ᠱᠢ ᠲᠠᠢ ᠹᠧᠩ ᠤᠯᠠᠭᠠᠨᠴᠠᠪ ᠬᠤᠲᠠ ᠳᠤ ᠳᠠᠭ᠎ᠠ ᠶᠢᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠪᠠᠷᠢᠮᠲᠠᠯᠠᠵᠥ ᠳᠠᠭ᠎ᠠ ᠶᠢᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2019/12/23
     12 ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠳᠤ ᠭᠦᠨᠵᠡᠭᠡᠶᠢᠷᠡᠨ ᠳᠠᠭ᠎ᠠ ᠶᠢᠨ ᠨᠠᠭᠤᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠣᠷᠣᠨ ᠤ ︽ᠭᠤᠷᠪᠠᠨ ᠨᠠᠭᠤᠷ︾᠎ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠳᠠ ᠎ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠵᠤ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠳᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠱᠢ ᠲᠠᠢ ᠹᠧᠩ ︽ᠭᠤᠷᠪᠠᠨ ᠨᠠᠭᠤᠷ︾᠎ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠳᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠤᠢ᠃ ᠲᠡᠷᠡ ᠴᠠᠰᠤᠨ ᠳᠤᠮᠳᠠᠭᠤᠷ ᠳᠠᠭ᠎ᠠ ᠶᠢᠨ ᠨᠠᠭᠤᠷ ᠤᠨ ᠡᠮᠦᠨ᠎ᠡ ᠡᠷᠭᠢ ᠳᠤ ᠬᠦᠷᠴᠦ᠂ ᠳᠠᠭ᠎ᠠ ᠶᠢᠨ ᠨᠠᠭᠤᠷ ᠤᠨ ᠪᠣᠬᠢᠷᠲᠤᠭᠰᠠᠨ ᠰᠢᠯᠲᠠᠭᠠᠨ᠂ ᠤᠰᠤᠨ ᠤ ᠴᠢᠨᠠᠷ ᠤᠨ ᠬᠢᠨᠠᠨ ᠬᠡᠮᠵᠢᠯᠲᠡ᠂ ᠵᠠᠰᠠᠯᠲᠠ ᠶᠢᠨ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠳᠠᠭ᠎ᠠ ᠶᠢᠨ ᠨᠠᠭᠤᠷ ᠤᠨ ᠪᠣᠬᠢᠷᠲᠤᠯ ᠦᠩᠬᠡᠨ ᠳᠡᠭᠡᠷ᠎ᠠ ᠪᠠᠨ ᠤᠰᠤᠨ ᠳᠤ ᠪᠠᠶᠢᠪᠠᠴᠤ ᠡᠬᠢ ᠦᠨᠳᠦᠰᠦ ᠨᠢ ᠡᠷᠭᠢ ᠪᠠ ᠰᠠᠪᠠ ᠭᠠᠵᠠᠷ ᠳᠤ ᠪᠤᠢ᠂ ᠶᠡᠭᠡ ᠬᠦᠴᠦ ᠤᠷᠤᠭᠤᠯᠵᠥ ᠪᠠᠶᠢᠭᠠᠳ ᠪᠣᠬᠢᠷᠲᠤᠯ ᠤᠨ ᠪᠣᠶ ᠪᠣᠯᠤᠭᠰᠠᠨ ᠰᠢᠯᠲᠠᠭᠠᠨ ᠢ ᠡᠷᠢᠨ ᠲᠤᠳᠤᠷᠬᠠᠢᠢᠯᠠᠵᠤ᠂ ᠪᠣᠬᠢᠷᠲᠤᠯ ᠤᠨ ᠡᠬᠢ ᠶᠢ ᠦᠨᠡᠨ ᠪᠤᠳᠠᠳᠠᠢ ᠤᠨᠤᠪᠴᠢᠳᠠᠢ ᠪᠠᠶᠢᠴᠠᠭᠠᠨ ᠲᠣᠳᠣᠯᠠᠵᠤ᠂ ᠨᠠᠩ ᠴᠢᠭᠯᠡᠭᠦᠯᠦᠯᠲᠤ ᠴᠢᠨᠠᠷᠲᠠᠶ᠂ ᠨᠠᠩ ᠪᠦᠳᠦᠮᠵᠢᠳᠠᠢ ᠪᠠᠷ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ ᠱᠢ ᠲᠠᠢ ᠹᠧᠩ ᠴᠠᠬᠢᠯᠭᠠᠨ ᠤ ᠦᠢᠯᠡᠳᠪᠦᠷᠢ ᠶᠢᠨ ᠤᠰᠤ ᠭᠠᠷᠭᠠᠬᠤ ᠠᠮᠠᠰᠠᠷ ᠢ ᠪᠢᠲᠡᠭᠦᠮᠵᠢᠯᠡᠭᠰᠡᠨ ᠪᠠᠶᠢᠳᠠᠯ᠂ ᠨᠤᠭᠤ ᠭᠠᠵᠠᠷ ᠢ ᠬᠦᠷᠢᠶᠡᠯᠡᠨ ᠪᠢᠲᠡᠭᠦᠮᠵᠢᠯᠡᠭᠰᠡᠨ ᠪᠠᠶᠢᠳᠠᠯ᠂ ᠳᠠᠭ᠎ᠠ ᠶᠢᠨ ᠨᠠᠭᠤᠷ ᠢ ᠳᠤᠭᠤᠢᠢᠯᠠᠭᠰᠠᠨ ᠨᠣᠭᠤᠭᠠᠷᠠᠭᠤᠯᠤᠯᠳᠠ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠠᠬᠢᠯᠭᠠᠨ ᠤ ᠦᠢᠯᠡᠳᠪᠦᠷᠢ ᠶᠢᠨ ᠤᠰᠤᠨ ᠤ ᠬᠥᠷᠥᠭᠡᠯᠲᠡ ᠶᠢ ᠰᠠᠯᠬᠢᠨ ᠤ ᠬᠥᠷᠥᠭᠡᠯᠲᠡ ᠪᠤᠯᠭᠠᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠤᠰᠤ ᠠᠷᠪᠢᠯᠠᠬᠤ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠲᠡᠵᠢᠭᠡᠨ ᠦᠷᠡᠵᠢᠭᠦᠯᠬᠦ ᠦᠢᠯᠡᠰ ᠢ ᠴᠠᠭᠠᠵᠠᠯᠠᠬᠤ ᠣᠷᠣᠨ ᠤ ᠲᠡᠵᠢᠭᠡᠨ ᠦᠷᠡᠵᠢᠭᠦᠯᠬᠦ ᠲᠠᠯᠠᠪᠠᠢ ᠶᠢ ᠨᠤᠷᠠᠭᠠᠵᠤ ᠨᠡᠭᠦᠯᠭᠡᠨ ᠴᠡᠪᠡᠷᠯᠡᠭᠰᠡᠨ ᠪᠠᠶᠢᠳᠠᠯ ᠢ ᠪᠠᠶᠢᠴᠠᠭᠠᠪᠠ᠃ ᠱᠢ ᠲᠠᠢ ᠹᠧᠩ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠭ᠎ᠠ ᠶᠢᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠬᠤ ᠶᠢ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠶᠢᠨ ᠪᠣᠳᠠᠲᠤ ᠠᠵᠢᠯᠯᠠᠭ᠎ᠠ ᠪᠠᠨ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠤᠨ ᠤᠯᠤᠰ ᠲᠥᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠰᠡᠳᠬᠢᠮᠵᠢ ᠪᠠᠨ ᠲᠤᠳᠤᠷᠬᠠᠢᠢᠯᠠᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠵᠠᠰᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠤᠰᠤ ᠪᠤᠬᠢᠷᠳᠤᠪᠠᠯ ᠤᠰᠤ ᠶᠢ ᠯᠡ ᠵᠠᠰᠠᠵᠤ ᠪᠣᠯᠬᠤ ᠦᠭᠡᠢ᠂ ᠡᠷᠬᠡᠪᠰᠢ ᠪᠦᠬᠦ ᠰᠠᠪᠠ ᠭᠠᠵᠠᠷ ᠠᠴᠠ ᠭᠠᠷᠳᠠᠨ ᠵᠠᠰᠠᠯᠳᠡ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠵᠥ ᠦᠢᠯᠡᠳᠪᠦᠷᠢ᠂ ᠳᠠᠷᠢᠶᠠᠯᠠᠩ᠂ ᠠᠮᠢᠳᠤᠷᠠᠯ ᠤᠨ ᠬᠤᠭ ᠨᠤᠪᠰᠢ ᠵᠡᠷᠬᠡ ᠪᠤᠬᠢᠷᠳᠤᠯ ᠤᠨ ᠡᠬᠢ ᠶᠢᠨ ᠳᠠᠭ᠎ᠠ ᠶᠢᠨ ᠨᠠᠭᠤᠷ ᠳᠤ ᠦᠵᠡᠭᠦᠯᠬᠦ ᠨᠥᠯᠥᠭᠡ ᠶᠢ ᠦᠨᠳᠦᠰᠦ ᠠᠴᠠ ᠨᠢ ᠠᠷᠢᠯᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠱᠢ ᠲᠠᠢ ᠹᠧᠩ ᠪᠠᠰᠠ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠠᠭ᠎ᠠ ᠶᠢᠨ ᠨᠠᠭᠤᠷ ᠤᠨ ᠴᠠᠨᠠᠯᠠᠯᠳᠠ ᠶᠢᠨ ᠲᠠᠯᠠᠪᠠᠢ ᠶᠢ ᠰᠢᠨᠵᠢᠯᠡᠨ ᠪᠠᠶᠢᠴᠠᠭᠠᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠪᠡᠯᠡᠳᠬᠡᠯ ᠠᠵᠢᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠪᠤᠯᠪᠠᠰᠤᠷᠠᠵᠤ ᠪᠠᠶᠢᠬᠰᠠᠨ ᠲᠠᠮᠢᠷᠴᠢᠳ ᠪᠣᠯᠤᠨ ᠳᠠᠰᠬᠠᠯᠵᠢᠭᠤᠯᠤᠭᠴᠢ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠢ ᠪᠣᠯᠪᠠᠰᠤᠷᠠᠯ ᠢᠶᠠᠨ ᠴᠢᠩᠭᠠᠳᠬᠠᠨ᠂ ᠪᠦᠬᠦ ᠬᠦᠴᠦᠨ ᠢᠶᠠᠷ ᠢᠶᠠᠨ ᠤᠷᠤᠯᠳᠤᠭᠠᠨ ᠳᠤ ᠪᠡᠯᠡᠳᠭᠡᠵᠦ᠂ ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠭᠠᠷᠠᠢ ᠬᠡᠵᠥ ᠵᠤᠷᠢᠬᠵᠢᠭᠤᠯᠪᠠ᠃ ᠲᠡᠷᠡ᠂ ᠤᠷᠤᠯᠳᠤᠭᠠᠨ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷᠯᠢᠭ ᠰᠠᠶᠢᠨ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠭᠰᠢᠲᠠᠶ ᠶᠠᠪᠤᠭᠳᠠᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠡᠯᠡᠳᠬᠡᠨ ᠡᠷᠬᠢᠯᠡᠬᠦ ᠴᠢᠬᠤᠯᠠ ᠠᠵᠠ ᠲᠣᠬᠢᠶᠠᠯ ᠢ ᠠᠳᠬᠤᠵᠤ᠂ ᠡᠬᠢ ᠪᠠᠶᠠᠯᠢᠭ ᠪᠠ ᠲᠠᠯᠠᠪᠤᠷ ᠭᠠᠵᠠᠷ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠬᠦ ᠪᠠᠷ ᠨᠠᠷᠢᠨ ᠨᠢᠮᠪᠠᠶ ᠲᠥᠯᠥᠪᠯᠡᠵᠦ᠂ ᠮᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠶᠡᠨ ᠲᠠᠢ ᠪᠣᠯᠭᠠᠬᠤ ᠬᠡᠷᠡᠭᠲᠡᠶ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠣᠣ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号