ᠮᠠ ᠰᠢᠤᠸᠠᠢ ᠵᠢᠶᠦ᠋ᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠵᠠᠰᠠᠭ ᠤᠨ ᠤᠷᠳᠤᠨ ᠤ ᠠᠵᠢᠯ ᠎ ᠤᠨ ᠢᠯᠡᠳᠬᠡᠯ ᠤᠨ ᠲᠤᠬᠠᠢ ᠰᠠᠨᠠᠯ ᠰᠠᠨᠠᠭᠤᠯᠭ᠎ᠠ ᠬᠤᠷᠢᠶᠡᠪᠠ
ᠨᠡᠶᠢᠲᠡᠯᠡᠭᠰᠡᠨ ᠴᠠᠭ᠄
2019/12/23
     12 ᠰᠠᠷ᠎ᠠ ᠶᠢᠨ 22᠎ ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠲᠠᠷᠢᠬᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠶᠠᠷᠢᠯᠴᠠᠬᠤ ᠬᠤᠷᠡᠯ ᠢ ᠡᠷᠬᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠬᠰᠠᠠ ᠨᠠᠮ ᠪᠦᠯᠥᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠥᠭ ᠤᠨ ᠪᠤᠰᠤ ᠬᠦᠮᠥᠰ ᠪᠤᠯᠤᠨ ᠵᠠᠰᠠᠭ ᠤᠨ ᠤᠷᠳᠤᠨ ᠤ ᠵᠦᠪᠯᠡᠭᠴᠢ᠂ ᠰᠤᠶᠤᠯ ᠲᠡᠤᠬᠡ ᠶᠢᠨ ᠤᠷᠳᠤᠨ ᠤ ᠠᠯᠪᠠᠨ ᠲᠤᠰᠢᠶᠠᠯᠳᠠᠨ ᠠᠴᠠ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠪᠠ᠃      ᠬᠤᠷᠠᠯ ᠲᠠᠬᠡᠷ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠬᠡᠰᠢᠬᠦᠨ ᠯᠢ ᠷᠦᠡᠭ ᠰᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠬᠡᠰᠢᠬᠦᠨ ᠵᠧᠩ ᠹᠦ᠋ ᠲᠢᠶᠠᠨ ᠪᠤᠯᠤᠨ ᠳᠤᠮᠳᠠᠳᠤ ᠤᠯᠤᠰ ᠤᠨ ᠭᠤᠮᠢᠨᠳᠠᠩ ᠨᠠᠮ ᠎ ᠤᠨ ᠬᠤᠪᠢᠰᠬᠠᠯᠲᠤ ᠬᠤᠷᠢᠶ᠎ᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ᠂ ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ ᠤᠨ ᠲᠦᠯᠦᠬᠡᠯᠡᠭᠴᠢ᠂ ᠵᠠᠰᠠᠭ ᠤᠨ ᠤᠷᠳᠤᠨ ᠤ ᠵᠦᠪᠯᠡᠭᠴᠢ ᠪᠤᠯᠤᠨ ᠰᠤᠶᠤᠯ ᠲᠡᠤᠬᠡ ᠶᠢᠨ ᠤᠷᠳᠤᠨ ᠤ ᠠᠯᠪᠠᠨ ᠲᠤᠰᠢᠶᠠᠯᠳᠠᠨ ᠤ ᠲᠦᠯᠦᠬᠡᠯᠡᠭᠴᠢ ᠦᠬᠡ ᠬᠡᠯᠡᠪᠡ᠃ ᠤᠯᠠᠨ ᠢᠶᠠᠷ ᠢᠶᠠᠨ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠶᠢ ᠴᠢᠩᠭᠠᠳᠬᠠᠬᠤ ᠵᠡᠷᠬᠡ ᠲᠠᠯ᠎ᠠ ᠶᠢᠨ ᠲᠤᠭᠤᠷᠢᠨ ᠳᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠵᠢᠴᠢ ᠵᠠᠰᠠᠭ ᠤᠨ ᠤᠷᠳᠤᠨ ᠤ ᠠᠵᠢᠯ ᠳᠤ 70 ᠭᠠᠷᠤᠢ ᠬᠤᠪᠢ ᠰᠠᠨᠠᠯ ᠰᠠᠨᠠᠭᠤᠯᠭ᠎ᠠ ᠲᠤᠷᠠᠳᠴᠠᠢ᠃ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤᠯᠠᠨ ᠤ ᠲᠤᠷᠠᠳᠤᠭᠰᠠᠠ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠤᠨ ᠰᠢᠩᠬᠡᠬᠡᠵᠥ᠂ ᠢᠯᠡᠳᠬᠡᠯ ᠢ ᠴᠢᠨᠠᠬᠰᠢᠳᠠ ᠵᠠᠰᠠᠪᠤᠷᠢ ᠤᠷᠤᠭᠤᠯᠵᠤ ᠲᠡᠬᠦᠯᠳᠡᠷᠵᠢᠬᠦᠯᠤᠨ᠎ᠠ ᠬᠡᠵᠥ ᠢᠯᠡᠳᠬᠡᠪᠡ᠃ ᠮᠠ ᠰᠢᠤᠸᠠᠢ ᠵᠢᠶᠦ᠋ᠨ᠂ ᠤᠯᠠᠨ ᠢᠶᠠᠷ ᠢᠶᠠᠨ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠦᠩᠬᠡᠷᠡᠭᠰᠡᠡ ᠲᠠᠢ ᠪᠠᠨ ᠠᠳᠠᠯᠢ ᠪᠠᠷ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠢ ᠬᠠᠯᠠᠮᠵᠢᠯᠠᠨ ᠲᠡᠮᠵᠢᠵᠥ᠂ ᠲᠠᠪᠠᠭᠤᠯᠢᠭ ᠢᠶᠠᠨ ᠪᠠᠳᠠᠷᠠᠭᠤᠯᠤᠨ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠬᠦᠵᠥ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠬᠤ᠂ ᠪᠦᠳᠦᠮᠵᠢᠳᠡᠢ ᠪᠠᠷ ᠲᠦᠷᠦ ᠶᠢᠨ ᠪᠤᠳᠤᠯᠭ᠎ᠠ ᠬᠡᠷᠡᠭᠵᠢᠬᠦᠯᠬᠦ ᠳᠤ ᠴᠢᠬᠤᠯᠠ ᠯᠠᠪᠯᠠᠯᠳᠠ ᠪᠤᠯᠭᠠᠬᠤ ᠦᠨᠳᠦᠰᠦᠯᠡᠯ ᠬᠠᠩᠭᠠᠵᠥ᠂ ᠦᠪᠡᠷᠳᠡᠭᠡᠨ ᠵᠠᠰᠠᠬᠤ ᠤᠷᠤᠨ ᠤ ᠠᠵᠥ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠎ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠢᠬᠡᠳᠤᠮᠡᠯ ᠹᠷᠤᠨᠲ ᠤᠨ ᠬᠡᠯᠳᠡᠰ᠂ ᠵᠠᠰᠠᠭ ᠤᠨ ᠤᠷᠳᠤᠨ ᠤ ᠠᠯᠪᠠᠨ ᠲᠢᠩᠬᠢᠮ᠂ ᠰᠤᠳᠤᠯᠬᠤ ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠶᠠᠷᠢᠯᠴᠠᠬᠤ ᠬᠤᠷᠡᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号