ᠮᠠᠨ ᠤ ᠤᠷᠤᠨ 2019 ᠣᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ ᠪᠤᠤ ᠭᠠᠩ ᠭᠤᠤᠯ ᠰᠡᠲᠤᠪᠲᠤ ᠨᠡᠶᠢᠲᠡᠯᠡᠯ ᠬᠢᠪᠡ
ᠨᠡᠶᠢᠲᠡᠯᠡᠭᠰᠡᠨ ᠴᠠᠭ᠄
2019/12/26
     12 ᠰᠠᠷ᠎ᠠ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ 2019 ᠣᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠩ ᠮᠠᠨ ᠤ ᠤᠷᠤᠨ ᠤ 2019 ᠣᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠤᠨ ᠪᠠᠶᠢᠳᠠᠯ ᠢ ᠨᠡᠶᠢᠲᠡᠯᠡᠵᠤ᠂ ᠬᠤᠷᠠᠯ ᠳᠤ ᠤᠷᠤᠯᠴᠠᠭᠰᠠᠨ ᠬᠠᠮᠢᠶ᠎ᠠ ᠪᠦᠬᠦᠢ ᠤᠳᠤᠷᠢᠳᠤᠯᠭ᠎ᠠ ᠤᠷᠴᠢᠨ ᠳᠤᠭᠤᠷᠢᠨ ᠤ ᠵᠠᠰᠠᠯᠳᠠ ᠶᠢᠨ ᠬᠠᠯᠠᠮᠰᠢᠯ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠤᠶᠢᠯᠠᠭᠠᠭᠰᠠᠨ ᠢᠶᠠᠷ᠂ ᠡᠨᠡ ᠵᠢᠯ ᠤᠨ 1 — 11 ᠰᠠᠷ᠎ᠠ ᠳᠤ᠂ ᠪᠦᠬᠦ ᠤᠷᠤᠨ ᠤ ᠠᠭᠠᠷ ᠤᠨ ᠰᠢᠯᠢᠳᠡᠭ ᠡᠳᠦᠷ ᠤᠨ ᠬᠠᠷᠢᠴᠠᠯ 89.9%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.3 ᠬᠤᠪᠢ ᠲᠡᠭᠡᠭᠰᠢᠯᠡᠵᠦ᠂ 83.5%᠎ ᠳᠤ ᠬᠦᠷᠬᠡᠬᠦ ᠣᠨ ᠤ ᠬᠠᠷᠠᠯᠲᠠ ᠶᠢ ᠲᠠᠪᠠᠭᠤᠯᠤᠨ ᠪᠡᠶᠡᠯᠡᠭᠦᠯᠪᠡ᠃ ᠤᠷᠴᠢᠨ ᠲᠤᠭᠤᠷᠢᠨ ᠤ ᠠᠭᠠᠷ ᠤᠨ ᠵᠢᠵᠢᠭ ᠮᠦᠬᠦᠯᠢᠭᠲᠦ ᠪᠤᠳᠠᠰ ︵PM 2.5︶᠎ ᠤᠨ ᠲᠤᠮᠳᠠᠴᠢ ᠦᠳᠭᠡᠴᠡ ᠶᠢᠨ ᠬᠡᠮᠵᠢᠶ᠎ᠡ ᠲᠡᠭᠰᠢ ᠲᠦᠷᠪᠡᠯᠵᠢᠨ ᠮᠧᠲᠷ ᠪᠦᠷᠢ 25 ᠮᠢᠺᠷᠤᠭ᠍ᠷᠠᠮ ᠳᠤ ᠬᠦᠷᠴᠦ᠂ ᠡᠭᠦᠨ ᠳᠤ ᠤᠯᠤᠰ ᠤᠨ ᠬᠢᠨᠠᠨ ᠰᠢᠯᠭᠠᠯᠲᠠ ᠳᠤ ᠤᠷᠤᠭᠰᠠᠨ 10 ᠠᠶᠢᠮᠠᠭ ᠬᠤᠲᠠ ᠶᠢᠨ ᠠᠭᠠᠷ ᠤᠨ ᠵᠢᠵᠢᠭ ᠮᠦᠬᠦᠯᠢᠭᠲᠦ ᠪᠤᠳᠠᠰ ︵PM 2.5︶᠎ ᠤᠨ ᠲᠤᠮᠳᠠᠴᠢ ᠦᠳᠭᠡᠴᠡ ᠶᠢᠨ ᠬᠡᠮᠵᠢᠶ᠎ᠡ ᠲᠡᠭᠰᠢ ᠲᠦᠷᠪᠡᠯᠵᠢᠨ ᠮᠧᠲᠷ ᠪᠦᠷᠢ 26 ᠮᠢᠺᠷᠤᠭ᠍ᠷᠠᠮ ᠬᠦᠷᠦᠨ᠂ 2015 ᠣᠨ ᠎ ᠤ ᠬᠢ ᠲᠠᠢ ᠬᠠᠷᠢᠴᠠᠭᠤᠯᠪᠠᠯ 29.7%᠎ ᠪᠠᠷ ᠪᠠᠭᠤᠷᠠᠪᠠ᠃ ᠪᠦᠬᠦ ᠤᠷᠤᠨ ᠤ ᠤᠯᠤᠰ ᠤᠨ ᠬᠢᠨᠠᠨ ᠰᠢᠯᠭᠠᠯᠲᠠ ᠳᠤ ᠤᠷᠤᠭᠰᠠᠨ 52 ᠭᠠᠵᠠᠷ ᠲᠤᠤᠷᠠᠬᠢ ᠤᠰᠤᠨ ᠤ ᠤᠭᠳᠤᠯᠤᠭᠠᠰᠤ ᠶᠢᠨ ᠰᠢᠯᠢᠳᠡᠭ ᠤᠰᠤᠨ ᠴᠤᠭᠴᠠ ᠶᠢᠨ ᠬᠠᠷᠢᠴᠠᠯ 63.5%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 9.7 ᠬᠤᠪᠢ ᠲᠡᠭᠡᠭᠰᠢᠯᠡᠵᠦ᠂ 59.6%᠎ ᠠᠴᠠ ᠳᠤᠭᠤᠭᠰᠢᠯᠠᠭᠤᠯᠬᠤ ᠦᠭᠡᠢ ᠣᠨ ᠤ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃ 42 ᠭᠠᠵᠠᠷ ᠤᠨ ᠲᠡᠰ ᠤᠨ ᠬᠤᠲᠠ ᠶᠢᠨ ᠲᠦᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 81%᠎ ᠳᠤ ᠬᠦᠷᠴᠡᠢ᠃ ᠪᠦᠬᠦ ᠤᠷᠤᠨ ᠤ ᠲᠠᠷᠢᠶᠠᠯᠠᠩ ᠳᠤ ᠬᠡᠷᠡᠭᠯᠡᠬᠦ ᠬᠦᠷᠦᠰᠦ ᠰᠢᠷᠤᠢ ᠶᠢᠨ ᠪᠤᠬᠢᠷᠳᠤᠭᠰᠠᠨ ᠪᠠᠶᠢᠳᠠᠯ ᠤᠨ ᠨᠠᠷᠢᠨ ᠪᠠᠶᠢᠴᠠᠭᠠᠯᠲᠠ ᠳᠤ ᠤᠷᠤᠭᠰᠠᠨ 22009 ᠬᠦᠷᠦᠰᠦ ᠰᠢᠷᠤᠢ ᠶᠢᠨ ᠬᠢᠨᠠᠨ ᠬᠡᠮᠵᠢᠯᠲᠡ ᠶᠢᠨ ᠴᠡᠭ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 98%᠎ ᠠᠴᠠ ᠲᠡᠭᠡᠭᠰᠢ ᠳᠤ ᠬᠦᠷᠴᠦ᠂ ᠬᠦᠷᠦᠰᠦ ᠰᠢᠷᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠰᠠᠶᠢᠵᠢᠷᠠᠪᠠ᠃ ᠪᠦᠬᠦ ᠤᠷᠤᠨ ᠤ 109 ᠬᠤᠲᠠ ᠪᠠᠯᠭᠠᠰᠤᠨ ᠤ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠲᠤᠮᠳᠠᠴᠢ ᠪᠠᠷᠢᠮᠵᠢᠶ᠎ᠠ ᠳᠤ ᠬᠦᠷᠦᠭᠰᠡᠨ ᠭᠠᠳᠠᠭᠰᠢᠯᠠᠭᠤᠯᠬᠤ ᠨᠤᠷᠮ᠎ᠠ 99.5%᠎ ᠳᠤ ᠬᠦᠷᠴᠦ᠂ ᠤᠰᠤ ᠶᠢ ᠲᠠᠬᠢᠨ ᠠᠰᠢᠬᠯᠠᠭᠰᠠᠨ ᠨᠤᠷᠮ᠎ᠠ 20%᠎ ᠶᠢ ᠲᠠᠪᠠᠭᠰᠠᠨ ᠰᠢᠯᠢᠳᠡᠭ ᠠᠮᠵᠢᠯᠲᠠ ᠶᠢ ᠡᠭᠦᠳᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号