ᠨᠢᠭᠡ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠬᠡᠷᠬᠢᠨ ᠵᠠᠭᠠᠭᠯᠠᠨ ᠲᠣᠭᠲᠠᠭᠠᠭᠰᠠᠨ | ᠪᠣᠢ︖ | ᠬᠠᠷᠢᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠭᠡᠳᠡᠭ ᠪᠣᠯ ᠮᠠᠯᠵᠢᠬᠤ | ᠲᠠᠷᠢᠶᠠᠯᠠᠬᠤ ᠣᠷᠣᠨ ᠤ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ︵ᠡᠷᠡᠭᠲᠡᠢ ᠪᠦᠬᠦᠯᠢ 16 | ᠨᠠᠰᠤᠨ ᠠᠴᠠ ᠪᠦᠬᠦᠯᠢ 60 ᠨᠠᠰᠤ ᠬᠦᠷᠲᠡᠯ᠎ᠡ᠂ ᠡᠮᠡᠭᠲᠡᠢ ᠪᠦᠬᠦᠯᠢ 16 ᠨᠠᠰᠤᠨ ᠠᠴᠠ ᠪᠦᠬᠦᠯᠢ 50 ᠨᠠᠰᠤ | ᠬᠦᠷᠲᠡᠯ᠎ᠡ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠮᠡᠭᠲᠡᠢ ᠬᠥᠳᠡᠯᠮᠦᠷᠢ ᠬᠦᠴᠦᠨ ᠤ ᠨᠠᠰᠤ ᠶᠢ ᠪᠦᠬᠦᠯᠢ | 55 ᠨᠠᠰᠤ ᠬᠦᠷᠲᠡᠯ᠎ᠡ ᠤᠷᠲᠤᠳᠬᠠᠨ᠎ᠠ᠂ ᠳᠣᠷᠣᠭᠰᠢ ᠡᠭᠦᠨ ᠲᠠᠢ ᠠᠳᠠᠯᠢ︶ ᠬᠥᠳᠡᠯᠮᠦᠷᠢᠯᠡᠬᠦ ᠴᠢᠳᠠᠪᠤᠷᠢ ᠪᠦᠬᠦᠢ | ᠬᠥᠮᠥᠨ ᠠᠮᠠ ︵ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠳᠤ ᠰᠠᠭᠤᠵᠤ ᠪᠢᠴᠢᠭ ᠦᠵᠡᠵᠦ ᠪᠠᠶᠢᠭ᠎ᠠ | ᠰᠤᠷᠤᠭᠴᠢᠳ ᠢ ᠪᠠᠭᠲᠠᠭᠠᠬᠤ ᠦᠭᠡᠢ︶ ᠶᠢ ᠵᠢᠭᠠᠵᠤ ᠪᠠᠶᠢᠨ᠎ᠠ᠃ | ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠵᠦ ᠠᠵᠢᠯ ᠣᠯᠣᠭᠰᠠᠨ ᠬᠥᠳᠡᠯᠮᠦᠷᠢᠯᠡᠭᠴᠢᠳ ᠢ | ᠬᠡᠷᠬᠢᠨ ᠵᠠᠭᠠᠭᠯᠠᠨ ᠲᠣᠭᠲᠠᠭᠠᠭᠰᠠᠨ ᠪᠣᠢ︖ | ᠬᠠᠷᠢᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠵᠦ ᠠᠵᠢᠯ ᠣᠯᠣᠭᠰᠠᠨ | ᠬᠥᠳᠡᠯᠮᠦᠷᠢᠯᠡᠭᠴᠢᠳ ᠢ ᠪᠠᠰᠠ ᠮᠠᠯᠵᠢᠬᠤ ᠲᠠᠷᠢᠶᠠᠯᠠᠬᠤ ᠣᠷᠣᠨ ᠤ ᠬᠦᠴᠦ ᠶᠠᠪᠤᠭᠴᠢᠳ ᠭᠡᠳᠡᠭ᠃ ᠡᠨᠡ ᠨᠢ ᠮᠠᠯᠵᠢᠬᠤ | ᠲᠠᠷᠢᠶᠠᠯᠠᠬᠤ ᠣᠷᠣᠨ ᠤ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ | ᠪᠠ ᠨᠡᠭᠦᠨ ᠰᠢᠯᠵᠢᠵᠦ ᠠᠵᠢᠯ ᠣᠯᠬᠤ ᠬᠦᠰᠡᠯ ᠡᠷᠡᠮᠡᠯᠵᠡᠯ ᠲᠠᠢ ᠮᠥᠷᠲᠡᠭᠡᠨ ᠬᠤᠶᠠᠳᠤᠭᠠᠷ ᠠᠵᠤ ᠦᠢᠯᠡᠰ᠂ | ᠭᠤᠷᠪᠠᠳᠤᠭᠠᠷ ᠠᠵᠤ ᠦᠢᠯᠡᠰ ᠲᠤ ᠰᠢᠯᠵᠢᠵᠦ ᠠᠵᠢᠯ ᠣᠯᠣᠭᠰᠠᠨ ᠪᠤᠶᠤ ᠮᠠᠯᠵᠢᠬᠤ ᠲᠠᠷᠢᠶᠠᠯᠠᠬᠤ ᠣᠷᠣᠨ ᠤ | ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠴᠣᠭᠴᠠ ᠳᠤ ᠬᠥᠯᠥᠰᠦᠯᠡᠭᠳᠡᠨ ᠨᠢᠭᠡᠳᠦᠭᠡᠷ ᠠᠵᠤ ᠦᠢᠯᠡᠰ ᠡᠷᠬᠢᠯᠡᠵᠦ᠂ | ᠲᠤᠰ ᠣᠨ ᠤ ᠠᠵᠢᠯ ᠣᠯᠣᠭᠰᠠᠨ ᠴᠠᠭ ᠨᠢ 3 ᠰᠠᠷ᠎ᠠ ᠵᠢᠴᠢ ᠳᠡᠭᠡᠭᠰᠢ ᠬᠦᠷᠦᠭᠰᠡᠨ ᠬᠥᠳᠡᠯᠮᠦᠷᠢᠯᠡᠭᠴᠢᠳ ᠢ ᠵᠢᠭᠠᠵᠤ | ᠪᠠᠶᠢᠨ᠎ᠠ᠃ | ᠭᠤᠷᠪᠠ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠢ ᠬᠡᠷᠬᠢᠨ ᠵᠠᠭᠠᠭᠯᠠᠨ | ᠲᠣᠭᠲᠠᠭᠠᠭᠰᠠᠨ ᠪᠣᠢ︖ | ᠬᠠᠷᠢᠭᠤᠯᠲᠠ᠄ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠭᠡᠳᠡᠭ ᠪᠣᠯ | ᠭᠠᠳᠠᠭᠰᠢ ᠭᠠᠷᠴᠤ ᠬᠦᠴᠦᠨ ᠤ ᠠᠵᠢᠯ ᠬᠢᠵᠦ ᠪᠠᠶᠢᠭᠠᠳ ᠪᠡᠶᠡᠴᠢ ᠰᠢᠯᠲᠠᠭᠠᠨ ᠠᠴᠠ ᠪᠣᠯᠵᠤ ᠠᠵᠢᠯ ᠢᠶᠠᠨ | ᠵᠣᠭᠰᠣᠭᠠᠭᠰᠠᠨ ᠮᠥᠷᠲᠡᠭᠡᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠭᠠᠵᠠᠷ ᠲᠤ ᠪᠠᠨ ᠪᠤᠴᠠᠭᠰᠠᠨ ᠪᠤᠶᠤ ᠮᠤᠵᠢ | ᠬᠤᠲᠠ ᠲᠣᠭᠤᠷᠢᠭ ᠠᠯᠤᠰᠯᠠᠨ ᠥᠪᠡᠷᠲᠡᠭᠡᠨ ᠵᠠᠰᠠᠬᠤ ᠣᠷᠣᠨ ᠤ ᠬᠢᠯᠢ ᠳᠤ ᠪᠤᠴᠠᠵᠤ ᠢᠷᠡᠭᠰᠡᠨ᠂ ᠠᠶᠢᠮᠠᠭ ᠬᠤᠲᠠ | ᠠᠯᠤᠰᠯᠠᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠠᠶᠢᠮᠠᠭ ᠬᠤᠲᠠ ᠳᠤ ᠪᠠᠨ ᠪᠤᠴᠠᠭᠰᠠᠨ᠂ ᠬᠤᠰᠢᠭᠤ ᠰᠢᠶᠠᠨ | ᠠᠯᠤᠰᠯᠠᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠬᠤᠰᠢᠭᠤ ᠰᠢᠶᠠᠨ ᠳᠤ ᠪᠠᠨ ᠪᠤᠴᠠᠭᠰᠠᠨ ᠮᠠᠯᠴᠢᠨ ᠲᠠᠷᠢᠶᠠᠴᠢᠨ | ᠬᠦᠴᠦ ᠶᠠᠪᠤᠭᠴᠢᠳ ᠢ ᠵᠢᠭᠠᠬᠤ ᠪᠠᠶᠢᠨ᠎ᠠ᠃ |