ᠥᠪᠥᠷ ᠵᠠᠰᠠᠭ ᠠᠯᠪᠠᠨ ᠲᠠᠷᠬᠠᠭᠠᠭᠰᠠᠨ ﹇2019﹈ 24 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠳᠤ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠲᠤᠭ | ᠣᠯᠭᠤᠬᠤ ᠳᠤ ᠶᠠᠷᠢᠭᠰᠠᠨ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠦᠬᠦ ᠤᠷᠤᠨ ᠤ ᠡᠯ᠎ᠡ ᠱᠠᠲᠤᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ | ᠠᠪᠤᠷᠠᠨ ᠲᠤᠰᠠᠯᠠᠬᠤ ᠡᠩᠨᠡᠭᠡᠨ ᠤ ᠠᠵᠢᠯᠲᠠᠳ ︵ᠳᠤᠷᠤᠭᠰᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠭᠡᠵᠦ ᠲᠤᠪᠴᠢᠯᠠᠨ᠎ᠠ︶ ᠤᠨ ᠠᠵᠢᠯ ᠮᠡᠷᠭᠡᠵᠢᠯ ᠤᠨ ᠢᠷᠠᠭᠤ ᠠᠯᠲᠠᠷᠲᠤ ᠰᠡᠳᠭᠢᠯᠭᠡ ᠶᠢ ᠦᠨᠡᠨ ᠬᠦ | ᠨᠡᠮᠡᠭᠳᠡᠭᠦᠯᠦᠨ᠂ ᠡᠷᠴᠢ ᠵᠣᠷᠢᠭ ᠢ ᠨᠢ ᠤᠯᠠᠮ ᠨᠢᠭᠡ ᠠᠯᠬᠤᠮ ᠬᠦᠪᠴᠢᠯᠡᠵᠦ᠂ ᠬᠦᠴᠦᠨ ᠴᠢᠳᠠᠯ ᠢ ᠨᠢ ᠤᠯᠠᠮ ᠨᠢᠭᠡ | ᠠᠯᠬᠤᠮ ᠨᠢᠭᠲᠠᠷᠠᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠭᠡᠳ᠂ ᠡᠳᠦᠭᠡ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠲᠤ | ᠬᠠᠷᠠᠭᠠᠯᠵᠠᠯ ᠦᠵᠡᠭᠦᠯᠬᠦ ᠠᠵᠢᠯ ᠤᠨ ᠬᠤᠯᠪᠤᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠄ | ᠨᠢᠭᠡ᠂ ᠬᠠᠷᠠᠭᠠᠯᠵᠠᠯ ᠦᠵᠡᠭᠦᠯᠬᠦ ᠡᠳᠡᠭᠡᠳ | ᠪᠦᠬᠦ ᠤᠷᠤᠨ ᠤ ᠡᠯ᠎ᠡ ᠱᠠᠲᠤᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ ᠠᠵᠢᠯ ᠤᠨ ᠪᠠᠶᠢᠷᠢᠨ ᠳᠤ ᠪᠠᠨ ᠪᠠᠶᠢᠭ᠎ᠠ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ᠂ ᠵᠡᠮᠳᠡᠭ ᠪᠤᠯᠤᠭᠰᠠᠨ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠪᠤᠯᠤᠨ᠎ᠠ᠃ | ᠬᠤᠶᠠᠷ᠂ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ | ︵ᠨᠢᠭᠡ︶ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠳᠤ ᠬᠠᠷᠠᠭᠠᠯᠵᠠᠯ ᠦᠵᠡᠭᠦᠯᠦᠨ᠎ᠡ᠃ ᠵᠠᠮ | ᠬᠠᠷᠢᠯᠴᠠᠭᠠᠨ ᠤ ᠬᠡᠷᠡᠭᠰᠡᠯ ᠳᠤ ᠤᠷᠢᠳ ᠢᠶᠠᠷ ᠰᠠᠭᠤᠵᠣ ᠪᠣᠯᠤᠨ᠎ᠠ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠭᠠᠯᠲᠤ ᠲᠡᠷᠭᠡ ︵ᠳᠡᠭᠡᠳᠦ ᠬᠤᠷᠳᠤ ᠶᠢᠨ ᠲᠡᠮᠦᠷ ᠵᠠᠮ︶᠂ ᠠᠶᠠᠨᠴᠢᠳ ᠤᠨ ᠲᠡᠭᠡᠭᠡᠪᠦᠷᠢ ᠶᠢᠨ | ᠡᠭᠡᠯᠵᠢᠨ ᠤ ᠲᠡᠷᠭᠡ ᠪᠣᠯᠤᠨ ᠠᠷᠠᠳ ᠤᠨ ᠠᠭᠠᠷ ᠠᠶᠠᠯᠠᠯ ᠤᠨ ᠡᠭᠡᠯᠵᠢᠨ ᠤ ᠨᠢᠰᠭᠡᠯ ᠳᠤ ᠰᠠᠭᠤᠬᠤ ᠳᠤ ᠪᠠᠨ᠂ ᠪᠢᠯᠧᠲ | ᠬᠤᠳᠠᠯᠳᠤᠨ ᠠᠪᠬᠤ ᠪᠠ ᠨᠢᠰᠭᠡᠯ ᠳᠤ ᠰᠠᠭᠤᠬᠤ ᠭᠠᠷᠳᠠᠮ ᠭᠦᠢᠴᠡᠳᠭᠡᠬᠦ᠂ ᠠᠶᠤᠯ ᠦᠭᠡᠢ ᠶᠢᠨ ᠪᠠᠶᠢᠴᠠᠭᠠᠯᠲᠠ ᠬᠢᠬᠦ᠂ | ᠲᠡᠷᠭᠡ ︵ᠨᠢᠰᠭᠡᠯ︶ ᠬᠦᠯᠢᠶᠡᠬᠦ᠂ ᠲᠡᠷᠭᠡᠨ ︵ᠨᠢᠰᠭᠡᠯ︶ ᠳᠤ ᠰᠠᠭᠤᠬᠤ ᠦᠢᠯᠡᠴᠢᠯᠡᠭᠡ ᠶᠢ ᠤᠷᠢᠳ ᠢᠶᠠᠷ ᠬᠦᠷᠲᠡᠵᠦ᠂ | ᠤᠷᠢᠳ ᠢᠶᠠᠷ ᠭᠦᠢᠴᠡᠳᠭᠡᠬᠦ ᠨᠡᠪᠲᠡᠷᠡᠯ ᠵᠠᠮ ︵ᠴᠤᠩᠬᠤᠪᠴᠢ︶ ᠢ ᠬᠡᠷᠡᠭᠯᠡᠵᠦ ᠪᠣᠯᠤᠨ᠎ᠠ᠂ ᠬᠠᠮᠲᠤ ᠶᠠᠪᠤᠭ᠎ᠠ ᠭᠡᠷ | ᠪᠦᠯᠢ ᠶᠢᠨ ᠬᠢᠨ ᠴᠦ ︵ᠵᠠᠷᠴᠢᠮ ᠳᠡᠭᠡᠷ᠎ᠡ ᠪᠠᠨ 2 ᠬᠦᠮᠦᠨ ᠠᠴᠠ ᠣᠯᠠᠨ ᠪᠠᠶᠢᠵᠤ ᠪᠣᠯᠬᠤ ᠦᠭᠡᠢ᠂ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠨ ᠯᠤᠭ᠎ᠠ ᠶᠢᠨ ᠬᠠᠷᠢᠴᠠᠭᠠᠨ ᠤ ᠭᠡᠷᠡᠴᠢ ᠭᠠᠷᠭᠠᠬᠤ ᠴᠢᠬᠤᠯᠠ | ᠦᠭᠡᠢ︶ ᠤᠷᠢᠳ ᠢᠶᠠᠷ ᠭᠦᠢᠴᠡᠳᠭᠡᠬᠦ ᠦᠢᠯᠡᠴᠢᠯᠡᠭᠡ ᠬᠦᠷᠲᠡᠵᠦ ᠪᠣᠯᠤᠨ᠎ᠠ︔ ᠭᠠᠯ ᠢ ᠰᠡᠷᠭᠡᠶᠢᠯᠡᠨ ᠤᠨᠲᠠᠷᠠᠭᠠᠵᠣ | ᠠᠪᠤᠷᠠᠨ ᠲᠤᠰᠠᠯᠠᠬᠤ ᠠᠵᠢᠯᠲᠠᠳ ᠬᠤᠲᠠ ᠶᠢᠨ ᠨᠡᠶᠢᠲᠡ ᠶᠢᠨ ᠮᠠᠰᠢᠨ᠂ ᠴᠠᠬᠢᠯᠭᠠᠨ ᠲᠡᠷᠭᠡ ᠪᠤᠯᠤᠨ ᠲᠡᠮᠥᠷ ᠵᠢᠮᠲᠦ | ᠵᠠᠮ ᠬᠠᠷᠢᠯᠴᠠᠭᠠᠨ ᠤ ᠬᠡᠷᠡᠭᠰᠡᠯ ᠳᠤ ᠰᠠᠭᠤᠬᠤ ᠳᠤ᠂ ᠠᠯᠪᠠᠨ ᠴᠡᠷᠢᠭ ᠯᠤᠭ᠎ᠠ ᠠᠳᠠᠯᠢ ᠬᠠᠷᠠᠭᠠᠯᠵᠠᠯ ᠤᠨ ᠲᠥᠷᠥ ᠶᠢᠨ | ᠪᠤᠳᠣᠯᠭ᠎ᠠ ᠶᠢ ᠬᠦᠷᠲᠡᠨ᠎ᠡ᠃ ᠠᠶᠠᠨᠴᠢᠳ ᠤᠨ ᠲᠡᠷᠭᠡᠨ ᠳᠤ ᠰᠠᠭᠤᠬᠤ ᠳᠤ ᠪᠢᠯᠧᠲ ᠠᠪᠬᠤ ᠦᠭᠡᠢ ᠪᠤᠶᠤ | ᠬᠢᠮᠳᠠᠷᠠᠯ ᠲᠠᠢ ᠪᠢᠯᠧᠲ ᠶᠢᠨ ᠬᠠᠷᠠᠭᠠᠯᠵᠠᠯ ᠬᠦᠷᠲᠡᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠵᠡᠮᠳᠡᠭ ᠠᠵᠢᠯᠲᠠᠳ ᠭᠠᠯᠲᠤ ᠲᠡᠷᠭᠡ ︵ᠳᠡᠭᠡᠳᠦ ᠬᠤᠷᠳᠤ ᠶᠢᠨ ᠲᠡᠮᠦᠷ ᠵᠠᠮ︶᠂ ᠠᠶᠠᠨᠴᠢᠳ ᠤᠨ ᠲᠡᠭᠡᠭᠡᠪᠦᠷᠢ ᠶᠢᠨ | ᠡᠭᠡᠯᠵᠢᠨ ᠤ ᠲᠡᠷᠭᠡ ᠪᠣᠯᠤᠨ ᠠᠷᠠᠳ ᠤᠨ ᠠᠭᠠᠷ ᠠᠶᠠᠯᠠᠯ ᠤᠨ ᠡᠭᠡᠯᠵᠢᠨ ᠤ ᠨᠢᠰᠭᠡᠯ ᠳᠤ ᠰᠠᠭᠤᠬᠤ ᠳᠤ᠂ ᠵᠡᠮᠳᠡᠭ | ᠪᠤᠯᠤᠭᠰᠠᠨ ᠴᠡᠷᠢᠭ ᠯᠤᠭ᠎ᠠ ᠠᠳᠠᠯᠢ ᠠᠶᠠᠨᠴᠢᠳ ᠤᠨ ᠪᠢᠯᠧᠲ ᠤᠨ ᠬᠠᠷᠠᠭᠠᠯᠵᠠᠯ ᠬᠦᠷᠲᠡᠨ᠎ᠡ︔ ᠬᠤᠲᠠ ᠶᠢᠨ | ᠨᠡᠶᠢᠲᠡ ᠶᠢᠨ ᠮᠠᠰᠢᠨ᠂ ᠴᠠᠬᠢᠯᠭᠠᠨ ᠲᠡᠷᠭᠡ ᠪᠤᠯᠤᠨ ᠲᠡᠮᠥᠷ ᠵᠢᠮᠲᠦ ᠵᠠᠮ ᠬᠠᠷᠢᠯᠴᠠᠭᠠᠨ ᠤ ᠬᠡᠷᠡᠭᠰᠡᠯ ᠳᠤ ᠰᠠᠭᠤᠬᠤ ᠳᠤ᠂ | ᠪᠢᠯᠧᠲ ᠠᠪᠬᠤ ᠦᠭᠡᠢ ᠬᠠᠷᠠᠭᠠᠯᠵᠠᠯ ᠬᠦᠷᠲᠡᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠤᠨ ᠬᠦᠷᠲᠡᠬᠦ ᠪᠢᠯᠧᠲ ᠠᠪᠬᠤ ᠦᠭᠡᠢ ᠪᠤᠶᠤ ᠬᠢᠮᠳᠠᠷᠠᠯ ᠲᠠᠢ ᠪᠢᠯᠧᠲ ᠶᠢᠨ ᠬᠠᠷᠠᠭᠠᠯᠵᠠᠯ ᠦᠵᠡᠭᠦᠯᠬᠦ | ᠲᠥᠷᠥ ᠶᠢᠨ ᠪᠤᠳᠤᠯᠭ᠎ᠠ ᠳᠤ ᠬᠡᠷᠡᠭᠰᠡᠬᠦ ᠵᠠᠷᠤᠳᠠᠯ ᠢ ᠤᠤᠯ ᠤᠨ ᠠᠷᠭ᠎ᠠ ᠵᠠᠮ ᠢᠶᠠᠷ ᠪᠠᠲᠤᠯᠠᠬᠤ ᠬᠡᠷᠡᠭᠲᠡᠢ᠃ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠵᠠᠮ ᠬᠠᠷᠢᠯᠴᠠᠭ᠎ᠠ ᠪᠠᠷ ᠶᠠᠪᠤᠵᠤ | ᠰᠠᠭᠤᠬᠤ ᠳᠤ ᠬᠠᠷᠠᠭᠠᠯᠵᠠᠯ ᠦᠵᠡᠭᠦᠯᠬᠦ ᠪᠤᠲᠠᠲᠠᠢ ᠠᠷᠭ᠎ᠠ ᠬᠡᠮᠵᠢᠶ᠎ᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ | ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠲᠡᠮᠦᠷ ᠵᠠᠮ ᠤᠨ ᠲᠣᠪᠴᠢᠶ᠎ᠠ᠂ ᠳᠤᠮᠳᠠᠳᠤ | ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠠᠶᠠᠯᠠᠯ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ | ᠶᠡᠷᠦᠩᠬᠡᠢ ᠺᠣᠮᠫᠠᠨᠢ ᠶᠢᠨ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠤᠨ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠳᠤ ᠬᠠᠷᠠᠭᠠᠯᠵᠠᠯ ᠦᠵᠡᠭᠦᠯᠬᠦ ᠡᠷᠬᠡ ᠠᠰᠢᠭ ᠢ | ᠪᠠᠲᠤᠯᠠᠬᠤ ᠬᠤᠯᠪᠤᠭᠳᠠᠯ ᠪᠦᠬᠦᠢ ᠵᠦᠢᠯᠡᠰ ᠤᠨ ᠲᠤᠬᠠᠢ ᠮᠡᠳᠡᠭᠳᠡᠯ︾ ︵ᠵᠠᠮ ᠲᠡᠭᠡᠭᠡᠪᠦᠷᠢ ᠲᠣᠭᠲᠠᠭᠠᠯ ﹇2019﹈ | 4 ᠳ᠋ᠤᠭᠡᠷ ᠲᠣᠭᠠᠲᠤ︶ ᠪᠠ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠣᠮᠫᠠᠨᠢ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ ᠠᠵᠢᠯᠲᠠᠳ ᠤᠨ ᠭᠠᠯᠲᠤ ᠲᠡᠷᠭᠡ ᠪᠠᠷ ᠶᠠᠪᠤᠵᠤ ᠰᠠᠭᠤᠬᠤ ᠳᠤ | ᠬᠠᠷᠠᠭᠠᠯᠵᠠᠯ ᠦᠵᠡᠭᠦᠯᠬᠦ ᠶᠢ ᠪᠠᠲᠤᠯᠠᠬᠤ ᠲᠤᠬᠠᠢ ᠮᠡᠳᠡᠭᠳᠡᠯ︾ ︵ᠲᠡᠮᠦᠷ ᠶᠡᠷᠦᠩᠬᠡᠢ ᠠᠶᠠᠨᠴᠢᠨ ﹇2019﹈ 92 | ᠳ᠋ᠤᠭᠠᠷ ᠲᠤᠭᠠᠲᠤ︶ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ︵ᠬᠤᠶᠠᠷ︶ ᠰᠤᠷᠭᠠᠨ ᠬᠦᠮᠦᠵᠢᠯ ᠬᠦᠷᠲᠡᠬᠦ ᠳᠤ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠵᠢᠴᠢ ᠲᠡᠳᠡᠨ ᠤ ᠦᠷ᠎ᠡ ᠬᠡᠤᠬᠡᠳ ᠨᠢ ᠰᠤᠷᠭᠠᠨ ᠬᠦᠮᠦᠵᠢᠯ ᠬᠦᠷᠲᠡᠬᠦ | ᠲᠠᠯ᠎ᠠ ᠪᠠᠷ ᠠᠯᠪᠠᠨ ᠴᠡᠷᠢᠭ ᠲᠠᠢ ᠠᠳᠠᠯᠢ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠬᠦᠷᠲᠡᠨ᠎ᠡ᠃ ︽ᠥᠪᠥᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠤᠨ ᠦᠷ᠎ᠡ ᠬᠡᠤᠬᠡᠳ ᠤᠨ ᠰᠤᠷᠭᠠᠨ ᠬᠦᠮᠦᠵᠢᠯ ᠬᠦᠷᠲᠡᠬᠦ ᠳᠤ ᠬᠠᠷᠠᠭᠠᠯᠵᠠᠯ ᠦᠵᠡᠭᠦᠯᠬᠦ ᠨᠠᠷᠢᠨ ᠳᠥᠷᠢᠮ | ︵ᠲᠦᠷ ᠬᠡᠷᠡᠭᠵᠢᠭᠦᠯᠬᠦ︶︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠷᠢᠨ ᠳᠥᠷᠢᠮ ᠳᠤ ᠳᠤᠳᠤᠷᠬᠠᠶᠢᠯᠠᠭᠰᠠᠨ ᠦᠭᠡᠢ | ᠵᠦᠢᠯᠡᠰ ᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠰᠤᠷᠭᠠᠨ ᠬᠦᠮᠦᠵᠢᠯ ᠤᠨ ᠶᠠᠮᠤᠨ ᠤ ︽ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ | ᠠᠵᠢᠯᠲᠠᠳ ᠵᠢᠴᠢ ᠲᠡᠳᠡᠨ ᠤ ᠦᠷ᠎ᠡ ᠬᠡᠤᠬᠡᠳ ᠤᠨ ᠰᠤᠷᠭᠠᠨ ᠬᠦᠮᠦᠵᠢᠯ ᠬᠦᠷᠲᠡᠬᠦ ᠳᠤ ᠬᠠᠷᠠᠭᠠᠯᠵᠠᠯ ᠦᠵᠡᠭᠦᠯᠬᠦ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠴᠢᠮ ᠪᠠᠶᠢᠳᠠᠯ ᠢ ᠠᠷᠭᠠᠴᠠᠭᠠᠬᠤ ﹇2019﹈ 37 ᠳ᠋ᠤᠭᠠᠷ | ᠲᠤᠭᠠᠲᠤ︶ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ︵ᠭᠤᠷᠪᠠ︶ ᠡᠮᠴᠢᠯᠡᠭᠡᠨ ᠤ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠡᠮᠴᠢᠯᠡᠭᠡᠨ ᠤ ᠲᠠᠯ᠎ᠠ ᠳᠤ ᠠᠯᠪᠠᠨ ᠴᠡᠷᠢᠭ ᠲᠠᠢ ᠠᠳᠠᠯᠢ ᠬᠠᠷᠠᠭᠠᠯᠵᠠᠯ ᠤᠨ ᠲᠥᠷᠥ ᠶᠢᠨ | ᠪᠣᠳᠤᠯᠭ᠎ᠠ ᠬᠦᠷᠲᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠢ ᠪᠠᠴᠢᠮ ᠡᠮᠴᠢᠯᠡᠵᠦ ᠠᠪᠤᠷᠠᠬᠤ ᠰᠠᠭᠠᠳ ᠦᠭᠡᠢ ᠨᠡᠪᠲᠡᠷᠡᠬᠦ ᠵᠠᠮ ᠢ | ᠪᠠᠶᠢᠭᠤᠯᠵᠤ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠠᠯᠪᠠᠨ ᠤ ᠠᠵᠢᠯ ᠠᠴᠠ ᠪᠣᠯᠵᠤ | ᠰᠢᠷᠬᠠᠲᠤᠬᠤ ᠪᠠ ᠪᠠᠴᠢᠮ ᠲᠥᠭᠰᠢᠭᠦᠷᠢᠲᠡᠢ ᠬᠦᠨᠳᠦ ᠡᠪᠡᠳᠴᠢᠨ ᠳᠤ ᠨᠡᠷᠪᠡᠭᠳᠡᠬᠦ ᠦᠶᠡᠰ ᠲᠡᠷᠡ ᠳᠠᠷᠤᠢ ᠳᠤ ᠨᠢ | ᠪᠦᠲᠦᠮᠵᠢᠲᠡᠢ ᠡᠮᠴᠢᠯᠡᠭᠡᠨ ᠤ ᠡᠮᠨᠡᠨ ᠠᠪᠤᠷᠠᠯᠲᠠ ᠣᠯᠵᠤ ᠬᠦᠷᠲᠡᠬᠦ ᠶᠢ ᠪᠠᠲᠤᠯᠠᠬᠤ ᠬᠡᠷᠡᠭᠲᠡᠢ᠃ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠬᠠᠮᠢᠶ᠎ᠠ ᠪᠦᠬᠦᠢ ᠭᠡᠷᠡᠴᠢ ᠲᠡᠮᠳᠡᠭ ᠢᠶᠠᠷ ᠢᠶᠠᠨ ᠤᠷᠢᠳ ᠢᠶᠠᠷ | ᠦᠢᠯᠡᠴᠢᠯᠡᠬᠦ ᠴᠤᠪᠤᠷᠠᠯ ᠢᠶᠠᠷ ᠣᠷᠤᠵᠤ᠂ ᠲᠡᠳᠡᠨ ᠳᠤ ᠤᠷᠢᠳ ᠢᠶᠠᠷ ᠡᠮᠨᠡᠨ ᠠᠪᠤᠷᠠᠵᠤ ᠳᠠᠷᠠᠭ᠎ᠠ ᠳᠤ ᠨᠢ ᠰᠦᠢᠳᠬᠡᠯ | ᠲᠤᠰᠢᠶᠠᠬᠤ ᠶᠢ ᠬᠡᠷᠡᠭᠵᠢᠭᠦᠯᠦᠨ᠎ᠡ᠃ | ︵ᠳᠥᠷᠪᠡ︶ ᠣᠷᠣᠨ ᠰᠠᠭᠤᠴᠠ ᠶᠢᠨ ᠬᠠᠷᠠᠭᠠᠯᠵᠠᠯ ᠦᠵᠡᠭᠦᠯᠦᠨ᠎ᠡ᠃ ᠨᠦᠬᠦᠴᠡᠯ ᠳᠤ ᠨᠡᠶᠢᠴᠡᠬᠦ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠢ ︵ᠵᠠᠰᠠᠭ ᠤᠨ ᠤᠷᠳᠤᠨ ᠤ ᠲᠤᠰᠬᠠᠢ ᠠᠵᠢᠯ ᠤᠨ | ᠭᠠᠯ ᠢ ᠰᠡᠷᠭᠡᠶᠢᠯᠡᠨ ᠤᠨᠲᠠᠷᠠᠭᠠᠬᠤ ᠠᠵᠢᠯᠲᠠᠳ ᠢ ᠪᠠᠭᠲᠠᠭᠠᠨ᠎ᠠ︶ ᠤᠷᠤᠨ ᠨᠤᠲᠤᠭ ᠤᠨ ᠨᠡᠶᠢᠲᠡ ᠶᠢᠨ ᠲᠦᠷᠢᠶᠡᠰᠦᠨ | ᠭᠡᠷ ᠤᠨ ᠪᠠᠲᠤᠯᠠᠭ᠎ᠠ ᠶᠢᠨ ᠬᠠᠮᠤᠷᠬᠤ ᠬᠡᠪᠴᠢᠶᠡᠨ ᠳᠤ ᠤᠷᠤᠭᠤᠯᠤᠨ᠂ ᠠᠳᠠᠯᠢ ᠨᠦᠬᠦᠴᠡᠯ ᠤᠨ ᠳᠤᠤᠷ᠎ᠠ ᠤᠷᠤᠨ | ᠨᠤᠲᠤᠭ ᠤᠨ ᠤᠷᠤᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠤᠯᠭ᠎ᠠ ᠶᠢ ᠤᠷᠢᠳ ᠢᠶᠠᠷ ᠬᠦᠷᠲᠡᠭᠡᠨ᠎ᠡ᠃ | ︵ᠲᠠᠪᠤ︶ ᠭᠡᠷ ᠤᠨ ᠬᠦᠮᠦᠰ ᠲᠤ ᠨᠢ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ | ᠠᠪᠤᠷᠠᠨ ᠲᠤᠰᠠᠯᠠᠬᠤ ᠠᠵᠢᠯᠲᠠᠳ ᠤᠨ ᠭᠡᠷ ᠤᠨ ᠬᠦᠮᠦᠰ ᠨᠢ ᠠᠯᠪᠠᠨ ᠴᠡᠷᠢᠭ ᠤᠨ ᠭᠡᠷ ᠪᠦᠯᠢ ᠶᠢᠨ ᠬᠢᠨ ᠲᠠᠢ ᠠᠳᠠᠯᠢ | ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠬᠦᠷᠲᠡᠵᠦ᠂ ᠨᠦᠬᠦᠴᠡᠯ ᠳᠤ ᠨᠡᠶᠢᠴᠡᠬᠦ ᠶᠢᠨ ᠭᠡᠷ ᠤᠨ ᠬᠦᠮᠦᠰ ᠨᠢ ᠳᠠᠭᠠᠵᠤ | ᠠᠵᠢᠯ ᠰᠢᠯᠵᠢᠵᠦ ᠪᠣᠯᠤᠨ᠎ᠠ᠂ ᠠᠵᠢᠯ ᠣᠯᠵᠤ ᠦᠢᠯᠡᠰ ᠴᠤᠭᠴᠠᠯᠠᠬᠤ ᠳᠤ ︽ᠥᠪᠥᠷ ᠮᠤᠩᠭᠤᠯ ᠤᠨ ᠥᠪᠡᠷᠲᠡᠭᠡᠨ | ᠵᠠᠰᠠᠬᠤ ᠤᠷᠤᠨ ᠤ ᠴᠡᠷᠢᠭ ᠤᠨ ᠴᠡᠷᠢᠭ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ | ᠠᠵᠢᠯ ᠢ ᠬᠡᠷᠡᠭᠵᠢᠭᠦᠯᠬᠦ ᠠᠷᠭ᠎ᠠ︾ ᠶᠢᠨ ᠶᠤᠰᠤᠭᠠᠷ ᠬᠡᠷᠡᠭᠵᠢᠭᠦᠯᠵᠦ᠂ ᠨᠦᠬᠦᠴᠡᠯ ᠳᠤ ᠨᠡᠶᠢᠴᠡᠬᠦ ᠠᠵᠢᠯ ᠣᠯᠤᠭᠠᠳᠦᠢ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠭᠡᠷ ᠪᠦᠯᠢ ᠶᠢᠨ ᠬᠢᠨ ᠲᠥᠷᠢᠮ ᠢ | ᠦᠭᠡᠷᠡᠴᠢᠯᠡᠬᠦ ᠠᠴᠠ ᠡᠮᠦᠨᠡᠬᠢ ᠡᠯ᠎ᠡ ᠱᠠᠲᠤᠨ ᠤ ᠵᠠᠰᠠᠭ ᠤᠨ ᠤᠷᠳᠤᠨ ᠤ ᠳᠤᠭᠲᠠᠭᠠᠭᠰᠠᠨ ᠠᠵᠢᠯ ᠤᠯᠤᠭᠠᠳᠦᠢ | ᠴᠡᠷᠢᠭ ᠳᠠᠭᠠᠭᠰᠠᠳ ᠤᠨ ᠨᠦᠬᠦᠪᠦᠷᠢ ᠶᠢᠨ ᠲᠥᠷᠥ ᠶᠢᠨ ᠪᠣᠳᠤᠯᠭ᠎ᠠ ᠶᠢ ᠦᠷᠭᠦᠯᠵᠢᠯᠡᠨ ᠡᠳ᠋ᠯᠡᠨ᠎ᠡ᠃ ᠡᠯ᠎ᠡ ᠭᠠᠵᠠᠷ | ᠤᠷᠤᠨ ᠨᠢ ᠦᠷᠭᠦᠯᠵᠢᠯᠡᠨ ᠠᠵᠢᠯ ᠳᠤ ᠤᠷᠤᠭᠠᠳ 2 ᠵᠢᠯ ᠤᠨ ᠬᠤᠭᠤᠴᠠᠭᠠᠨ ᠳᠠᠬᠢ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠭᠡᠷ ᠪᠦᠯᠢ ᠳᠤ ᠬᠠᠷᠠᠭᠠᠯᠵᠠᠯ ᠤᠨ ᠮᠦᠩᠭᠦ ᠥᠭᠬᠦ ᠪᠤᠶᠤ | ᠪᠤᠰᠤᠳ ᠬᠠᠷᠠᠭᠠᠯᠵᠠᠯ ᠦᠵᠡᠭᠦᠯᠦᠨ᠎ᠡ᠃ | ︵ᠵᠢᠷᠭᠤᠭ᠎ᠠ︶ ᠠᠰᠠᠷᠠᠮᠵᠢ ᠶᠢᠨ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠠᠰᠠᠷᠠᠮᠵᠢ ᠥᠭᠬᠦ ᠠᠵᠢᠯ ᠢ ︽ᠥᠪᠥᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠴᠡᠷᠢᠭ ᠤᠨ ᠠᠰᠠᠷᠠᠮᠵᠢ ᠶᠢᠨ ᠬᠠᠷᠠᠭᠠᠯᠵᠠᠯ ᠤᠨ ᠠᠷᠭ᠎ᠠ︾ ︵ᠥᠪᠥᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 215 ᠳ᠋ᠤᠭᠠᠷ | ᠲᠤᠭᠠᠳᠤ︶ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ︵ᠳᠤᠯᠤᠭ᠎ᠠ︶ ᠪᠤᠰᠤᠳ ᠬᠠᠷᠠᠭᠠᠯᠵᠠᠯ ᠦᠵᠡᠭᠦᠯᠦᠨ᠎ᠡ᠃ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠡᠩᠨᠡᠭᠡ ᠪᠠ ᠠᠵᠢᠯᠲᠠᠳ ᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠤ ᠭᠡᠷ ᠲᠤ ᠨᠢ ᠪᠤᠯᠭᠤᠭᠠᠵᠤ ᠲᠤᠬᠤᠨᠢᠭᠤᠯᠬᠤ ᠬᠡᠪᠴᠢᠶᠡᠨ ᠳᠤ | ᠨᠢᠭᠡᠳᠦᠯᠲᠡᠢ ᠤᠷᠤᠭᠤᠯᠵᠤ᠂ ᠠᠯᠪᠠᠨ ᠴᠡᠷᠢᠭ ᠯᠦᠭᠡ ᠠᠳᠠᠯᠢ ᠪᠤᠯᠭᠤᠭᠠᠵᠤ ᠲᠤᠬᠤᠨᠢᠭᠤᠯᠬᠤ ᠬᠠᠷᠠᠭᠠᠯᠵᠠᠯ ᠬᠦᠷᠲᠡᠨ᠎ᠡ᠃ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠨᠢ ᠬᠦᠴᠦᠨ ᠪᠦᠬᠦᠢ ᠭᠡᠷᠡᠴᠢ | ᠲᠡᠮᠳᠡᠭ ᠢᠶᠠᠷ ᠢᠶᠠᠨ᠂ ᠵᠠᠰᠠᠭ ᠤᠨ ᠤᠷᠳᠤᠨ ᠠᠴᠠ ᠦᠨ᠎ᠡ ᠲᠤᠭᠲᠠᠭᠠᠭᠰᠠᠨ ᠴᠡᠴᠡᠷᠯᠢᠭ᠂ ᠮᠦᠽᠧᠢ᠂ | ᠦᠵᠡᠭᠦᠯᠭᠡ ᠶᠢᠨ ᠤᠷᠳᠤᠨ ᠪᠤᠯᠤᠨ ᠨᠡᠷᠡᠲᠦ ᠦᠵᠡᠮᠵᠢ ᠶᠢᠨ ᠤᠷᠤᠨ ᠢᠶᠠᠷ ᠲᠤᠭᠤᠷᠢᠨ ᠵᠤᠭᠠᠴᠠᠬᠤ ᠪᠠ ᠪᠤᠰᠤᠳ | ᠨᠡᠶᠢᠭᠡᠮ ᠨᠡᠶᠢᠲᠡ ᠶᠢᠨ ᠦᠢᠯᠡᠴᠢᠯᠡᠭᠡ ᠬᠦᠷᠲᠡᠬᠦ ᠳᠤ ᠪᠠᠨ ᠠᠯᠪᠠᠨ ᠴᠡᠷᠢᠭ ᠯᠦᠭᠡ ᠠᠳᠠᠯᠢ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠬᠦᠷᠲᠡᠨ᠎ᠡ᠃ | ᠳᠡᠭᠡᠷᠡᠬᠢ ᠬᠠᠷᠠᠭᠠᠯᠵᠠᠯ ᠤᠨ ᠠᠷᠭ᠎ᠠ ᠬᠡᠮᠵᠢᠶ᠎ᠡ ᠳᠤ ᠳᠤᠷᠠᠳᠤᠭᠰᠠᠨ ᠦᠭᠡᠢ ᠵᠦᠢᠯᠡᠰ ᠢ ᠤᠯᠤᠰ ᠤᠨ | ᠬᠤᠯᠪᠤᠭᠳᠠᠯ ᠪᠦᠬᠦᠢ ᠳᠤᠭᠲᠠᠭᠠᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ 13 | ᠶᠠᠮᠤᠨ ᠵᠦᠪᠯᠡᠯ ᠤᠨ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠡᠩᠨᠡᠭᠡᠨ ᠤ ᠠᠵᠢᠯᠲᠠᠳ ᠲᠤ ᠬᠠᠷᠠᠭᠠᠯᠵᠠᠯ ᠦᠵᠡᠭᠦᠯᠬᠦ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ︵ᠪᠠᠴᠢᠮ ᠪᠠᠶᠢᠳᠠᠯ ᠢ ᠠᠷᠭᠠᠴᠠᠭᠠᠬᠤ ﹇2019﹈ 84 ᠳ᠋ᠤᠭᠡᠷ ᠲᠤᠭᠠᠲᠤ︶ ᠤᠨ ᠶᠤᠰᠤᠭᠠᠷ | ᠬᠡᠷᠡᠭᠵᠢᠭᠦᠯᠦᠨ᠎ᠡ᠃ ᠡᠭᠦᠨ ᠳᠤ ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠤᠷᠢᠳ ᠢᠶᠠᠷ ᠬᠠᠷᠠᠭᠠᠯᠵᠠᠯ ᠦᠵᠡᠭᠦᠯᠬᠦ | ᠲᠥᠷᠥ ᠶᠢ ᠪᠣᠳᠤᠯᠭ᠎ᠠ ᠭᠠᠷᠭᠠᠭᠰᠠᠨ ᠪᠠᠶᠢᠪᠠᠯ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠵᠢᠵᠢᠭᠦᠷᠯᠡᠨ ᠠᠵᠢᠯᠯᠠᠵᠤ ᠪᠠᠴᠢᠮ ᠪᠠᠶᠢᠳᠠᠯ ᠳᠤ | ᠪᠡᠯᠡᠳᠭᠡᠬᠦ᠂ ᠠᠶᠤᠯ ᠲᠥᠭᠰᠢᠭᠦᠷᠢ ᠶᠡᠭᠡ᠂ ᠬᠤᠤᠷᠳᠠᠭᠳᠠᠯ ᠶᠡᠭᠡ ᠪᠠᠶᠢᠬᠤ ᠠᠵᠢᠯ ᠤᠨ ᠤᠨᠴᠠᠯᠢᠭ ᠢ ᠭᠦᠢᠴᠡᠳ | ᠪᠤᠳᠤᠯᠬᠢᠯᠠᠵᠤ᠂ ᠦᠨᠳᠦᠷ ᠲᠡᠰ ᠢᠶᠠᠷ ᠯᠡ ᠪᠠᠷᠢᠮᠵᠢᠶ᠎ᠠ ᠪᠣᠯᠭᠠᠬᠤ ᠵᠠᠷᠴᠢᠮ ᠢ ᠪᠠᠷᠢᠮᠲᠠᠯᠠᠵᠤ᠂ ᠳᠤᠬᠠᠢ ᠶᠢᠨ ᠭᠠᠵᠠᠷ | ᠤᠷᠤᠨ᠂ ᠲᠤᠰ ᠰᠠᠯᠠᠭ᠎ᠠ ᠮᠦᠴᠢᠷ ᠤᠨ ᠪᠤᠲᠠᠲᠠᠢ ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠤᠭᠰᠤᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠬᠦ ᠪᠣᠯ ᠭᠠᠯ ᠢ | ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡᠨ ᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠦᠭᠡᠷᠡᠴᠢᠯᠡᠯᠲᠡ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠪᠤᠲᠠᠲᠠᠢ | ᠠᠷᠭ᠎ᠠ ᠬᠡᠮᠵᠢᠶ᠎ᠡ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠤᠨ ᠲᠣᠰᠢᠶᠠᠯ | ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠤᠷᠮᠠᠰᠢᠭᠤᠯᠤᠨ ᠪᠠᠲᠤᠯᠠᠬᠤ ᠪᠤᠰᠤᠳᠴᠢ | ᠬᠡᠷᠡᠭᠴᠡᠭᠡ ᠪᠤᠯᠤᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠤᠯᠤᠰ | ᠲᠥᠷᠥ ᠶᠢᠨ ᠵᠣᠭᠰᠤᠯᠲᠠ ᠪᠠᠨ ᠦᠨᠡᠨ ᠬᠦ ᠳᠡᠭᠡᠭᠰᠢᠯᠡᠭᠦᠯᠵᠦ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠡᠩᠨᠡᠭᠡ ᠳᠤ ᠬᠠᠷᠠᠭᠠᠯᠵᠠᠯ ᠦᠵᠡᠭᠦᠯᠬᠦ ᠠᠵᠢᠯ ᠢ ᠪᠤᠲᠠᠲᠠᠶᠢᠵᠢᠭᠤᠯᠵᠤ | ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ | ᠨᠠᠷᠢᠯᠢᠬ ᠵᠣᠬᠢᠶᠠᠨ ᠪᠠᠶᠢᠭᠤᠯᠵᠤ ᠲᠤᠬᠢᠷᠠᠭᠤᠯᠤᠨ᠂ ᠲᠥᠷᠥ ᠶᠢᠨ ᠪᠣᠳᠤᠯᠭ᠎ᠠ ᠶᠢ ᠥᠷᠭᠡᠨ ᠬᠡᠪᠴᠢᠶ᠎ᠡ ᠪᠠᠷ | ᠤᠬᠠᠭᠤᠯᠵᠤ᠂ ᠵᠢᠯᠤᠭᠤᠳᠴᠦ ᠪᠠᠶᠢᠭᠠᠳ ᠲᠥᠷᠥ ᠶᠢᠨ ᠪᠣᠳᠤᠯᠭ᠎ᠠ ᠶᠢ ᠨᠡᠶᠢᠲᠡ ᠳᠤ ᠵᠠᠷᠯᠠᠬᠤ ᠠᠵᠢᠯ ᠢ ᠰᠠᠶᠢᠲᠤᠷ ᠬᠢᠬᠦ | ᠬᠡᠷᠡᠭᠲᠡᠢ᠂ ᠦᠢᠯᠡᠴᠢᠯᠡᠭᠡᠨ ᠤ ᠴᠣᠩᠬᠤᠪᠴᠢ ᠳᠤ ︽ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠠᠵᠢᠯᠲᠠᠳ ᠲᠤ ᠤᠷᠢᠳ ᠢᠶᠠᠷ ᠦᠢᠯᠡᠴᠢᠯᠡᠬᠦ︾ ᠲᠡᠮᠳᠡᠭ ᠲᠤᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯᠲᠠᠳ ᠢ | ᠪᠣᠯᠪᠠᠰᠤᠷᠠᠭᠤᠯᠵᠤ ᠬᠦᠮᠦᠵᠢᠭᠦᠯᠬᠦ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠪᠤᠯᠤᠨ ᠬᠢᠷᠢ | ᠲᠥᠪᠰᠢᠨ ᠢ ᠨᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠤᠷᠳᠤᠨ ᠨᠢ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠠᠶᠢᠴᠠᠭᠠᠭᠰᠠᠨ ᠦᠷ᠎ᠡ ᠳ᠋ᠦ᠋ᠶᠢᠩ ᠢᠶᠠᠨ ᠣᠷᠤᠨ ᠨᠤᠲᠤᠭ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠬᠤᠰᠢᠭᠤ ᠰᠢᠶᠠᠨ︶ ᠶᠢ ᠰᠢᠯᠭᠠᠨ ᠦᠨᠡᠯᠡᠬᠦ ᠠᠭᠤᠯᠭ᠎ᠠ ᠳᠤ | ᠤᠷᠤᠭᠤᠯᠵᠤ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠦᠵᠡᠭᠦᠯᠬᠦ ᠡᠯ᠎ᠡ | ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠶᠢ ᠪᠤᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ᠃ | ︵ᠭᠤᠷᠪᠠ︶ ᠰᠢᠨ᠎ᠡ ᠶᠢ ᠡᠭᠦᠳᠦᠨ ᠬᠦᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠪᠦᠬᠦ ᠤᠷᠤᠨ ᠤ ᠡᠯ᠎ᠡ | ᠱᠠᠲᠤᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ ᠲᠤᠰᠠᠯᠠᠬᠤ | ᠡᠩᠨᠡᠭᠡ ᠨᠢ ᠤᠳᠤ ᠡᠭᠦᠳᠴᠦ ᠪᠠᠶᠢᠭᠤᠯᠤᠭᠰᠠᠨ ᠠᠩᠬᠠᠨ ᠤ ᠱᠠᠲᠤᠨ ᠳᠤ ᠤᠷᠤᠰᠢᠵᠤ᠂ ᠭᠠᠯ ᠢ ᠰᠡᠷᠭᠡᠶᠢᠯᠡᠨ | ᠤᠨᠲᠠᠷᠠᠭᠠᠵᠣ ᠠᠪᠤᠷᠠᠨ ᠲᠤᠰᠠᠯᠠᠬᠤ ᠠᠵᠢᠯᠲᠠᠳ ᠲᠤ ᠬᠠᠷᠠᠭᠠᠯᠵᠠᠯ ᠦᠵᠡᠭᠦᠯᠬᠦ ᠠᠵᠢᠯ ᠤᠨ ᠶᠠᠪᠤᠴᠠ ᠳᠤ ᠢᠯᠡᠷᠡᠭᠰᠡᠨ | ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠠᠶᠢᠲᠤᠷ ᠬᠢᠬᠦ ᠳᠤ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠨᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠤᠲᠠᠲᠠᠢ ᠲᠠᠢ ᠪᠠᠨ ᠤᠶᠠᠯᠳᠤᠭᠤᠯᠤᠨ᠂ ᠬᠠᠷᠠᠭᠠᠯᠵᠠᠯ | ᠦᠵᠡᠭᠦᠯᠵᠦ ᠪᠠᠲᠤᠯᠠᠬᠤ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠭᠠᠯ ᠢ ᠰᠡᠷᠭᠡᠶᠢᠯᠡᠨ ᠤᠨᠲᠠᠷᠠᠭᠠᠵᠣ ᠠᠪᠤᠷᠠᠨ | ᠲᠤᠰᠠᠯᠠᠬᠤ ᠠᠵᠢᠯᠲᠠᠳ ᠤᠨ ᠬᠦᠴᠢᠷᠳᠡᠯ ᠪᠤᠯᠤᠨ ᠠᠰᠠᠭᠤᠳᠠᠯ ᠢ ᠨᠢ ᠦᠨᠡᠨ ᠬᠦ ᠰᠢᠢᠳᠪᠦᠷᠢᠯᠡᠬᠦ ᠬᠡᠷᠡᠭᠲᠡᠢ᠃ |