12 ᠳ᠋ᠤᠭᠠᠷ ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ | ᠶᠢᠨ ᠳᠠᠭᠠᠳᠬᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ ᠪᠠ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ | ᠬᠡᠷᠡᠭᠯᠡᠬᠦ ᠡᠮ ᠢ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠳᠠᠩᠰᠠ ᠲᠠᠶᠢᠯᠬᠤ ᠬᠠᠷᠢᠴᠠᠯ ᠢ 50% ᠳᠤ ᠬᠦᠷᠭᠡᠪᠡ᠃ ᠣᠳᠣᠬᠠᠨ ᠳᠤ᠂ | ᠪᠥᠬᠦ ᠣᠷᠣᠨ ᠤ ᠪᠣᠶ ᠪᠦᠬᠦᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠴᠥᠮ ︽ᠬᠤᠶᠠᠷ ᠡᠪᠡᠳᠴᠢᠨ︾ ᠤ | ᠡᠭᠦᠳᠡᠨ ᠡᠮᠨᠡᠯᠭᠡ ᠳᠤ ᠡᠮ ᠬᠡᠷᠡᠭᠯᠡᠬᠦ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠢᠭᠡᠨᠲᠡ ᠨᠡᠶᠢᠳᠡᠯᠡᠵᠤ | ᠬᠠᠷᠠᠭᠠᠯᠵᠠᠯ ᠢ ᠡᠬᠢᠯᠡᠨ ᠪᠣᠳᠠᠳᠠᠶᠢᠵᠢᠭᠤᠯᠪᠠ᠃ | ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ︿ᠬᠤᠶᠠᠷ ᠡᠪᠡᠳᠴᠢᠨ﹀ ᠤ | ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠬᠡᠪᠴᠢᠶ᠎ᠡ ᠪᠠ ᠬᠠᠷᠠᠭᠠᠯᠵᠠᠯ ᠤᠨ ᠬᠢᠷᠢ ᠲᠦᠪᠰᠢᠨ ᠢ | ᠲᠣᠭᠳᠠᠭᠠᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠴᠢᠰᠤᠨ ᠳᠠᠷᠤᠯᠲᠠ ᠥᠨᠳᠥᠷ ᠡᠪᠡᠳᠴᠢᠨ ᠪᠠ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠶᠢᠨ ᠡᠮ | ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠵᠢᠭᠦᠯᠦᠯᠳᠡ ᠶᠢᠨ ᠲᠥᠰᠦᠯ︾ ᠢ ᠳᠠᠷᠤᠮᠠᠯᠯᠠᠨ | ᠲᠠᠷᠬᠠᠭᠠᠪᠠ᠃ ᠬᠡᠷᠡᠭᠵᠢᠭᠦᠯᠬᠦ ᠲᠥᠰᠦᠯ ᠳᠤ ᠪᠠᠲᠤᠯᠠᠭ᠎ᠠ ᠶᠢᠨ ᠡᠲᠡᠭᠡᠳ ᠨᠢ ᠮᠠᠨ ᠤ ᠣᠷᠣᠨ ᠤ ᠬᠤᠲᠠ ᠬᠥᠳᠡᠭᠡ | ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠵᠢᠷᠤᠮᠵᠢᠯ ᠲᠠᠢ ᠣᠨᠣᠰᠢᠯᠠᠬᠤ ᠪᠠᠷ | ᠳᠠᠮᠵᠢᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠭᠡᠵᠦ ᠲᠣᠳᠣᠯᠠᠭᠰᠠᠨ ᠤ ᠳᠠᠷᠠᠭ᠎ᠠ᠂ ᠴᠢᠰᠤᠨ | ᠳᠠᠷᠤᠯᠲᠠ ᠶᠢ ᠪᠠᠭᠤᠷᠠᠭᠤᠯᠬᠤ᠂ ᠴᠢᠰᠤᠨ ᠰᠢᠬᠢᠷ ᠢ ᠪᠠᠭᠤᠷᠠᠭᠤᠯᠬᠤ ᠡᠮ ᠤᠤᠭᠤᠬᠤ ᠴᠢᠬᠤᠯᠠᠲᠠᠶ ︽ᠬᠤᠶᠠᠷ | ᠡᠪᠡᠳᠴᠢᠨ︾ ᠤ ᠡᠪᠡᠳᠴᠢᠲᠡᠨ ᠭᠡᠳᠡᠭ ᠢ ᠲᠣᠳᠣᠷᠬᠠᠶᠢᠯᠠᠵᠡᠢ᠃ ᠡᠮ ᠬᠡᠷᠡᠭᠯᠡᠬᠦ ᠬᠡᠪᠴᠢᠶ᠎ᠡ ᠶᠢ ᠬᠠᠮᠤᠭ ᠤᠨ ᠰᠢᠨ᠎ᠡ | ᠬᠡᠪᠯᠡᠯ ᠤᠨ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠶᠯ ᠤᠨ ᠭᠠᠷᠴᠠᠭ ᠲᠤ | ᠵᠢᠭᠰᠠᠭᠠᠭᠰᠠᠨ ᠲᠥᠷᠥᠯ ᠵᠦᠶᠯ ᠤᠨ ᠬᠡᠪᠴᠢᠶᠡᠨ ᠳᠣᠲᠣᠷ᠎ᠠ᠂ ︽ᠭᠠᠷᠴᠠᠭ ᠤᠨ ᠬᠥᠬᠡ ᠲᠥᠷᠥᠯ ᠤᠨ ᠡᠮ ᠤᠨ ᠵᠦᠶᠯ | ᠢ ᠤᠷᠢᠳ ᠢᠶᠠᠷ ᠰᠣᠩᠭᠤᠨ ᠬᠡᠷᠡᠭᠯᠡᠬᠦ᠂ ᠤᠯᠤᠰ ᠤᠨ ᠦᠨᠳᠦᠰᠦᠨ ᠡᠮ ᠤᠨ ᠵᠦᠶᠯ ᠢ ᠤᠷᠢᠳ ᠢᠶᠠᠷ ᠰᠣᠩᠭᠤᠨ | ᠬᠡᠷᠡᠭᠯᠡᠬᠦ᠂ ᠦᠨᠡᠯᠡᠯᠲᠡ ᠳᠤ ᠬᠢᠷᠢ ᠲᠡᠩᠴᠡᠭᠰᠡᠨ ᠲᠥᠷᠥᠯ ᠵᠦᠶᠯ ᠢ ᠤᠷᠢᠳ ᠢᠶᠠᠷ ᠰᠣᠩᠭᠤᠨ ᠬᠡᠷᠡᠭᠯᠡᠬᠦ᠂ | ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠤ ᠰᠣᠩᠭᠤᠭᠳᠠᠭᠰᠠᠨ ᠡᠮ ᠤᠨ ᠵᠦᠶᠯ ᠢ ᠤᠷᠢᠳ | ᠢᠶᠠᠷ ᠰᠣᠩᠭᠤᠨ ᠬᠡᠷᠡᠭᠯᠡᠬᠦ︾ ᠵᠠᠷᠴᠢᠮ ᠶᠣᠰᠣᠭᠠᠷ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ︽ᠬᠤᠶᠠᠷ ᠡᠪᠡᠳᠴᠢᠨ︾ ᠤ | ᠡᠪᠡᠳᠴᠢᠲᠡᠨ ᠤ ᠡᠭᠦᠳᠡᠨ ᠡᠮᠨᠡᠯᠭᠡ ᠶᠢᠨ ᠴᠢᠰᠤᠨ ᠳᠠᠷᠤᠯᠲᠠ ᠶᠢ ᠪᠠᠭᠤᠷᠠᠭᠤᠯᠬᠤ᠂ ᠴᠢᠰᠤᠨ ᠰᠢᠬᠢᠷ ᠢ | ᠪᠠᠭᠤᠷᠠᠭᠤᠯᠬᠤ ᠳᠤ ᠲᠠᠨᠢᠯᠴᠠᠭᠤᠯᠣᠭᠰᠠᠨ ᠡᠮ ᠤᠨ ᠵᠦᠶᠯ ᠢ ᠬᠡᠷᠡᠭᠯᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠭᠰᠠᠨ | ᠪᠥᠭᠡᠳ ᠵᠣᠬᠢᠴᠠᠩᠭᠤᠶ ᠲᠥᠯᠥᠬᠦ ᠪᠠᠷᠢᠮᠵᠢᠶ᠎ᠠ ᠶᠢ ᠲᠣᠭᠲᠠᠭᠠᠪᠠ᠃ ᠣᠳᠣ ᠶᠢᠨ ᠪᠠᠶᠢᠭ᠎ᠠ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠠᠳᠤᠶ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ︽ᠬᠤᠶᠠᠷ ᠡᠪᠡᠳᠴᠢᠨ︾ ᠤ ᠡᠪᠡᠳᠴᠢᠲᠡᠨ ᠳᠤ | ᠤᠤᠭᠤᠭᠰᠠᠨ ᠴᠢᠰᠤᠨ ᠳᠠᠷᠤᠯᠲᠠ ᠶᠢ ᠪᠠᠭᠤᠷᠠᠭᠤᠯᠬᠤ᠂ ᠴᠢᠰᠤᠨ ᠰᠢᠬᠢᠷ ᠢ ᠪᠠᠭᠤᠷᠠᠭᠤᠯᠬᠤ ᠡᠮ ᠤᠨ ᠵᠦᠶᠯ ᠳᠤ | ᠡᠭᠦᠳᠡᠨ ᠡᠮᠨᠡᠯᠭᠡ ᠶᠢᠨ ᠪᠠᠲᠤᠯᠠᠭ᠎ᠠ ᠳᠤ ᠡᠬᠢᠯᠡᠵᠦ ᠲᠥᠯᠥᠬᠦ ᠱᠤᠭᠤᠮ ᠲᠣᠭᠳᠠᠭᠠᠬᠤ ᠦᠬᠡᠢ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠣᠳᠣᠷ᠎ᠠ 50% ᠶᠢᠨ ᠬᠠᠷᠢᠴᠠᠯ ᠢᠶᠠᠷ ᠲᠦᠯᠦᠵᠤ᠂ ᠵᠢᠯ ᠤᠨ ᠬᠠᠮᠤᠭ ᠤᠨ ᠥᠨᠳᠥᠷ | ᠲᠦᠯᠦᠬᠦ ᠬᠢᠵᠠᠭᠠᠷ ᠨᠢ ᠴᠢᠰᠤᠨ ᠳᠠᠷᠤᠯᠲᠠ ᠦᠨᠳᠣᠷ ᠡᠪᠡᠳᠴᠢᠳᠡᠨ 300 ᠲᠥᠭᠦᠷᠢᠭ᠂ ᠰᠢᠬᠢᠷ ᠰᠢᠵᠢᠩ | ᠡᠪᠡᠳᠴᠢᠳᠡᠨ 600 ᠲᠥᠭᠦᠷᠢᠭ᠂ ︽ᠬᠤᠶᠠᠷ ᠡᠪᠡᠳᠴᠢᠨ︾ ᠳᠠᠪᠬᠤᠷᠳᠠᠭᠰᠠᠨ ᠡᠪᠡᠳᠴᠢᠳᠡᠨ 600 ᠲᠥᠭᠦᠷᠢᠭ | ᠪᠣᠯᠤᠨ᠎ᠠ᠃ | ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ | ᠥᠨᠳᠥᠷ ᠡᠪᠡᠳᠴᠢᠳᠡᠨ ᠪᠠ ᠰᠢᠬᠢᠷ ᠰᠢᠵᠢᠩ ᠡᠪᠡᠳᠴᠢᠲᠡᠨ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠵᠠᠷᠤᠳᠠᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯᠤᠨ᠎ᠠ᠃ |