ᠪᠦ᠋ ᠰᠢᠶᠣᠤ ᠯᠢᠨ ᠬᠥᠯᠥᠨ ᠪᠤᠶᠢᠷ ᠬᠤᠲᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠭᠰᠠᠨ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ ᠲᠤᠭᠤᠰᠢᠯᠠᠭᠤᠯᠵᠥ ᠠᠵᠢᠯ ᠤᠨ ᠴᠢᠭᠯᠡᠭᠦᠯᠦᠯᠲᠤ ᠴᠢᠨᠠᠷ ᠪᠣᠯᠤᠨ ᠪᠣᠳᠠᠲᠤ ᠠᠮᠵᠢᠯᠳᠠ ᠶᠢᠨ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2019/12/24
     12 ᠰᠠᠷ᠎ᠠ ᠶᠢᠨ 21᠎ ᠠᠴᠠ 22᠎ ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠵᠢᠯ ᠎ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠤᠳᠠᠳᠤ ᠠᠮᠵᠢᠯᠳᠠ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠪᠦ᠋ ᠰᠢᠶᠣᠤ ᠯᠢᠨ ᠡᠩ ᠲᠡᠷᠢᠭᠦᠨ ᠳᠤ ᠬᠥᠯᠥᠨ ᠨᠠᠭᠤᠷ ᠲᠤ ᠬᠦᠷᠴᠤ᠂ ᠬᠥᠯᠥᠨ ᠨᠠᠭᠤᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠥᠯᠥᠨ ᠨᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠰᠢᠶᠣᠤ ᠾᠧ ᠺᠧᠤ ᠬᠠᠮᠢᠶᠠᠷᠤᠨ ᠬᠠᠮᠠᠭᠠᠯᠠᠬᠤ ᠥᠷᠲᠡᠭᠡ ᠳᠤ᠂ ᠲᠡᠷᠡ ᠲᠣᠭᠠᠴᠢᠯᠠᠭᠰᠠᠨ ᠬᠢᠨᠠᠨ ᠡᠵᠡᠮᠳᠡᠬᠦ ᠲᠠᠪᠴᠠᠩ ᠢᠶᠠᠷ ᠳᠠᠮᠵᠢᠨ ᠨᠠᠭᠤᠷ ᠎ ᠤᠨ ᠣᠷᠣᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠱᠤᠸᠠᠨ ᠮᠠ ᠵᠤᠸᠠᠩ ᠬᠠᠮᠢᠶᠠᠷᠤᠨ ᠬᠠᠮᠠᠭᠠᠯᠠᠬᠤ ᠥᠷᠲᠡᠭᠡ᠂ ᠤᠯᠠᠭᠠᠨᠨᠠᠭᠤᠷ ᠬᠠᠮᠢᠶᠠᠷᠤᠨ ᠬᠠᠮᠠᠭᠠᠯᠠᠬᠤ ᠥᠷᠲᠡᠭᠡ ᠲᠠᠢ ᠬᠤᠯᠪᠣᠭ᠎ᠠ ᠠᠪᠴᠤ᠂ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠪᠦ᠋ ᠰᠢᠶᠣᠤ ᠯᠢᠨ᠂ ᠬᠥᠯᠥᠨ ᠨᠠᠭᠤᠷ ᠪᠣᠯ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠶᠡᠷᠦᠩᠬᠡᠶ ᠱᠦᠵᠢ ᠰᠢ ᠶᠢᠨ ᠫᠢᠩ ᠬᠥᠯᠥᠨ ᠨᠠᠭᠤᠷ ᠤᠨ ᠵᠠᠰᠠᠯᠲᠠ ᠶᠢᠨ ᠠᠵᠢᠯ ᠳᠤ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠲᠣᠳᠣᠷᠬᠠᠶ ᠱᠠᠭᠠᠷᠳᠠᠯᠭ᠎ᠠ ᠳᠤᠷᠠᠳᠴᠠᠢ᠂ ᠪᠢᠳᠡ ︽ᠳᠥᠷᠪᠡᠨ ᠤᠬᠠᠮᠰᠠᠷ︾᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠬᠦ ᠤᠯᠤᠰ ᠲᠥᠷᠥ ᠶᠢᠨ ᠦᠨᠳᠦᠷᠴᠡ ᠠᠴᠠ ᠤᠨᠤᠪᠴᠢᠳᠠᠢ ᠪᠠᠷ ᠳᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠰᠢᠰᠲ᠋ᠧᠮ ᠲᠠᠢ ᠪᠠᠷ ᠵᠠᠰᠠᠬᠤ ᠶᠢ ᠠᠬᠢᠭᠤᠯᠵᠤ᠂ ᠪᠣᠳᠠᠲᠤ ᠠᠮᠵᠢᠯᠳᠠ ᠣᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠬᠥᠯᠥᠨ ᠨᠠᠭᠤᠷ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠬᠠᠮᠲᠤ ᠪᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃      ᠪᠦ᠋ ᠰᠢᠶᠣᠤ ᠯᠢᠨ ᠮᠠᠨᠵᠤᠤᠷ ᠬᠤᠲᠠ ᠶᠢᠨ ᠲᠡᠮᠦᠷ ᠵᠠᠮ ᠤᠨ ᠬᠠᠮᠲᠤᠷᠠᠭᠰᠠᠨ ᠪᠠᠶᠢᠴᠠᠭᠠᠯᠲᠠ ᠶᠢᠨ ᠠᠯᠪᠠᠨ ᠠᠰᠠᠷ ᠲᠤ ᠬᠦᠷᠴᠦ᠂ ᠪᠥᠬᠦ ᠬᠤᠲᠠ ᠶᠢᠨ ᠠᠷᠠᠯᠵᠢᠶ᠎ᠠ ᠡᠵᠡᠩᠨᠡᠬᠦ ᠣᠷᠴᠢᠨ ᠢ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠬᠡᠨ ᠬᠤᠪᠢᠷᠠᠭᠤᠯᠵᠤ᠂ ᠬᠠᠤᠯᠢ ᠪᠠᠷ ᠵᠠᠰᠠᠭ ᠶᠠᠪᠤᠭᠤᠯᠬᠤ ᠲᠦᠪᠰᠢᠨ ᠢ ᠳᠡᠭᠡᠭᠰᠢᠯᠡᠭᠦᠯᠤᠨ᠂ ᠠᠷᠠᠯᠵᠢᠶ᠎ᠠ ᠡᠵᠡᠩᠨᠡᠬᠦ ᠣᠷᠴᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠶ ᠬᠡᠵᠥ ᠴᠢᠬᠤᠯᠠᠴᠢᠯᠠᠪᠠ᠃ ᠲᠡᠷᠡ ᠪᠠᠰᠠ ᠮᠠᠨᠵᠤᠤᠷ ᠤᠨ ᠬᠤᠪᠢᠰᠬᠠᠯ ᠤᠨ ᠦᠵᠡᠰᠬᠦᠯᠡᠩ ᠤᠨ ᠣᠷᠳᠣᠨ ᠳᠤ ᠬᠦᠷᠴᠦ᠂ ᠳᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠬᠯᠠᠨ᠂ ᠠᠭᠤᠤ ᠶᠡᠭᠡ ᠬᠤᠪᠢᠰᠬᠠᠯ ᠤᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠥᠯᠥᠨ ᠪᠦᠢᠷ ᠲᠤ ᠪᠠᠶᠢᠬᠤ ᠬᠤᠭᠤᠴᠠᠭᠠᠨ ᠳᠤ᠂ ᠪᠦ᠋ ᠰᠢᠶᠣᠤ ᠯᠢᠨ ᠪᠠᠰᠠ ︽ᠬᠥᠯᠥᠨ ᠪᠤᠶᠢᠷ ᠨᠡᠷᠡᠮᠵᠢᠲᠦ︾ ᠲᠠᠯ᠎ᠠ ᠨᠤᠲᠤᠭ ᠣᠢ ᠰᠢᠭᠤᠶ ᠶᠢᠨ ᠵᠢᠭᠤᠯᠴᠢᠯᠠᠯ ᠤᠨ ᠭᠠᠯᠲᠤ ᠲᠡᠷᠭᠡᠨ ᠤ ᠠᠩᠬ᠎ᠠ ᠨᠡᠪᠳᠡᠷᠡᠬᠦ ᠶᠣᠰᠣᠯᠠᠯ ᠳᠤ ᠣᠷᠣᠯᠴᠠᠭᠰᠠᠨ ᠪᠥᠭᠡᠳ ᠭᠠᠯᠳᠤ ᠲᠡᠷᠭᠡᠨ ᠤ ᠠᠶᠠᠯᠠᠯ ᠡᠬᠢᠯᠡᠬᠦ ᠶᠢ ᠵᠠᠷᠯᠠᠵᠠᠢ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号