ᠰᠢᠨ᠎ᠡ ᠪᠠᠷ ᠪᠠᠶᠢᠭᠤᠯᠬᠤ ᠵᠢᠨᠢᠩ— ᠳ᠋ᠠᠲ᠋ᠦ᠋ᠩ — ᠶᠤᠸᠠᠨᠫᠢᠩ ᠬᠦᠷᠬᠦ ᠲᠦᠷᠭᠡᠨ ᠤ ᠲᠠᠮᠤᠷ ᠵᠠᠮ ︵ᠦᠪᠤᠷ ᠮᠤᠩᠭᠤᠯ ᠤᠨ ᠭᠡᠰᠡᠭ︶ ᠪᠤᠯᠤᠨ ᠪᠤᠭᠤᠳᠤ — ᠢᠷᠭᠠᠢ ᠬᠦᠷᠬᠦ ᠲᠦᠷᠭᠡᠨ ᠤ ᠲᠡᠮᠤᠷ ᠵᠠᠮ ︵ᠪᠠᠶᠠᠨᠬᠤᠳᠠ — ᠢᠷᠭᠠᠢ ᠬᠦᠷᠬᠦ ᠰᠠᠯᠪᠤᠷᠢ ᠱᠤᠭᠤᠮ ᠢ ᠪᠠᠭᠳᠠᠭᠠᠨ᠎ᠡ︶᠎ ᠤᠨ ᠪᠦᠳᠦᠭᠡᠨ ᠪᠠᠶᠢᠭᠤᠯᠤᠯᠳᠠ ᠶᠢᠨ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠵᠠᠢ ᠱᠢ ᠲᠠᠢ ᠹᠧᠩ ᠲᠦᠷᠦᠯ ᠵᠦᠢᠯ ᠤᠨ ᠡᠬᠢᠯᠡᠭᠰᠡᠨ ᠢ ᠵᠠᠷᠯᠠᠵᠤ ᠪᠦ᠋ ᠰᠢᠶᠤᠤ ᠯᠢᠨ ᠲᠠᠶᠢᠴᠢᠯᠠᠯᠳᠠ ᠶᠢᠨ ᠶᠠᠷᠢᠶ᠎ᠡ ᠲᠠᠯᠪᠢᠪᠠ
ᠨᠡᠶᠢᠲᠡᠯᠡᠭᠰᠡᠨ ᠴᠠᠭ᠄
2019/12/26
     12 ᠰᠠᠷ᠎ᠡ ᠶᠢᠨ 25᠎ ᠤ ᠦᠳᠠ ᠶᠢᠨ ᠡᠮᠤᠨ᠎ᠡ᠂ ᠰᠢᠨ᠎ᠡ ᠪᠠᠷ ᠪᠠᠶᠢᠭᠤᠯᠬᠤ ᠵᠢᠨᠢᠩ — ᠳ᠋ᠠᠲ᠋ᠦ᠋ᠩ — ᠶᠤᠸ᠋ᠨᠨᠫᠢᠩ ᠬᠦᠷᠬᠦ ᠲᠦᠷᠭᠡᠨ ᠤ ᠲᠠᠮᠤᠷ ᠵᠠᠮ ︵ᠦᠪᠤᠷ ᠮᠤᠩᠭᠤᠯ ᠤᠨ ᠭᠡᠰᠡᠭ︶ ᠪᠤᠯᠤᠨ ᠪᠤᠭᠤᠳᠤ — ᠢᠷᠭᠠᠢ ᠬᠦᠷᠬᠦ ᠲᠦᠷᠭᠡᠨ ᠤ ᠲᠡᠮᠤᠷ ᠵᠠᠮ ︵ᠪᠠᠶᠠᠨᠬᠤᠳᠠ — ᠢᠷᠭᠠᠢ ᠬᠦᠷᠭᠦ ᠰᠠᠯᠪᠤᠷᠢ ᠱᠤᠭᠤᠮ ᠢ ᠪᠠᠭᠳᠠᠭᠠᠨ᠎ᠡ︶᠎ ᠤᠨ ᠪᠦᠳᠦᠭᠡᠨ ᠪᠠᠶᠢᠭᠤᠯᠤᠯᠳᠠ ᠶᠢᠨ ᠲᠠᠶᠢᠴᠢᠯᠠᠯᠳᠠ ᠶᠢᠨ ᠶᠡᠭᠡ ᠬᠤᠷᠠᠯ ᠤᠯᠠᠭᠠᠨᠴᠠᠪ ᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠶᠡᠭᠡ ᠬᠤᠷᠠᠯ ᠳᠤ ᠤᠷᠤᠯᠴᠠᠬᠰᠡᠨ ᠪᠦᠭᠡᠳ ᠲᠦᠷᠦᠯ ᠵᠦᠢᠯ ᠤᠨ ᠵᠢᠩᠬᠢᠨᠢ ᠪᠠᠷ ᠡᠬᠢᠯᠡᠭᠰᠡᠨ ᠢ ᠵᠠᠷᠯᠡᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠠᠶᠢᠴᠢᠯᠠᠯᠳᠠ ᠶᠢᠨ ᠶᠡᠷᠢᠶ᠎ᠡ ᠲᠠᠯᠪᠢᠵᠠᠢ᠃      ᠦᠪᠡᠷᠳᠡᠭᠡᠨ ᠵᠠᠰᠬᠠᠤ ᠤᠷᠤᠨ ᠤ ᠤᠳᠤᠷᠢᠳᠤᠯᠭ᠎ᠠ ᠮᠠ ᠰᠢᠤᠸᠠᠢ ᠵᠢᠶᠦ᠋ᠨ᠂ ᠵᠠᠩ ᠱᠤᠤ ᠴᠦᠨ᠂ ᠡᠤ ᠲᠤᠸᠠᠨ ᠶᠢᠩ᠂ ᠴᠠᠩ ᠵᠢᠶᠦ᠋ᠨ ᠵᠧᠩ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠢ ᠡᠷᠬᠢᠯᠡᠵᠠᠢ᠃      ᠪᠦ᠋ ᠰᠢᠶᠤᠤ ᠯᠢᠨ᠂ ᠵᠢᠨᠢᠩ — ᠳ᠋ᠠᠲ᠋ᠦ᠋ᠩ — ᠶᠤᠸᠠᠨᠫᠢᠩ ᠬᠦᠷᠬᠦ᠂ ᠪᠤᠭᠤᠳᠤ — ᠢᠷᠭᠠᠢ ᠬᠦᠷᠬᠦ ᠲᠦᠷᠭᠡᠨ ᠤ ᠲᠠᠮᠤᠷ ᠵᠠᠮ ᠤᠨ ᠲᠦᠷᠦᠯ ᠵᠦᠢᠯ ᠨᠢ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠪᠤᠷ ᠮᠤᠩᠭᠤᠯ ᠤᠨ ᠦᠨᠳᠦᠰᠤᠳᠡᠨ ᠨᠦᠭᠦᠳ ᠤᠨ ᠠᠷᠠᠳ ᠲᠦᠮᠡᠨ ᠳᠤ ᠬᠠᠨᠳᠢᠪᠯᠠᠬᠰᠠᠨ ᠬᠦᠨ ᠵᠤᠵᠠᠭᠠᠨ ᠬᠠᠶᠢᠷ᠎ᠡ ᠰᠡᠳᠭᠢᠯᠭᠡ ᠶᠢ ᠠᠴᠢᠶᠠᠯᠠᠵᠤ᠂ ᠤᠯᠤᠰ ᠤᠨ ᠬᠤᠯᠪᠤᠬᠳᠠᠯ ᠪᠦᠬᠦᠢ ᠶᠠᠮᠤᠨ ᠵᠦᠪᠯᠡᠯ ᠪᠤᠯᠤᠨ ᠤᠯᠤᠰ ᠤᠨ ᠲᠠᠮᠤᠷ ᠵᠠᠮ ᠤᠨ ᠪᠦᠯᠦᠭᠯᠡᠯ ᠠᠴᠠ ᠬᠦᠴᠤᠳᠠᠢ ᠲᠠᠮᠵᠢᠯᠭᠡ ᠦᠵᠡᠬᠦᠯᠵᠠᠢ᠃ ᠪᠢᠳᠠ ᠯᠠᠪᠳᠠᠢ ᠨᠠᠮ ᠤᠨ ᠲᠦᠪ ᠬᠤᠷᠢᠶᠠᠨ ᠤ ᠬᠠᠶᠢᠷ᠎ᠡ ᠬᠠᠯᠠᠮᠵᠢ ᠪᠤᠯᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠎ ᠢ ᠠᠵᠢᠯ ᠢᠶᠠᠨ ᠰᠠᠶᠢᠳᠤᠷ ᠬᠢᠬᠦ ᠶᠢᠨ ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠨ᠎ᠡ᠃ ᠲᠦᠷᠭᠡᠨ ᠤ ᠲᠠᠮᠤᠷ ᠵᠠᠮ ᠤᠨ ᠪᠦᠳᠦᠭᠡᠨ ᠪᠠᠶᠢᠭᠤᠯᠤᠯᠳᠠ ᠶᠢᠨ ᠪᠠᠶᠢᠭᠤᠯᠭ᠎ᠠ ᠨᠢᠭᠡᠴᠢ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠯ᠎ᠡ ᠭᠤᠬᠴᠤᠭᠠᠨ ᠤ ᠠᠵᠢᠯ ᠢ ᠲᠦᠷᠭᠡᠳᠬᠡᠨ ᠠᠬᠢᠭᠤᠯᠬᠤ ᠭᠡᠷᠡᠭᠳᠠᠢ︔ ᠶᠠᠰᠤ ᠴᠢᠨᠠᠷ ᠢ ᠲᠡᠷᠢᠬᠦᠨ ᠳᠤ ᠲᠠᠯᠪᠢᠵᠤ ᠠᠮᠤᠷ ᠲᠦᠪᠰᠢᠨ ᠢ ᠤᠨᠴᠠ ᠴᠢᠬᠤᠯᠠᠴᠢᠯᠠᠬᠤ ᠶᠢ ᠪᠠᠷᠢᠮᠳᠠᠯᠠᠨ᠂ ᠲᠦᠷᠦᠯ ᠵᠦᠢᠯ ᠢ ᠰᠤᠳᠤᠨ ᠢᠨᠵᠧᠨᠧᠷᠢᠩ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠭᠡᠷᠡᠭᠳᠠᠢ᠃ ᠲᠡᠮᠤᠷ ᠵᠠᠮ ᠲᠠᠭᠠᠤ ᠡᠯ᠎ᠡ ᠠᠶᠢᠮᠠᠭ ᠬᠤᠳᠠ ᠪᠤᠯᠤᠨ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠨᠢᠭᠡᠳᠦᠯᠳᠠᠢ ᠲᠦᠯᠦᠪᠵᠢᠬᠦᠯᠤᠨ ᠵᠤᠬᠢᠴᠠᠭᠤᠯᠬᠤ ᠪᠠᠨ ᠴᠢᠩᠭᠠᠳᠬᠠᠵᠤ᠂ ᠪᠦᠳᠦᠭᠡᠨ ᠪᠠᠶᠢᠭᠤᠯᠤᠯᠳᠠ ᠶᠢᠨ ᠰᠠᠶᠢᠨ ᠰᠠᠶᠢᠬᠠᠨ ᠤᠷᠴᠢᠨ ᠢ ᠪᠤᠢ ᠪᠤᠯᠭᠠᠵᠤ᠂ ᠲᠦᠷᠦᠯ ᠵᠦᠢᠯ ᠤᠨ ᠤᠷᠤᠬᠰᠢᠳᠠᠢ ᠶᠠᠪᠤᠬᠳᠠᠬᠤ ᠶᠢ ᠦᠨᠡᠨ ᠬᠦ ᠪᠠᠳᠤᠯᠠᠬᠤ ᠶᠢᠨ ᠵᠡᠷᠭᠡ ᠪᠠᠷ ︽ᠲᠦᠷᠭᠡᠨ ᠤ ᠲᠡᠮᠤᠷ ᠵᠠᠮ ᠤᠨ ᠠᠵᠤ ᠠᠬᠤᠢ︾᠎ ᠶᠢᠨ ᠬᠦᠭᠵᠢᠯᠳᠠ ᠶᠢ ᠢᠳᠡᠪᠬᠢᠳᠠᠢ ᠲᠦᠯᠦᠪᠵᠢᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠦᠪᠤᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠳᠠ ︵ᠪᠦᠯᠦᠭᠯᠡᠯ︶᠎ ᠶᠢᠨ ᠬᠢᠵᠠᠭᠠᠷᠳᠤ ᠺᠤᠮᠫᠠᠨᠢ᠂ ᠲᠤᠮᠳᠠᠳᠤ ᠤᠯᠤᠰ ᠤᠨ ᠲᠠᠮᠤᠷ ᠵᠠᠮ ᠤᠨ ᠬᠦᠭᠡᠬᠤᠳᠠ ᠶᠢᠨ ᠲᠤᠪᠴᠢᠶ᠎ᠠ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠲᠤᠰ ᠲᠤᠰ ᠦᠬᠡ ᠬᠡᠯᠡᠪᠡ᠂ ᠤᠯᠠᠭᠠᠨᠴᠠᠪ ᠬᠤᠳᠠ ᠪᠤᠯᠤᠨ ᠪᠠᠶᠠᠨᠨᠠᠭᠤᠷ ᠬᠤᠳᠠ ᠶᠢᠨ ᠬᠠᠷᠢᠭᠤᠴᠠᠯᠭᠠᠳᠠᠨ ᠪᠠᠰᠠ ᠲᠦᠷᠦᠯ ᠵᠦᠢᠯ ᠤᠨ ᠲᠡᠮᠤᠷ ᠵᠠᠮ ᠲᠠᠭᠠᠤ ᠠᠶᠢᠮᠠᠭ ᠬᠤᠳᠠ ᠶᠢ ᠲᠦᠯᠦᠭᠡᠯᠡᠵᠤ ᠲᠤᠰ ᠲᠤᠰ ᠦᠭᠡ ᠬᠡᠯᠡᠵᠠᠢ᠃ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠠᠮᠤᠷ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠤᠳᠤᠷᠢᠳᠬᠤ ᠲᠤᠭᠤᠢᠢᠯᠠᠩ ᠤᠨ ᠡᠯ᠎ᠡ ᠪᠦᠷᠢᠯᠳᠦᠬᠦᠨ ᠨᠢᠭᠡᠴᠢ ᠪᠤᠯᠤᠨ ᠲᠦᠷᠦᠯ ᠵᠦᠢᠯ ᠤᠨ ᠲᠡᠮᠤᠷ ᠵᠠᠮ ᠲᠠᠭᠠᠤ ᠠᠶᠢᠮᠠᠭ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠬᠠᠷᠢᠭᠤᠴᠠᠯᠭᠠᠳᠠᠨ ᠨᠦᠬᠦᠳ᠂ ᠲᠦᠷᠦᠯ ᠵᠦᠢᠯ ᠢ ᠵᠢᠷᠤᠵᠤ ᠲᠦᠯᠦᠪᠯᠡᠭᠰᠡᠨ ᠨᠢᠭᠡᠴᠢ ᠶᠢᠨ ᠬᠠᠷᠢᠭᠤᠴᠠᠯᠭᠠᠳᠠᠨ ᠨᠠᠷ ᠶᠡᠭᠡ ᠬᠤᠷᠠᠯ ᠳᠤ ᠤᠷᠤᠯᠴᠠᠵᠠᠢ᠃      ᠬᠤᠷᠠᠯ ᠤᠨ ᠲᠠᠷᠠᠭ᠎ᠠ ᠱᠢ ᠲᠠᠢ ᠹᠧᠩ᠂ ᠪᠦ᠋ ᠰᠢᠶᠤᠤ ᠯᠢᠨ ᠵᠡᠷᠭᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠨᠠᠷ ᠵᠢᠨᠢᠩ — ᠳ᠋ᠠᠲ᠋ᠦ᠋ᠩ — ᠶᠤᠸ᠋ᠨᠨᠫᠢᠩ ᠬᠦᠷᠬᠦ ᠲᠦᠷᠭᠡᠨ ᠤ ᠲᠠᠮᠤᠷ ᠵᠠᠮ ︵ᠦᠪᠤᠷ ᠮᠤᠩᠭᠤᠯ ᠤᠨ ᠭᠡᠰᠡᠭ︶ ᠪᠤᠯᠤᠨ ᠪᠤᠭᠤᠳᠤ — ᠢᠷᠭᠠᠢ ᠬᠦᠷᠬᠦ ᠲᠦᠷᠭᠡᠨ ᠤ ᠲᠠᠮᠤᠷ ᠵᠠᠮ ︵ᠪᠠᠶᠠᠨᠬᠤᠳᠠ — ᠢᠷᠭᠠᠢ ᠬᠦᠷᠬᠦ ᠰᠠᠯᠪᠤᠷᠢ ᠱᠤᠭᠤᠮ ᠢ ᠪᠠᠭᠳᠠᠭᠠᠨ᠎ᠡ︶᠎ ᠤᠨ ᠲᠦᠷᠦᠯ ᠵᠦᠢᠯ ᠤᠨ ᠬᠤᠯᠪᠤᠬᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠤᠢᠢᠯᠠᠭᠠᠬᠰᠡᠨ ᠢᠶᠠᠷ᠂ ᠵᠢᠨᠢᠩ — ᠳ᠋ᠠᠲ᠋ᠦ᠋ᠩ — ᠶᠤᠸᠠᠨᠫᠢᠩ ᠬᠦᠷᠬᠦ ᠲᠦᠷᠭᠡᠨ ᠤ ᠲᠠᠮᠤᠷ ᠵᠠᠮ ᠪᠤᠯ ᠤᠯᠤᠰ ᠤᠨ ︽ᠨᠠᠢᠮᠠᠨ ᠭᠤᠯᠳᠤ ᠨᠠᠢᠮᠠᠨ ᠬᠦᠨᠳᠡᠯᠡᠨ︾ ᠲᠦᠷᠭᠡᠨ ᠤ ᠲᠡᠮᠤᠷ ᠵᠠᠮ ᠤᠨ ᠲᠤᠤᠷ ᠤᠨ ᠲᠤᠳᠤᠷᠠᠬᠢ ︽ᠨᠠᠢᠮᠠᠨ ᠭᠤᠯᠳᠤ︾ ᠲᠦᠷᠬᠡᠨ ᠤ ᠲᠡᠮᠤᠷ ᠵᠠᠮ ᠤᠨ ᠨᠢᠭᠡ ᠪᠤᠯᠤᠨ᠎ᠡ᠂ ᠬᠦᠭᠡᠬᠤᠳᠠ — ᠨᠠᠨᠨᠢᠩ ᠬᠦᠷᠬᠦ ᠵᠠᠮ ᠤᠨ ᠴᠢᠬᠤᠯᠠ ᠪᠦᠷᠢᠯᠳᠦᠬᠦᠨ ᠭᠡᠰᠡᠭ ᠪᠤᠯᠤᠨ᠎ᠠ᠂ ᠵᠠᠮ ᠤᠨ ᠪᠦᠬᠦ ᠤᠷᠳᠤ ᠨᠢ 269 ᠺᠢᠯᠤᠮᠧᠲᠷ ᠪᠠᠶᠢᠵᠤ᠂ ᠡᠬᠦᠨ ᠳᠤ ᠦᠪᠤᠷ ᠮᠤᠩᠭᠤᠯ ᠤᠨ ᠭᠡᠰᠡᠭ ᠲᠠᠬᠢ ᠤᠷᠳᠤ ᠨᠢ 72 ᠺᠢᠯᠤᠮᠧᠲᠷ ᠪᠤᠢ᠃ ᠪᠤᠭᠤᠳᠤ — ᠢᠷᠭᠠᠢ ᠬᠦᠷᠬᠦ ᠲᠦᠷᠭᠡᠨ ᠤ ᠲᠠᠮᠤᠷ ᠵᠠᠮ ᠪᠤᠯ ᠤᠯᠤᠰ ᠤᠨ ︽ᠨᠠᠢᠮᠠᠨ ᠭᠤᠯᠳᠤ ᠨᠠᠢᠮᠨᠨ ᠬᠦᠨᠳᠡᠯᠡᠨ︾ ᠲᠦᠷᠭᠡᠨ ᠤ ᠲᠠᠮᠤᠷ ᠵᠠᠮ ᠤᠨ ᠲᠤᠤᠷ ᠤᠨ ᠲᠤᠳᠤᠷᠠᠬᠢ ︽ᠨᠠᠢᠮᠠᠨ ᠬᠦᠨᠳᠡᠯᠡᠨ︾ ᠲᠦᠷᠬᠡᠨ ᠤ ᠲᠡᠮᠤᠷ ᠵᠠᠮ ᠤᠨ ᠨᠢᠭᠡ ᠪᠤᠯᠤᠨ᠎ᠡ᠂ ᠪᠡᠭᠡᠵᠢᠩ — ᠯᠠᠨᠵᠸᠤ ᠬᠦᠷᠬᠦ ᠵᠠᠮ ᠤᠨ ᠴᠢᠬᠤᠯᠠ ᠪᠦᠷᠢᠯᠳᠦᠬᠦᠨ ᠭᠡᠰᠡᠭ ᠪᠤᠯᠤᠨ᠎ᠠ᠂ ᠵᠠᠮ ᠤᠨ ᠪᠦᠬᠦ ᠤᠷᠳᠤ ᠨᠢ 419 ᠺᠢᠯᠤᠮᠧᠲᠷ ᠪᠠᠶᠢᠵᠤ᠂ ᠡᠬᠦᠨ ᠳᠤ ᠦᠪᠤᠷ ᠮᠤᠩᠭᠤᠯ ᠤᠨ ᠭᠡᠰᠡᠭ ᠲᠠᠬᠢ ᠤᠷᠳᠤ ᠨᠢ 402 ᠺᠢᠯᠤᠮᠧᠲᠷ ᠪᠤᠢ︔ ᠪᠠᠶᠠᠨᠬᠤᠳᠠ — ᠢᠷᠭᠠᠢ ᠬᠦᠷᠬᠦ ᠰᠠᠯᠪᠤᠷᠢ ᠱᠤᠭᠤᠮ ᠤᠨ ᠪᠦᠬᠦ ᠤᠷᠳᠤ 110 ᠺᠢᠯᠤᠮᠧᠲᠷ ᠪᠠᠶᠢᠵᠤ᠂ ᠡᠬᠦᠨ ᠳᠤ ᠦᠪᠤᠷ ᠮᠤᠩᠭᠤᠯ ᠤᠨ ᠭᠡᠰᠡᠭ ᠲᠠᠬᠢ ᠤᠷᠳᠤ ᠨᠢ 75 ᠺᠢᠯᠤᠮᠧᠲᠷ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号