ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠭᠤᠷᠪᠠ︶
ᠨᠡᠶᠢᠲᠡᠯᠡᠭᠰᠡᠨ ᠴᠠᠭ᠄
2019/12/24
     ᠳᠣᠯᠤᠭ᠎ᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠲᠣᠭᠲᠠᠬᠤ ᠴᠢᠬᠤᠯᠠᠲᠠᠢ ᠦᠦ︖      ᠬᠠᠷᠢᠭᠤᠯᠲᠠ᠄ ᠬᠥᠳᠡᠯᠮᠦᠷᠢ ᠶᠢᠨ ᠭᠡᠷ᠎ᠡ ᠪᠣᠯ ᠬᠥᠳᠡᠯᠮᠦᠷᠢᠯᠡᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠬᠠᠷᠢᠴᠠᠭ᠎ᠠ  ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠪᠠᠨ ᠲᠣᠳᠣᠷᠬᠠᠶᠢᠯᠠᠬᠤ ᠬᠡᠯᠡᠯᠴᠡᠭᠡᠷ ᠪᠣᠯᠣᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ᠂ ᠡᠷᠬᠡᠪᠰᠢ ᠬᠥᠳᠡᠯᠮᠦᠷᠢ ᠶᠢᠨ ᠭᠡᠷ᠎ᠡ ᠲᠣᠭᠲᠠᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠪᠠᠷ ᠳᠠᠮᠵᠢᠭᠤᠯᠤᠨ ᠠᠵᠢᠯᠲᠠᠳ ᠢᠶᠠᠨ ᠬᠠᠮᠢᠶᠠᠷᠤᠨ᠂ ᠦᠢᠯᠡᠳᠪᠦᠷᠢᠯᠡᠯ ᠪᠠ ᠠᠵᠢᠯ ᠤᠨ ᠡᠭᠦᠷᠭᠡ ᠪᠠᠨ ᠪᠡᠶᠡᠯᠡᠭᠦᠯᠦᠨ᠎ᠡ︔ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠬᠥᠳᠡᠯᠮᠦᠷᠢ ᠶᠢᠨ ᠭᠡᠷ᠎ᠡ ᠪᠠᠷ ᠦᠨᠳᠦᠰᠦᠯᠡᠯ ᠪᠣᠯᠭᠠᠵᠤ᠂ ᠥᠪᠡᠷ ᠤᠨ ᠬᠥᠳᠡᠯᠮᠦᠷᠢ ᠶᠢᠨ ᠡᠷᠬᠡ ᠠᠰᠢᠭ ᠤᠨ ᠢᠶᠠᠨ ᠬᠠᠤᠯᠢ ᠪᠤᠰᠤ ᠬᠠᠯᠳᠠᠯᠭ᠎ᠠ ᠳᠤ ᠤᠴᠠᠷᠠᠬᠤ ᠠᠴᠠ ᠵᠠᠶᠢᠯᠠᠰᠬᠢᠵᠦ ᠪᠣᠯᠣᠨ᠎ᠠ᠃ ᠠᠵᠢᠯᠲᠠᠨ ᠬᠡᠷᠡᠭᠯᠡᠬᠦ ᠨᠢᠭᠡᠴᠢ ᠬᠢᠭᠡᠳ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠬᠤᠭᠤᠷᠣᠨᠳᠤ ᠮᠠᠷᠭᠤᠯᠳᠤᠭᠠᠨ ᠡᠭᠦᠰᠬᠦ ᠦᠶ᠎ᠡ ᠳᠤ᠂ ᠬᠥᠳᠡᠯᠮᠦᠷᠢ ᠶᠢᠨ ᠭᠡᠷ᠎ᠡ ᠨᠢ ᠳᠠᠷᠤᠢ ᠬᠤᠶᠠᠷ ᠲᠠᠯ᠎ᠠ ᠶᠢᠨ ᠬᠢᠨ ᠤ ᠵᠢᠭᠤᠷᠠᠯᠳᠤᠭᠠᠨ ᠢ ᠰᠢᠢᠳᠪᠦᠷᠢᠯᠡᠬᠦ ᠴᠢᠬᠤᠯᠠ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠪᠣᠯᠳᠠᠭ᠃ ᠡᠶᠢᠮᠦ ᠠᠴᠠ᠂ ᠬᠥᠳᠡᠯᠮᠦᠷᠢ ᠶᠢᠨ ᠭᠡᠷ᠎ᠡ ᠲᠣᠭᠲᠠᠬᠤ ᠨᠢ ᠲᠣᠭᠲᠠᠪᠠᠴᠤ ᠪᠣᠯᠬᠤ ᠲᠣᠭᠲᠠᠬᠤ ᠦᠭᠡᠢ ᠪᠣᠯᠪᠠᠴᠤ ᠪᠣᠯᠬᠤ ᠶᠠᠪᠤᠳᠠᠯ ᠪᠢᠰᠢ᠂ ᠬᠠᠷᠢᠨ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠨ ᠬᠠᠤᠯᠢ ᠶᠣᠰᠣᠭᠠᠷ ᠠᠵᠢᠯ ᠬᠡᠷᠡᠭ ᠭᠦᠢᠴᠡᠳᠬᠡᠬᠦ ᠶᠢᠨ ᠱᠠᠭᠠᠷᠳᠠᠯᠭ᠎ᠠ ᠪᠣᠯᠣᠨ᠎ᠠ᠃      ᠨᠠᠢᠮᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠲᠣᠭᠲᠠᠬᠤ ᠳᠤ ᠪᠡᠶ᠎ᠡ ᠶᠢᠨ ᠦᠨᠡᠮᠯᠡᠯ ᠪᠤᠶᠤ ᠪᠤᠰᠤᠳ ᠭᠡᠷᠡᠴᠢ ᠦᠨᠡᠮᠯᠡᠯ ᠢᠶᠠᠷ ᠪᠠᠷᠢᠴᠠᠭ᠎ᠠ ᠬᠢᠬᠦ ᠴᠢᠬᠤᠯᠠᠲᠠᠢ ᠦᠦ︖      ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠶᠢᠨ ᠲᠣᠭᠲᠠᠭᠠᠯ ᠢ ᠦᠨᠳᠦᠰᠦᠯᠡᠪᠡᠯ᠂ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢᠯᠡᠭᠴᠢ ᠡᠯᠰᠡᠨ ᠬᠡᠷᠡᠭᠯᠡᠬᠦ ᠳᠤ᠂ ᠬᠥᠳᠡᠯᠮᠦᠷᠢᠯᠡᠭᠴᠢᠳ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠪᠤᠰᠤᠳ ᠭᠡᠷᠡᠴᠢ ᠦᠨᠡᠮᠯᠡᠯ ᠢ ᠦᠯᠡᠳᠡᠭᠡᠨ ᠪᠠᠷᠢᠴᠠᠭᠠᠯᠠᠵᠤ ᠪᠣᠯᠬᠤ ᠦᠭᠡᠢ᠂ ᠬᠥᠳᠡᠯᠮᠦᠷᠢᠯᠡᠭᠴᠢᠳ ᠢ ᠳᠠᠭᠠᠭᠠᠯᠲᠠ ᠬᠠᠩᠭᠠᠯᠭᠠᠬᠤ ᠪᠠᠷ ᠱᠠᠭᠠᠷᠳᠠᠬᠤ ᠪᠤᠶᠤ ᠪᠤᠰᠤᠳ ᠬᠡᠯᠪᠡᠷᠢ ᠪᠠᠷ ᠬᠥᠳᠡᠯᠮᠦᠷᠢᠯᠡᠭᠴᠢᠳ ᠠᠴᠠ ᠡᠳ᠋ ᠪᠣᠳᠠᠰ ᠬᠤᠷᠢᠶᠠᠵᠤ ᠪᠣᠯᠬᠤ ᠦᠭᠡᠢ᠃ ᠡᠶᠢᠮᠦ ᠠᠴᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠬᠢᠭᠡᠳ ᠬᠥᠮᠥᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠲᠣᠭᠲᠠᠬᠤ ᠳᠤ ᠪᠡᠶ᠎ᠡ ᠶᠢᠨ ᠦᠨᠡᠮᠯᠡᠯ ᠪᠤᠶᠤ ᠪᠤᠰᠤᠳ ᠭᠡᠷᠡᠴᠢ ᠦᠨᠡᠮᠯᠡᠯ ᠢᠶᠠᠷ ᠪᠠᠷᠢᠴᠠᠭ᠎ᠠ ᠬᠢᠬᠦ ᠴᠢᠬᠤᠯᠠ ᠦᠭᠡᠢ᠃      ᠶᠢᠰᠦ᠂ ᠬᠥᠳᠡᠯᠮᠦᠷᠢ ᠶᠢᠨ ᠭᠡᠷ᠎ᠡ ᠶᠢ ᠬᠡᠷᠬᠢᠨ ᠲᠣᠭᠲᠠᠬᠤ ᠪᠣᠢ︖      ᠬᠠᠷᠢᠭᠤᠯᠲᠠ᠄ ᠬᠥᠳᠡᠯᠮᠦᠷᠢ ᠶᠢᠨ ᠭᠡᠷ᠎ᠡ ᠲᠣᠭᠲᠠᠬᠤ ᠭᠡᠳᠡᠭ ᠪᠣᠯ ᠬᠥᠳᠡᠯᠮᠦᠷᠢ ᠶᠢᠨ ᠭᠡᠷ᠎ᠡ ᠲᠣᠭᠲᠠᠬᠤ ᠬᠤᠶᠠᠷ ᠲᠠᠯ᠎ᠠ ᠶᠢᠨ ᠲᠤᠬᠠᠶᠢᠲᠠᠢ ᠬᠥᠮᠥᠨ ᠠᠴᠠ ᠨᠢᠭᠡᠨᠲᠡ ᠰᠠᠨᠠᠯ ᠨᠢᠭᠡᠳᠦᠭᠰᠡᠨ ᠵᠤᠷᠪᠤᠰ ᠵᠦᠢᠯ ᠤᠨ ᠲᠤᠬᠠᠢ ᠭᠠᠷ ᠤᠨ ᠦᠰᠦᠭ ᠵᠢᠷᠤᠵᠤ᠂ ᠬᠥᠳᠡᠯᠮᠦᠷᠢ ᠶᠢᠨ ᠭᠡᠷ᠎ᠡ ᠲᠣᠭᠲᠠᠬᠤ ᠶᠢ ᠵᠢᠭᠠᠵᠤ ᠪᠠᠶᠢᠨ᠎ᠠ᠃ ᠬᠥᠳᠡᠯᠮᠦᠷᠢ ᠶᠢᠨ ᠭᠡᠷ᠎ᠡ ᠶᠢ ᠲᠣᠭᠲᠠᠭᠠᠬᠤ ᠪᠠ ᠪᠠᠶᠢᠭᠤᠯᠬᠤ ᠳᠤ᠂ ᠬᠠᠤᠯᠢ ᠶᠣᠰᠣᠨ ᠤ᠂ ᠲᠥᠪ ᠭᠤᠣᠯᠴᠢ᠂ ᠡᠷᠬᠡ ᠲᠡᠭᠰᠢ ᠪᠥᠭᠡᠳ ᠰᠠᠶᠢᠨ ᠳᠤᠷ᠎ᠠ ᠶᠢᠨ᠂ ᠵᠥᠪᠳᠡᠯᠴᠡᠨ ᠨᠢᠭᠡᠳᠴᠦ᠂ ᠦᠨᠡᠨᠴᠢ ᠢᠲᠡᠭᠡᠮᠵᠢᠲᠡᠢ ᠵᠠᠷᠴᠢᠮ ᠢ ᠵᠢᠷᠤᠮᠯᠠᠵᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠤᠨ ᠲᠣᠭᠲᠠᠭᠠᠯ ᠠᠴᠠ ᠵᠥᠷᠢᠴᠡᠵᠦ ᠪᠣᠯᠬᠤ ᠦᠭᠡᠢ᠃ ᠬᠥᠳᠡᠯᠮᠦᠷᠢ ᠶᠢᠨ ᠭᠡᠷ᠎ᠡ ᠶᠢ ᠪᠢᠴᠢᠭ ᠤᠨ ᠬᠡᠯᠪᠡᠷᠢ ᠪᠠᠷ ᠲᠣᠭᠲᠠᠬᠤ ᠬᠡᠷᠡᠭᠲᠡᠢ᠃ ᠠᠵᠢᠯᠲᠠᠨ ᠬᠡᠷᠡᠭᠯᠡᠬᠦ ᠨᠢᠭᠡᠴᠢ ᠠᠴᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠠᠩᠭᠠᠭᠰᠠᠨ ᠬᠥᠳᠡᠯᠮᠦᠷᠢ ᠶᠢᠨ ᠭᠡᠷ᠎ᠡ ᠶᠢ ᠬᠡᠷᠡᠭᠯᠡᠨ ᠵᠢᠱᠢᠶ᠎ᠡ ᠪᠢᠴᠢᠭ ᠮᠠᠲ᠋ᠧᠷᠢᠶᠠᠯ ᠪᠣᠯᠭᠠᠵᠤ ᠪᠣᠯᠣᠨ᠎ᠠ᠃ ᠬᠥᠳᠡᠯᠮᠦᠷᠢ ᠶᠢᠨ ᠭᠡᠷ᠎ᠡ ᠲᠣᠭᠲᠠᠬᠤ ᠶᠠᠪᠤᠴᠠ ᠳᠤ᠂ ᠲᠤᠬᠠᠶᠢᠲᠠᠢ ᠬᠤᠶᠠᠷ ᠲᠠᠯ᠎ᠠ ᠪᠠᠷ ᠢᠶᠠᠨ ᠬᠥᠳᠡᠯᠮᠦᠷᠢ ᠶᠢᠨ ᠭᠡᠷ᠎ᠡ ᠳᠤ ᠬᠤᠯᠪᠣᠭᠳᠠᠭᠰᠠᠨ ᠠᠭᠤᠯᠭ᠎ᠠ ᠶᠢᠨ ᠲᠤᠬᠠᠢ ᠵᠥᠪᠳᠡᠯᠴᠡᠭᠡᠷ ᠬᠢᠵᠦ᠂ ᠰᠠᠨᠠᠯ ᠨᠢᠭᠡᠳᠦᠭᠰᠡᠨ ᠤ ᠳᠠᠷᠠᠭ᠎ᠠ᠂ ᠬᠥᠳᠡᠯᠮᠦᠷᠢ ᠶᠢᠨ ᠭᠡᠷ᠎ᠡ ᠶᠢ ᠪᠦᠷᠢᠨ ᠭᠦᠢᠴᠡᠳ ᠲᠤᠭᠤᠷᠪᠢᠨ ᠪᠢᠴᠢᠬᠦ ᠶᠢᠨ ᠬᠠᠮᠲᠤ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ