ᠳᠥᠷᠪᠡᠳᠦᠭᠡᠷ ᠬᠤᠭᠤᠴᠠᠭᠠᠠ ᠤ ᠲᠤᠮᠲᠠᠲᠤ ᠤᠯᠤᠰ ᠤᠨ ᠵᠡᠮᠲᠡᠭᠴᠤᠳ ᠤᠨ ᠮᠦᠰᠦ ᠴᠠᠰᠤᠨ ᠤ ᠪᠡᠶ᠎ᠠ ᠶᠢᠨ ᠲᠠᠮᠢᠷ ᠤᠨ ᠤᠯᠠᠷᠢᠯ ᠤᠨ ᠭᠤᠤᠯ ᠲᠠᠯᠠᠪᠤᠷ ᠤᠨ ᠰᠢᠷᠢᠰ ᠠᠵᠢᠯᠯᠠᠭ᠎ᠠ ᠡᠬᠢᠯᠡᠵᠠᠢ  ᠸᠠᠩ ᠮᠸᠢ ᠮᠸᠢ ᠤᠷᠤᠯᠴᠠᠵᠦ ᠡᠸᠤ ᠶᠠᠩ ᠰᠢᠶᠤᠤ ᠬᠤᠢ ᠪᠠᠶᠠᠷ ᠤᠨ ᠦᠭᠡ ᠬᠡᠯᠡᠵᠠᠢ
ᠨᠡᠶᠢᠲᠡᠯᠡᠭᠰᠡᠨ ᠴᠠᠭ᠄
2019/12/23
     12 ᠰᠠᠷ᠎ᠠ ᠶᠢᠨ 22᠎ ᠤᠨ ᠡᠲᠦᠷ᠂ ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠠ ᠢ ᠲᠡᠮᠵᠢᠵᠦ᠂ ᠮᠦᠰᠦ ᠴᠠᠰᠤᠨ ᠤ ᠬᠠᠪᠤ ᠴᠡᠩᠭᠡᠯ ᠢ ᠡᠳ᠋ᠯᠡᠵᠦ᠂ ᠡᠷᠡᠭᠦᠯᠵᠢᠵᠦ ᠪᠡᠶ᠎ᠠ ᠴᠤᠭᠴᠠᠰ ᠢᠶᠠᠨ ᠪᠤᠯᠪᠠᠰᠤᠷᠠᠵᠦ᠂ ᠴᠢᠨᠡᠭᠡᠯᠢᠭ ᠨᠡᠶᠢᠭᠡᠮ ᠢ ᠪᠠᠶᠠᠷᠯᠠᠠ ᠤᠭᠲᠤᠨᠠᠮ︾ ᠭᠡᠬᠦ ᠭᠤᠤᠯ ᠰᠡᠲᠦᠪᠲᠦ ᠲᠦᠷᠪᠡᠲᠦᠭᠡᠷ ᠬᠤᠭᠤᠴᠠᠭᠠᠠ ᠤ ᠲᠤᠮᠲᠠᠲᠤ ᠤᠯᠤᠰ ᠎ ᠤᠨ ᠵᠡᠮᠲᠡᠭᠴᠤᠳ ᠤᠨ ᠮᠦᠰᠦ ᠴᠠᠰᠤᠨ ᠤ ᠪᠡᠶ᠎ᠠ ᠶᠢᠨ ᠲᠠᠮᠢᠷ ᠤᠨ ᠤᠯᠠᠷᠢᠯ ᠤᠨ ᠭᠤᠤᠯ ᠲᠠᠯᠠᠪᠤᠷ ᠤᠨ ᠰᠢᠷᠢᠰ ᠠᠵᠢᠯᠯᠠᠭ᠎ᠠ ᠷᠠᠰᠢᠶᠠᠠ ᠳᠤ ᠡᠬᠢᠯᠡᠵᠠᠢ᠃      ᠲᠤᠮᠲᠠᠲᠤ ᠤᠯᠤᠰ ᠤᠨ ᠵᠡᠮᠲᠡᠭᠴᠤᠳ ᠤᠨ ᠬᠤᠯᠪᠤᠭ᠎ᠠ ᠶᠢᠨ ᠨᠠᠮ ᠤᠨ ᠤᠲᠤᠷᠢᠳᠬᠤ ᠲᠤᠭᠤᠢᠢᠯᠠᠩ ᠤᠨ ᠭᠡᠰᠢᠭᠦᠨ᠂ ᠲᠡᠳ᠋ ᠭᠡᠷᠡᠭ ᠡᠷᠬᠢᠯᠡᠭᠴᠢᠳ ᠤᠨ ᠲᠠᠷᠤᠭ᠎ᠠ ᠸᠠᠩ ᠮᠸᠢ ᠮᠸᠢ ᠡᠬᠢᠯᠡᠬᠦ ᠶᠤᠰᠤᠯᠠᠯ ᠳᠤ ᠤᠷᠤᠯᠴᠠᠵᠦ᠂ ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠪᠠᠶᠠᠷ ᠤᠨ ᠦᠭᠡ ᠬᠡᠯᠡᠵᠠᠢ᠃      ᠡᠸᠤ ᠶᠠᠩ ᠰᠢᠶᠤᠤ ᠬᠤᠢ ᠪᠠᠶᠠᠷ ᠤᠨ ᠦᠭᠡᠡ ᠳᠡᠭᠡᠨ᠂ ᠵᠡᠮᠲᠡᠭᠴᠤᠳ ᠤᠨ ᠮᠦᠰᠦ ᠴᠠᠰᠤᠨ ᠤ ᠲᠠᠮᠢᠷ ᠤᠨ ᠬᠦᠲᠡᠯᠭᠡᠭᠡᠡ ᠢ ᠡᠷᠬᠢᠯᠡᠬᠦ ᠪᠤᠯ ᠶᠡᠷᠦᠩᠭᠡᠢ ᠱᠦᠵᠢ ᠰᠢ ᠶᠢᠨ ᠫᠢᠩ ᠤᠨ ᠵᠡᠮᠲᠡᠭᠴᠤᠳ ᠢ ︽ᠲᠤᠩ ᠬᠠᠶᠢᠷᠠᠯᠠᠠ ᠬᠠᠯᠠᠮᠵᠢᠯᠠᠵᠦ᠂ ᠲᠤᠩ ᠠᠩᠬᠠᠷᠴᠤ ᠪᠠᠶᠢᠬᠤ︾ ᠪᠠ ︽ᠭᠤᠷᠪᠠᠠ ᠳ᠋ᠦᠩᠰᠢᠭᠤᠷ ᠬᠦᠮᠦᠨ ᠢ ᠲᠠᠶᠢᠴᠢᠯᠠᠵᠦ ᠮᠦᠰᠦ ᠴᠠᠰᠤᠨ ᠤ ᠲᠡᠮᠢᠷ ᠤᠨ ᠬᠦᠲᠡᠯᠭᠡᠭᠡᠡ ᠳᠤ ᠤᠷᠤᠯᠴᠠᠭᠤᠯᠬᠤ︾ ᠭᠡᠬᠦ ᠤᠷᠢᠶᠠᠯᠠᠭ᠎ᠠ ᠶᠢ ᠴᠤᠤᠷᠢᠶᠠᠲᠤᠨ ᠲᠠᠭᠠᠬᠤ ᠴᠢᠬᠤᠯᠠ ᠠᠷᠭ᠎ᠠ ᠬᠡᠮᠵᠢᠶ᠎ᠠ ᠪᠠᠶᠢᠵᠤ᠂ 2020 ᠣᠨ ᠤ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ᠂ ᠡᠪᠤᠯ ᠤᠨ ᠤᠯᠠᠷᠢᠯ ᠤᠨ ᠵᠡᠮᠳᠡᠭᠴᠤᠳ ᠤᠨ ᠤᠯᠢᠮᠫᠢᠺ ᠤᠨ ᠲᠠᠮᠢᠷ ᠤᠨ ᠴᠤᠬᠯᠠᠭᠠᠨ ᠤ ᠨᠢᠭᠡ ᠵᠦᠢᠯ ᠤᠨ ᠴᠢᠬᠤᠯᠠ ᠠᠵᠢᠯᠯᠠᠭ᠎ᠠ ᠪᠤᠯᠬᠤ ᠪᠦᠭᠡᠳ ᠪᠠᠰᠠ ᠴᠤ ᠦᠷᠭᠡᠨ ᠤᠯᠠᠨ ᠵᠡᠮᠳᠡᠭᠴᠤᠳ ᠤᠨ ᠴᠦᠬᠦᠷᠡᠰᠢ ᠦᠭᠡᠢ ᠴᠢᠷᠮᠠᠶᠢᠵᠤ᠂ ᠠᠮᠢᠳᠤᠷᠠᠯ ᠢ ᠬᠠᠶᠢᠷᠠᠯᠠᠵᠤ᠂ ᠦᠪᠡᠷ ᠢ ᠪᠠᠨ ᠲᠠᠪᠠᠭ᠋ᠤ ᠴᠢᠬᠤᠯᠠ ᠲᠠᠪᠴᠠᠩ ᠪᠤᠯᠪᠠ᠃ ᠡᠯ᠎ᠡ ᠬᠤᠯᠪᠤᠬᠳᠠᠯ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠡᠯ᠎ᠡ ᠲᠠᠯ᠎ᠡ ᠶᠢᠨ ᠵᠤᠬᠢᠶᠠᠨ ᠪᠠᠶᠢᠭᠤᠯᠤᠯᠳᠠ ᠪᠠ ᠦᠢᠯᠡᠴᠢᠯᠡᠭᠡᠨ ᠤ ᠪᠠᠳᠤᠯᠠᠭ᠎ᠠ ᠶᠢᠨ ᠠᠵᠢᠯ ᠢ ᠦᠨᠳᠦᠷ ᠪᠠᠷᠢᠮᠵᠢᠶ᠎ᠡ ᠪᠠᠷ ᠴᠢᠨᠠᠷ ᠰᠠᠶᠢᠳᠠᠢ ᠬᠢᠵᠤ᠂ ᠲᠤᠰ ᠬᠤᠭᠤᠴᠠᠭᠠᠨ ᠤ ᠲᠤᠮᠳᠠᠳᠤ ᠤᠯᠤᠰ ᠤᠨ ᠵᠡᠮᠳᠡᠭᠴᠤᠳ ᠤᠨ ᠮᠦᠰᠤ ᠴᠠᠰᠤᠨ ᠤ ᠪᠠᠶ᠎ᠡ ᠶᠢᠨ ᠲᠠᠮᠢᠷ ᠤᠨ ᠤᠯᠠᠷᠢᠯ ᠢ ᠦᠪᠡᠷᠮᠢᠴᠠ ᠤᠨᠴᠠᠯᠢᠭ ᠲᠠᠢ᠂ ᠦᠨᠳᠦᠷ ᠲᠦᠪᠰᠢᠨ ᠲᠠᠢ ᠡᠷᠬᠢᠯᠡᠵᠤ᠂ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ ᠰᠢᠨ᠎ᠡ ᠲᠦᠷᠰᠤ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠬᠦᠢᠴᠡᠳ ᠢᠯᠡᠷᠡᠬᠦᠯᠬᠦ ᠭᠡᠷᠡᠭᠳᠠᠢ ᠭᠡᠵᠤ ᠢᠯᠡᠳᠬᠡᠪᠡ᠃      ᠡᠬᠢᠯᠡᠯᠳᠠ ᠶᠢᠨ ᠶᠤᠰᠤᠯᠠᠯ ᠲᠠᠬᠦᠰᠦᠭᠰᠡᠨ ᠤ ᠲᠠᠷᠠᠭ᠎ᠠ᠂ ᠵᠤᠬᠢᠶᠠᠨ ᠪᠠᠶᠢᠭᠤᠯᠬᠤ ᠺᠤᠮᠢᠰ ᠠᠴᠠ ᠪᠠᠰᠠ ᠬᠤᠯᠪᠤᠬᠳᠠᠯ ᠪᠦᠬᠦᠢ ᠠᠶᠢᠮᠠᠭ ᠬᠤᠳᠠ ᠳᠤ ᠮᠦᠰᠤᠨ ᠲᠡᠭᠡᠷᠡᠬᠢ ᠯᠤᠤᠳᠤ ᠤᠡᠭᠭᠤᠴᠠ᠂ ᠬᠠᠭᠤᠷᠠᠢ ᠭᠠᠵᠠᠷ ᠤᠨ ᠮᠦᠰᠦᠨ ᠲᠡᠪᠤᠷ᠎ᠡ᠂ ᠮᠦᠰᠤ ᠴᠠᠰᠤᠨ ᠤ ᠪᠠᠶᠠᠴᠢᠯᠡᠨ ᠤᠢᠢᠯᠠᠭᠠᠯᠳᠠ᠂ ᠰᠤᠨᠢᠷᠬᠠᠯᠳᠤ ᠬᠦᠳᠡᠯᠭᠡᠭᠡᠨ ᠵᠡᠷᠭᠡ ᠡᠯ᠎ᠡ ᠲᠦᠷᠦᠯ ᠤᠨ ᠮᠦᠰᠤ ᠴᠠᠰᠤᠨ ᠤ ᠬᠦᠳᠡᠯᠭᠡᠭᠡᠨ ᠪᠠᠶ᠎ᠡ ᠴᠢᠬᠢᠷᠠᠬᠵᠢᠭᠤᠯᠬᠤ ᠠᠵᠢᠯᠯᠠᠭ᠎ᠠ ᠶᠢ ᠦᠷᠨᠢᠬᠦᠯᠬᠦ ᠪᠤᠯᠤᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号