᠠᠳᠬᠠᠵᠠᠢ ᠭᠡᠵᠦ ᠢᠯᠡᠳᠬᠡᠵᠡᠬᠡᠪᠡ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠰᠤᠷᠤᠭᠴᠢᠳ ᠤᠨ ᠲᠥᠯᠥᠭᠡᠯᠡᠭᠴᠢ ᠭᠤᠤᠯ ᠬᠤᠷᠠᠯ ᠤᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号