ᠮᠠᠨ ᠤ ᠣᠷᠣᠨ ᠤ ᠡᠮ ᠤᠨ ᠵᠦᠶᠯ ᠤᠨ ᠠᠮᠤᠷ ᠲᠦᠪᠰᠢᠨ ᠤ ᠪᠠᠶᠢᠳᠠᠯ ᠰᠠᠶᠢᠵᠢᠷᠠᠵᠠᠶ
ᠨᠡᠶᠢᠲᠡᠯᠡᠭᠰᠡᠨ ᠴᠠᠭ᠄
2019/12/24
     ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠶᠯ ᠤᠨ ᠠᠮᠤᠷ ᠲᠦᠪᠰᠢᠨ ᠤ ᠲᠠᠯ᠎ᠠ ᠪᠠᠷ ᠬᠢ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠡᠵᠡᠮᠳᠡᠵᠦ᠂ ᠳᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠥᠬᠦ ᠣᠷᠣᠨ ᠤ ᠡᠮ ᠤᠨ ᠵᠦᠶᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠶ ᠳᠤ ᠪᠠᠨ ᠰᠠᠶᠢᠵᠢᠷᠠᠬᠤ ᠰᠠᠶᠢᠨ ᠰᠠᠶᠢᠬᠠᠨ ᠪᠠᠶᠢᠳᠠᠯ ᠢ ᠪᠠᠲᠤᠯᠠᠬᠤ ᠶᠢ ᠲᠦᠯᠬᠢᠨ ᠠᠬᠢᠭᠤᠯᠪᠠ᠃      ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠡᠮ ᠤᠨ ᠵᠦᠶᠯ ᠤᠨ ᠵᠠᠭᠪᠤᠷ ᠠᠪᠬᠤ ᠡᠭᠦᠷᠭᠡ ᠶᠢ ᠨᠡᠶᠢᠲᠡ 567 ᠪᠦᠯᠦᠭ ᠤᠳᠠᠭ᠎ᠠ ᠪᠡᠶᠡᠯᠡᠭᠦᠯᠦᠨ᠂ 170 ᠪᠦᠯᠦᠭ ᠤᠳᠠᠭ᠎ᠠ ᠰᠢᠯᠭᠠᠨ ᠪᠠᠶᠢᠴᠠᠭᠠᠵᠤ᠂ ᠮᠠᠨ ᠤ ᠣᠷᠣᠨ ᠳᠤ ᠬᠤᠯᠪᠣᠭᠳᠠᠭᠰᠠᠨ ᠬᠢᠷᠢ ᠲᠡᠩᠴᠡᠬᠦ ᠥᠬᠡᠶ ᠡᠮ ᠤᠨ ᠵᠦᠶᠯ ᠢ 11 ᠪᠦᠯᠦᠭ ᠪᠠᠶᠢᠴᠠᠭᠠᠨ ᠭᠠᠷᠭᠠᠵᠤ᠂ ᠬᠢᠷᠢ ᠲᠡᠩᠴᠡᠭᠰᠡᠨ ᠨᠣᠷᠮ᠎ᠠ ᠨᠢ 98.1% ᠪᠣᠯᠪᠠ︔ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠵᠠᠭᠪᠤᠷ ᠠᠪᠬᠤ ᠡᠭᠦᠷᠭᠡ ᠶᠢ 2222 ᠪᠦᠯᠦᠭ ᠤᠳᠠᠭ᠎ᠠ ᠪᠡᠶᠡᠯᠡᠭᠦᠯᠵᠦ᠂ ᠨᠢᠭᠡᠨᠲᠡ 1634 ᠪᠦᠯᠦᠭ ᠤᠳᠠᠭ᠎ᠠ ᠶᠢᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ 29 ᠪᠦᠯᠦᠭ ᠤᠳᠠᠭ᠎ᠠ ᠨᠢ ᠬᠢᠷᠢ ᠲᠡᠩᠴᠡᠭᠰᠡᠨ ᠥᠬᠡᠶ᠂ ᠬᠢᠷᠢ ᠲᠡᠩᠴᠡᠭᠰᠡᠨ ᠨᠣᠷᠮ᠎ᠠ ᠨᠢ 98.2%᠎ ᠲᠤ ᠬᠦᠷᠴᠡᠶ︔ ᠭᠤᠶᠤᠯᠠᠯ ᠤᠨ ᠵᠦᠢᠯ ᠤᠨ ᠵᠠᠭᠪᠤᠷ ᠠᠪᠬᠤ ᠡᠭᠦᠷᠭᠡ ᠎ ᠶᠢ 570 ᠪᠦᠯᠦᠭ ᠤᠳᠠᠭ᠎ᠠ ᠪᠡᠶᠡᠯᠡᠭᠦᠯᠵᠦ᠂ 500 ᠪᠦᠯᠦᠭ ᠤᠳᠠᠭ᠎ᠠ ᠶᠢᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ ᠭᠦᠢᠯᠭᠡᠭᠡ ᠬᠡᠷᠡᠭᠯᠡᠭᠡ ᠶᠢᠨ ᠬᠦᠷᠢᠶ᠎ᠡ ᠬᠡᠪᠴᠢᠶᠡᠨ ᠳᠤ 16 ᠪᠦᠯᠦᠭ ᠤᠳᠠᠭ᠎ᠠ ᠨᠢ ᠬᠢᠷᠢ ᠲᠡᠩᠴᠡᠬᠦ ᠥᠬᠡᠶ ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ 96.8%᠎ ᠳᠤ ᠬᠦᠷᠴᠡᠶ︔ ᠡᠮᠴᠢᠯᠡᠭᠡ ᠶᠢᠨ ᠪᠠᠭᠠᠵᠢ ᠬᠡᠷᠡᠭᠰᠡᠯ ᠢ ᠵᠠᠭᠪᠤᠷ ᠠᠪᠴᠤ ᠰᠢᠯᠭᠠᠨ ᠪᠠᠶᠢᠴᠠᠭᠠᠬᠤ ᠡᠭᠦᠷᠭᠡ ᠶᠢ 79 ᠪᠦᠯᠦᠭ ᠤᠳᠠᠭ᠎ᠠ ᠪᠡᠶᠡᠯᠡᠭᠦᠯᠵᠦ᠂ 1 ᠪᠦᠯᠦᠭ ᠤᠳᠠᠭ᠎ᠠ ᠎ ᠨᠢ ᠬᠢᠷᠢ ᠲᠡᠩᠴᠡᠬᠦ ᠦᠭᠡᠢ ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ 98.7%᠎ ᠳᠤ ᠬᠦᠷᠪᠡ᠃ ᠪᠥᠬᠦ ᠣᠷᠣᠨ ᠎ ᠳᠤ ᠡᠮ ᠤᠨ ᠵᠦᠶᠯ ᠤᠨ ᠦᠶᠯᠡᠳᠪᠦᠷᠢᠯᠡᠯ ᠭᠦᠢᠯᠭᠡᠭᠡ ᠶᠢᠨ ᠠᠵᠤ ᠠᠬᠤᠶᠢᠯᠠᠯ ᠪᠠ ᠡᠮᠴᠢᠯᠡᠭᠡᠨ ᠤ ᠪᠠᠶᠢᠭᠤᠯᠤᠮᠵᠢ ᠶᠢ ᠨᠡᠶᠢᠲᠡ 28382 ᠡᠷᠦᠬᠡ ᠤᠳᠠᠭ᠎ᠠ ᠪᠠᠶᠢᠴᠠᠭᠠᠵᠤ᠂ ᠡᠩ ᠤᠨ ᠳᠡᠰ ᠳᠠᠷᠠᠭᠠᠯᠠᠯ ᠤᠨ ᠡᠮ ᠤᠨ ᠵᠦᠶᠯ ᠢ ᠬᠡᠷᠡᠭᠯᠡᠭᠰᠡᠨ ᠬᠡᠷᠡᠭ ᠢ 1297 ᠬᠤᠪᠢ ᠪᠠᠶᠢᠴᠠᠭᠠᠨ ᠰᠢᠶᠳᠪᠦᠷᠢᠯᠡᠵᠦ᠂ ᠲᠣᠷᠭᠠᠵᠤ ᠬᠤᠷᠢᠶᠠᠮᠵᠢᠯᠠᠭᠰᠠᠨ ᠵᠣᠭᠤᠰ ᠨᠢ 670.9 ᠲᠦᠮᠡᠨ ᠲᠥᠭᠦᠷᠢᠭ ᠲᠤ ᠬᠦᠷᠴᠦ᠂ 28 ᠡᠷᠦᠬᠡ ᠶᠢᠨ ᠦᠶᠯᠡᠳᠪᠦᠷᠢᠯᠡᠯ ᠢ ᠨᠢ ᠵᠠᠷᠯᠢᠭᠳᠠᠨ ᠵᠣᠭᠰᠣᠭᠠᠵᠤ᠂ 3 ᠬᠤᠪᠢ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 12 ᠬᠤᠪᠢ ᠰᠢᠯᠵᠢᠭᠦᠯᠦᠨ ᠬᠦᠷᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号