| | ᠲᠥᠪ ᠤᠨ ᠨᠠᠢᠮᠠᠳᠣᠭᠠᠷ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ | ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠥᠷᠨᠢᠭᠦᠯᠬᠦ ᠪᠠᠷ ᠣᠷᠣᠵᠤ ᠰᠠᠭᠤᠬᠤ ᠣᠯᠣᠯᠴᠠᠭ᠎ᠠ ᠶᠢᠨ ᠬᠤᠷᠠᠯ | ᠬᠦᠬᠡᠬᠤᠳᠠ ᠳᠤ ᠬᠤᠷᠠᠯᠳᠤᠪᠠ᠃ | ᠨᠠᠮ ᠤᠨ ᠳᠦᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠢᠭᠡᠳᠦᠯᠲᠡᠶ | ᠪᠠᠶᠢᠷᠢᠯᠠᠭᠤᠯᠤᠯᠲᠠ ᠶᠢ ᠦᠨᠳᠦᠰᠦᠯᠡᠨ᠂ ᠲᠥᠪ ᠤᠨ ᠨᠠᠢᠮᠠᠳᠣᠭᠠᠷ ᠳᠤᠭᠤᠷᠢᠨ ᠪᠠᠶᠢᠴᠠᠭᠠᠬᠤ ᠳᠤᠭᠤᠢᠢᠯᠠᠩ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ | ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠥᠷᠨᠢᠭᠦᠯᠵᠦ᠂ ᠦᠢᠷ᠎ᠡ ᠶᠢᠨ ᠡᠳᠤᠷ ᠲᠤ ᠣᠷᠣᠵᠤ | ᠰᠠᠭᠤᠬᠤ ᠣᠯᠣᠯᠴᠠᠭ᠎ᠠ ᠶᠢᠨ ᠬᠤᠷᠠᠯ ᠬᠤᠷᠠᠯᠳᠤᠭᠤᠯᠪᠠ᠃ ᠲᠥᠪ ᠤᠨ ᠨᠠᠢᠮᠠᠳᠣᠭᠠᠷ ᠳᠤᠭᠤᠷᠢᠨ ᠪᠠᠶᠢᠴᠠᠭᠠᠬᠤ | ᠳᠤᠭᠤᠢᠢᠯᠠᠩ ᠪᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢᠨ ᠮᠤᠵᠢ ᠶᠢᠨ | ᠬᠤᠭᠤᠷᠣᠨᠳᠣ ᠰᠣᠯᠪᠢᠴᠠᠨ ᠬᠢᠨᠠᠨ ᠰᠢᠯᠭᠠᠬᠤ ᠠᠵᠢᠯ ᠤᠨ ᠳᠤᠭᠤᠶᠢᠯᠠᠩ ᠵᠡᠷᠭᠡ ᠪᠠᠷ ᠣᠷᠣᠵᠤ ᠰᠠᠭᠤᠨ ᠠᠵᠢᠯ ᠢᠶᠠᠨ | ᠥᠷᠨᠢᠭᠦᠯᠵᠤ ᠡᠬᠢᠯᠡᠪᠡ᠃ ᠬᠤᠷᠠᠯ ᠳᠡᠭᠡᠷ᠎ᠡ᠂ ᠲᠥᠪ ᠤᠨ ᠨᠠᠢᠮᠠᠳᠣᠭᠠᠷ ᠳᠤᠭᠤᠷᠢᠨ ᠪᠠᠶᠢᠴᠠᠭᠠᠬᠤ ᠳᠤᠭᠤᠢᠢᠯᠠᠩ ᠤᠨ | ᠳᠠᠷᠤᠭ᠎ᠠ ᠨᠢᠩ ᠶᠠᠨ ᠯᠢᠩ ᠲᠣᠭᠤᠷᠢᠨ ᠪᠠᠶᠢᠴᠠᠭᠠᠬᠤ ᠡᠭᠦᠷᠭᠡ ᠶᠢ ᠮᠡᠳᠡᠭᠳᠡᠭᠰᠡᠨ ᠪᠥᠭᠡᠳ ᠲᠣᠭᠤᠷᠢᠨ ᠪᠠᠶᠢᠴᠠᠭᠠᠬᠤ | ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠴᠤ᠂ ᠮᠤᠵᠢ ᠶᠢᠨ ᠬᠤᠭᠤᠷᠣᠨᠳᠣ ᠰᠣᠯᠪᠢᠴᠠᠨ ᠬᠢᠨᠠᠨ | ᠰᠢᠯᠭᠠᠬᠤ ᠠᠵᠢᠯ ᠤᠨ ᠳᠤᠭᠤᠢᠢᠯᠠᠩ ᠤᠨ ᠳᠠᠷᠤᠭ᠎ᠠ ᠬᠢᠨᠠᠨ ᠰᠢᠯᠭᠠᠬᠤ ᠬᠤᠯᠪᠣᠭᠳᠠᠯ ᠪᠦᠬᠦᠢ ᠠᠵᠢᠯ ᠤᠨ | ᠲᠣᠬᠢᠷᠠᠭᠤᠯᠤᠯᠲᠠ ᠶᠢ ᠮᠡᠳᠡᠭᠳᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠤᠰᠬᠠᠶ ᠲᠣᠭᠤᠷᠢᠨ ᠪᠠᠶᠢᠴᠠᠭᠠᠯᠲᠠ ᠶᠢᠨ ᠰᠠᠨᠠᠯ ᠢᠶᠠᠷ ᠠᠵᠢᠯ ᠢᠶᠠᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ | ᠪᠠᠶᠢᠳᠠᠯ ᠪᠣᠯᠤᠨ 2018 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢᠨ ᠠᠵᠢᠯ ᠤᠨ | ᠦᠷ᠎ᠡ ᠪᠦᠲᠦᠮᠵᠢ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠪᠦ᠋ ᠰᠢᠶᠣᠤ ᠯᠢᠨ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠠᠳᠠ᠊ᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢᠨ ᠠᠵᠢᠯ ᠤᠨ ᠪᠠᠶᠢᠳᠠᠯ ᠢ ᠬᠠᠷᠢᠭᠤ | ᠮᠡᠳᠡᠭᠦᠯᠪᠡ᠃ | ᠲᠥᠪ ᠤᠨ ᠨᠠᠢᠮᠠᠳᠣᠭᠠᠷ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠳᠡᠳ᠋ ᠳᠠᠷᠤᠭ᠎ᠠ ᠵᠢᠴᠢ ᠬᠠᠮᠢᠶ᠎ᠠ ᠪᠦᠬᠦᠢ | ᠨᠥᠬᠦᠳ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢᠨ | ᠮᠤᠵᠢ ᠶᠢᠨ ᠬᠤᠭᠤᠷᠣᠨᠳᠤ ᠰᠣᠯᠪᠢᠴᠠᠨ ᠬᠢᠨᠠᠨ ᠰᠢᠯᠭᠠᠬᠤ ᠠᠵᠢᠯ ᠤᠨ ᠳᠤᠭᠤᠢᠢᠯᠠᠩ ᠤᠨ ᠪᠦᠬᠦ ᠨᠥᠬᠦᠳ᠂ | ᠲᠥᠪ ᠤᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠬᠠᠮᠢᠶ᠎ᠠ ᠪᠦᠬᠦᠢ ᠨᠥᠬᠦᠳ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ | ᠲᠥᠷᠦ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ | ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠶᠠᠳᠠᠭᠤ ᠶᠢ | ᠲᠡᠳᠬᠦᠬᠦ ᠨᠡᠬᠡᠬᠡᠯᠳᠡ ᠶᠢᠨ ᠠᠯᠪᠠᠨ ᠭᠡᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ᠂ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠪᠡᠭᠡᠵᠢᠩ | ᠬᠤᠲᠠ ᠶᠢᠨ ᠶᠠᠳᠠᠭᠤ ᠶᠢ ᠲᠡᠳᠬᠦᠵᠤ ᠳᠤᠰᠠᠯᠠᠬᠤ ᠠᠯᠪᠠᠨ ᠭᠡᠷ ᠤᠨ ᠺᠠᠳ᠋ᠷ ᠬᠤᠷᠠᠯ ᠳᠤ ᠰᠤᠯᠠ ᠤᠷᠤᠯᠴᠠᠵᠠᠢ᠃ | ᠨᠢᠩ ᠶᠠᠨ ᠯᠢᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯ ᠴᠢᠨᠡᠬᠡᠯᠢᠭ ᠨᠡᠶᠢᠬᠡᠮ ᠢ | ᠪᠦᠬᠦ ᠳᠠᠯ᠎ᠠ ᠪᠠᠷ ᠪᠡᠶᠡᠯᠡᠭᠦᠯᠬᠦ ᠶᠢᠨ ᠴᠢᠬᠤᠯᠠ ᠠᠴᠠ ᠴᠢᠬᠤᠯᠠ ᠠᠵᠢᠯ ᠪᠤᠯᠤᠨ᠎ᠠ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠪᠣᠯ ᠨᠠᠮ ᠤᠨ | ᠲᠥᠪ ᠬᠤᠷᠢᠶᠠᠨ ᠠᠴᠠ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠᠶᠢᠵᠤ᠂ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠪᠣᠳᠠᠲᠠᠶ | ᠠᠵᠢᠯᠯᠠᠭ᠎ᠠ ᠮᠥᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢᠨ ᠰᠢᠭᠤᠳ ᠢᠯᠡᠷᠡᠯ ᠮᠥᠨ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯᠤᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ | ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ | ᠲᠥᠷᠦ ᠶᠢᠨ ᠵᠤᠬᠰᠤᠴᠠ ᠪᠠᠨ ᠳᠡᠭᠡᠭᠰᠢᠯᠡᠭᠦᠯᠤᠨ᠂ ᠤᠯᠤᠰ ᠲᠥᠷᠦ ᠶᠢᠨ ᠬᠠᠷᠢᠭᠤᠴᠠᠯᠭ᠎ᠠ ᠪᠣᠯᠤᠨ ᠤᠯᠤᠰ | ᠲᠥᠷᠦ ᠶᠢᠨ ᠡᠬᠦᠷᠬᠡᠯᠡᠯ ᠢᠶᠠᠨ ᠴᠢᠩᠭᠠᠳᠬᠠᠵᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ | ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠤᠨ ᠴᠢᠬᠤᠯᠠ ᠶᠡᠭᠡ ᠤᠯᠤᠰ ᠲᠥᠷᠦ ᠶᠢᠨ ᠠᠴᠢ | ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠤᠯᠤᠨ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠨ᠂ ᠨᠢᠭᠡ ᠯᠡ | ᠠᠮᠢᠰᠬᠤᠭ᠎ᠠ ᠪᠠᠷ ᠬᠢᠵᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠣᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠵᠥ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ | ᠢᠶᠠᠨ ᠦᠨᠡᠨ ᠬᠦ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠳᠤ ᠬᠦᠴᠦᠳᠦ ᠪᠠᠲᠤᠯᠠᠭ᠎ᠠ ᠬᠠᠩᠭᠠᠬᠤ ᠬᠡᠷᠡᠭᠳᠡᠢ᠃ ᠤᠬᠠᠮᠰᠠᠷ ᠠᠴᠠ ᠪᠠᠨ ᠬᠢᠨᠠᠯᠲᠠ | ᠬᠦᠯᠢᠶᠡᠬᠦ ᠤᠬᠠᠮᠰᠠᠷ ᠢᠶᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠲᠥᠪ ᠤᠨ ᠱᠠᠭᠠᠷᠳᠠᠯᠭ᠎ᠠ ᠯᠤᠭ᠎ᠠ | ᠪᠠᠷᠢᠮᠵᠢᠶᠠᠯᠠᠵᠥ᠂ ᠲᠣᠰ ᠭᠠᠵᠠᠷ ᠣᠷᠣᠨ ᠤ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ | ᠲᠣᠭᠤᠷᠢᠨ ᠪᠠᠶᠢᠴᠠᠭᠠᠯᠲᠠ ᠴᠡᠭᠴᠡᠯᠡᠨ ᠰᠠᠶᠢᠵᠢᠷᠠᠭᠤᠯᠤᠯᠳᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ | ᠬᠦᠷᠦᠯᠴᠡᠬᠦ ᠦᠭᠡᠢ ᠲᠠᠯ᠎ᠠ ᠶᠢ ᠢᠳᠡᠪᠬᠢᠲᠡᠢ ᠪᠠᠶᠢᠴᠠᠭᠠᠨ ᠵᠢᠬᠰᠠᠭᠠᠵᠤ ᠰᠢᠰᠲ᠋ᠧᠮ ᠲᠠᠢ ᠡᠮᠬᠢᠯᠡᠨ᠂ ᠲᠥᠪ ᠤᠨ | ᠳᠤᠭᠤᠷᠢᠨ ᠪᠠᠶᠢᠴᠠᠭᠠᠬᠤ ᠳᠤᠭᠤᠢᠢᠯᠠᠩ ᠪᠤᠯᠤᠨ ᠬᠢᠨᠠᠨ ᠰᠢᠯᠭᠠᠬᠤ ᠳᠤᠭᠤᠢᠢᠯᠠᠩ ᠤᠨ ᠠᠵᠢᠯ ᠢ ᠢᠳᠡᠪᠬᠢᠲᠡᠢ ᠳᠠᠮᠵᠢᠨ | ᠬᠠᠮᠵᠢᠯᠴᠠᠵᠤ᠂ ᠨᠠᠮ ᠤᠨ ᠲᠥᠪ ᠬᠤᠷᠢᠶᠠᠨ ᠤ ᠲᠤᠰᠢᠶᠠᠭᠰᠠᠨ ᠤᠯᠤᠰ ᠲᠥᠷᠦ ᠶᠢᠨ ᠡᠭᠦᠷᠭᠡ ᠶᠢ ᠬᠠᠮᠲᠤ ᠪᠠᠷ | ᠰᠠᠶᠢᠲᠤᠷ ᠪᠡᠶᠡᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃ | ᠨᠢᠩ ᠶᠠᠨ ᠯᠢᠩ᠂ ᠲᠣᠭᠤᠷᠢᠨ ᠪᠠᠶᠢᠴᠠᠭᠠᠯᠳᠠ ᠪᠣᠯ ᠤᠯᠤᠰ ᠲᠥᠷᠦ ᠶᠢᠨ ᠬᠢᠨᠠᠯᠲᠠ ᠮᠥᠨ᠂ ᠲᠥᠪ ᠤᠨ | ᠳᠤᠭᠤᠷᠢᠨ ᠪᠠᠶᠢᠴᠠᠭᠠᠬᠤ ᠳᠤᠭᠤᠢᠢᠯᠠᠩ ᠤᠨ ᠬᠢᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠦ ᠶᠢᠨ ᠲᠣᠭᠤᠷᠢᠨ ᠪᠠᠶᠢᠴᠠᠭᠠᠯᠳᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠲᠠᠢ | ᠬᠠᠷᠭᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠢᠬᠳᠠ ᠠᠩᠬᠠᠷᠴᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠢᠬᠳᠠ ᠠᠩᠬᠠᠷᠴᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ᠂ ᠢᠯᠠᠩᠭᠤᠶ᠎ᠠ ︽ᠬᠤᠶᠠᠷ ᠲᠤ | ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠬᠳᠠ ᠠᠩᠬᠠᠷᠴᠤ ᠬᠢᠨᠠᠠ ᠪᠠᠶᠢᠴᠠᠭᠠᠯᠲᠠ ᠦᠷᠨᠢᠬᠦᠯᠵᠥ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠳᠠᠬᠢᠨᠳᠠ ᠳᠠᠮᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠠᠵᠢᠯ ᠢ ᠳᠠᠬᠢᠨᠳᠠ ᠱᠠᠯᠠᠪᠳᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠳᠠ ᠶᠢᠨ ᠦᠷ᠎ᠡ ᠪᠦᠲᠦᠮᠵᠢ ᠶᠢ ᠳᠠᠬᠢᠨᠳᠠ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠴᠢᠨᠠᠷ ᠰᠠᠶᠢᠳᠠᠢ ᠪᠠᠷ ᠲᠠᠭᠠᠭᠠᠮᠠᠭᠠᠢ ᠦᠷᠭᠦᠯᠵᠢᠯᠡᠬᠦ ᠶᠢ ᠪᠠᠲᠤᠯᠠᠨ᠂ ᠦᠢᠯᠡᠳᠦᠯᠭᠡ᠂ ᠲᠡᠤᠬᠡ | ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠠᠶᠢᠯᠬᠦ ᠪᠤᠯᠭᠠᠬᠤ ᠬᠡᠷᠡᠭᠳᠠᠢ ᠬᠡᠵᠥ ᠵᠢᠭᠠᠵᠥ ᠭᠠᠷᠭᠠᠪᠠ᠃ | ᠱᠢ ᠲᠠᠢ ᠹᠧᠩ᠂ ᠲᠥᠪ ᠤᠨ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠬᠢᠨ ᠥᠪᠥᠷ ᠮᠣᠩᠭᠤᠯ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠭᠢᠨ | ᠬᠠᠷᠠᠬᠤ︾ ᠠᠵᠢᠯ ᠦᠷᠨᠢᠬᠦᠯᠬᠦ᠂ ᠬᠢᠨᠠᠨ ᠰᠢᠯᠭᠠᠬᠤ ᠳᠤᠭᠤᠶᠢᠯᠠᠩ ᠤᠨ ᠬᠢᠨ ᠦᠷ᠎ᠡ ᠪᠦᠲᠦᠮᠵᠢ ᠶᠢᠨ ᠬᠢᠨᠠᠨ | ᠰᠢᠯᠭᠠᠯᠲᠠ ᠥᠷᠨᠢᠭᠦᠯᠬᠦ ᠨᠢ ᠮᠠᠨ ᠤ ᠣᠷᠣᠨ ᠤ ᠤᠯᠤᠰ ᠲᠥᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠬᠤ᠂ | ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠳᠤᠲᠠᠭᠤᠳᠠᠯ ᠳᠤᠲᠠᠭᠳᠠᠯ ᠢᠶᠠᠨ ᠨᠥᠬᠦᠪᠥᠷᠢᠯᠡᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ | ᠶᠤᠮ᠃ ᠪᠢᠳᠡ ᠯᠠᠪᠳᠠᠢ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠨᠡ ᠤᠳᠠᠭ᠎ᠠ ᠶᠢᠨ ᠲᠣᠭᠤᠷᠢᠨ | ᠪᠠᠶᠢᠴᠠᠭᠠᠯᠳᠠ ᠪᠠ ᠬᠢᠨᠠᠨ ᠰᠢᠯᠭᠠᠯᠳᠠ ᠳᠤ ᠲᠥᠪ ᠴᠢᠩᠭ᠎ᠠ ᠪᠠᠷ ᠬᠠᠨᠳᠤᠨ ᠦᠨᠡᠨᠴᠢ ᠪᠠᠷ ᠬᠦᠯᠢᠶᠡᠨ ᠠᠪᠴᠤ᠂ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ︽ᠡᠷᠬᠢᠨ ᠬᠠᠷᠠᠬᠤ︾ ᠠᠵᠢᠯ ᠢ | ᠪᠦᠬᠦ ᠬᠦᠴᠦᠨ ᠢᠶᠠᠷ ᠢᠶᠠᠨ ᠳᠠᠮᠵᠢᠵᠥ ᠬᠠᠮᠵᠢᠯᠴᠠᠨ᠎ᠠ᠃ ᠪᠢᠳᠡ ᠯᠠᠪᠳᠠᠢ ᠤᠯᠤᠰ ᠲᠥᠷᠦ ᠶᠢᠨ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ | ᠠᠳᠬᠤᠵᠤ᠂ ᠢᠯᠡᠷᠡᠭᠦᠯᠦᠭᠰᠡᠨ ᠪᠠ ᠬᠠᠷᠢᠭᠤ ᠲᠤᠰᠬᠠᠭᠰᠠᠨ ᠠᠰᠠᠭᠤᠳᠠᠯ ᠢ ᠪᠠᠷᠢᠨ ᠮᠡᠳᠡᠵᠦ ᠪᠠᠷᠢᠨ ᠰᠠᠶᠢᠵᠢᠷᠠᠭᠤᠯᠵᠤ᠂ | ᠪᠠᠷᠢᠨ ᠬᠡᠷᠡᠭᠵᠢᠭᠦᠯᠵᠦ ᠪᠠᠷᠢᠨ ᠦᠬᠡᠷᠡᠴᠢᠯᠡᠵᠥ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠳᠤᠬᠳᠠᠬᠰᠠᠨ | ᠴᠠᠭ ᠲᠤᠨᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠳᠤᠯᠠᠨ᠎ᠠ᠃ ᠪᠢᠳᠡ ᠯᠠᠪᠳᠠᠢ ᠲᠣᠰ ᠤᠳᠠᠭ᠎ᠠ ᠶᠢᠨ | ᠲᠣᠭᠤᠷᠢᠨ ᠪᠠᠶᠢᠴᠠᠭᠠᠯᠳᠠ ᠶᠢᠨ ︽ᠡᠷᠭᠢᠨ ᠬᠠᠷᠠᠬᠤ︾ ᠠᠵᠢᠯ ᠪᠤᠯᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠᠷ | ᠠᠵᠠ ᠲᠣᠬᠢᠶᠠᠯ ᠪᠣᠯᠭᠠᠨ᠂ ᠠᠷᠭ᠎ᠠ ᠬᠡᠮᠵᠢᠶ᠎ᠡ ᠪᠠᠨ ᠡᠬᠢ ᠡᠬᠦᠰᠦᠯ ᠠᠴᠠ ᠨᠢ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠤᠨ᠂ ᠰᠢᠢᠳᠪᠦᠷᠢᠲᠦ ᠳᠠᠶᠢᠯᠠᠯᠳᠤᠭᠠᠨ ᠬᠢᠵᠦ | ᠰᠢᠢᠳᠪᠦᠷᠢᠲᠦ ᠢᠯᠠᠯᠲᠠ ᠣᠯᠬᠤ ᠬᠠᠨᠳᠤᠰᠢ ᠪᠠ ᠡᠷᠴᠢᠮ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠭᠡᠯ ᠳᠡᠭᠡᠨ ᠲᠡᠤᠬᠡ ᠶᠢᠨ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ ᠬᠡᠵᠥ | ᠢᠯᠡᠳᠬᠡᠪᠡ᠃ | ᠲᠥᠪ ᠤᠨ ᠳᠤᠭᠤᠷᠢᠨ ᠪᠠᠶᠢᠴᠠᠭᠠᠬᠤ ᠳᠤᠭᠤᠢᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | 20 ᠡᠳᠦᠷ ᠰᠢᠬᠠᠮ ᠠᠵᠢᠯᠯᠠᠨ᠎ᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠶ ᠵᠢᠵᠢᠭᠦᠷᠯᠡᠬᠦ ᠤᠲᠠᠰᠤ | ᠲᠣᠬᠢᠷᠠᠭᠤᠯᠪᠠ᠄ 0471 — 6960015︔ ᠲᠤᠰᠬᠠᠶ ᠰᠢᠤᠳᠠᠨ ᠬᠠᠶᠢᠷᠴᠠᠭ᠄ ᠥᠪᠥᠷ ᠮᠣᠩᠭᠤᠯ ᠤᠨ | ᠬᠥᠬᠡᠬᠤᠲᠠ ᠶᠢᠨ A753 ᠨᠣᠮᠧᠷᠲᠤ ᠰᠢᠤᠳᠠᠨ ᠬᠠᠶᠢᠷᠴᠠᠭ᠃ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠡᠳᠦᠷ | ᠪᠦᠷᠢ ᠶᠢᠨ ᠤᠳᠠᠰᠤ ᠬᠦᠯᠢᠶᠡᠨ ᠠᠪᠴᠤ ᠰᠢᠢᠳᠪᠦᠷᠢᠯᠡᠬᠦ ᠴᠠᠭ᠄ 8᠄ 00 — 18᠄ 00 ᠤᠨ ᠬᠤᠭᠤᠷᠤᠨᠳᠤ᠃ | ᠳᠤᠭᠤᠷᠢᠨ ᠪᠠᠶᠢᠴᠠᠭᠠᠬᠤ ᠳᠤᠭᠤᠢᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠴᠠᠬ 2020 ᠤᠨ ᠤ 1 | ᠰᠠᠷ᠎ᠠ ᠶᠢᠨ 10 ᠤ ᠡᠳᠤᠷ ᠪᠤᠯᠳᠠᠯ᠎ᠠ ᠦᠷᠬᠦᠯᠵᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ | ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠲᠥᠪ ᠤᠨ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠬᠢᠨ ᠭᠤᠤᠯᠳᠠᠭᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠤᠰᠬᠠᠶ ᠲᠣᠭᠤᠷᠢᠨ | ᠪᠠᠶᠢᠴᠠᠭᠠᠯᠲᠠ ᠶᠢᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠠᠯ᠎ᠠ ᠶᠢᠨ ᠠᠰᠠᠭᠤᠳᠠᠯ ᠢ ᠲᠤᠰᠬᠠᠭᠰᠠᠨ ᠵᠠᠬᠢᠳᠠᠯ᠂ | ᠤᠳᠠᠰᠤ᠂ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠲᠣᠰ ᠤᠳᠠᠭ᠎ᠠ ᠶᠢᠨ ᠲᠣᠭᠤᠷᠢᠨ | ᠪᠠᠶᠢᠴᠠᠭᠠᠯᠳᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠤᠨ ᠲᠤᠬᠠᠶ ᠲᠤᠰᠬᠠᠯ ᠢ ᠲᠣᠭᠲᠠᠭᠠᠯ ᠶᠣᠰᠣᠭᠠᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠬᠦᠯᠦᠨ ᠳᠤᠰᠢᠶᠠᠵᠥ ᠨᠠᠷᠢᠨ ᠬᠢᠨᠠᠮᠠᠭᠠᠶ | ᠰᠢᠢᠳᠪᠦᠷᠢᠯᠡᠭᠦᠯᠬᠦ ᠪᠤᠯᠤᠨ᠎ᠡ᠃ |