12 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠨ ᠦᠷᠭᠦᠯᠵᠢᠯᠡᠨ ᠴᠢᠩᠭᠠᠳᠬᠠᠪᠠ᠃ 2016 | ᠣᠨ ᠤ ᠨᠢᠭᠡᠳᠦᠭᠡᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ 49 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 35 ᠵᠦᠢᠯ ᠢ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ 71.4% ᠳᠤ ᠬᠦᠷᠴᠡᠶ︔ 2018 ᠣᠨ ᠤ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠵᠢᠴᠢ ᠨᠤᠲᠤᠭ | ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠰᠢᠮᠳᠠᠭᠤᠯᠤᠨ ᠪᠠᠶᠢᠴᠠᠭᠠᠯᠲᠠ ᠶᠢᠨ | 100 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 59 ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ | 59% ᠳᠤ ᠬᠥᠷᠪᠡ︔ ᠣᠯᠠᠨ ᠲᠦᠮᠡᠨ ᠤ ᠵᠠᠬᠢᠳᠠᠯ ᠰᠣᠷᠪᠣᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠦᠴᠦᠨ | ᠪᠦᠬᠦᠢ 2313 ᠠᠰᠠᠭᠤᠳᠠᠯ ᠤᠨ 2278 ᠶᠢ ᠴᠡᠭᠴᠡᠯᠡᠨ ᠵᠠᠰᠠᠵᠤ᠂ ᠪᠡᠶᠡᠯᠡᠭᠦᠯᠦᠭᠰᠡᠨ ᠨᠣᠷᠮ᠎ᠠ 98.5% ᠳᠤ | ᠬᠦᠷᠪᠡ᠃ | ᠣᠶᠢᠯᠠᠭᠠᠭᠰᠠᠨ ᠢᠶᠠᠷ᠂ ᠡᠨᠡ ᠵᠢᠯ ᠤᠨ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ᠂ ᠥᠪᠡᠷᠲᠡᠭᠡᠨ | ᠵᠠᠰᠠᠬᠤ ᠣᠷᠣᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ | ᠡᠬᠢᠯᠡᠭᠦᠯᠵᠦ᠂ ᠢᠷᠡᠬᠦ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 12 ᠠᠶᠢᠮᠠᠭ ᠬᠤᠲᠠ ᠳᠤ | ᠪᠦᠬᠦᠨ ᠢ ᠨᠢᠭᠡ ᠤᠳᠠᠭ᠎ᠠ ᠰᠢᠮᠳᠠᠭᠤᠯᠤᠨ ᠪᠠᠶᠢᠴᠠᠭᠠᠵᠦ᠂ ᠣᠯᠠᠨ ᠲᠦᠮᠡᠨ ᠤ ᠰᠡᠳᠬᠢᠯ ᠬᠠᠯᠠᠮᠰᠢᠵᠤ ᠪᠠᠶᠢᠭ᠎ᠠ ᠨᠢᠭᠡ | ᠪᠦᠯᠦᠭ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠥᠨᠡᠨ ᠬᠦ ᠰᠢᠢᠳᠪᠦᠷᠢᠯᠡᠬᠦ ᠪᠣᠯᠣᠨ᠎ᠠ᠃ | ᠣᠳᠣᠬᠠᠨ ᠳᠤ᠂ 6 ᠠᠶᠢᠮᠠᠭ ᠬᠤᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠡᠶᠡᠯᠡᠭᠦᠯᠵᠦ᠂ ᠡᠨᠡ ᠬᠦ | ᠬᠤᠭᠤᠴᠠᠭᠠᠨ ᠳᠤ 2.1 ᠲᠦᠮᠡ ᠭᠠᠷᠤᠢ ᠬᠤᠪᠢ ᠪᠢᠴᠢᠭ ᠮᠠᠲ᠋ᠧᠷᠢᠶᠠᠯ ᠢ ᠰᠢᠯᠵᠢᠭᠦᠯᠦᠨ ᠦᠵᠡᠵᠦ᠂ 72 ᠰᠠᠯᠠᠭ᠎ᠠ | ᠮᠥᠴᠢᠷ ᠢ ᠰᠤᠷᠪᠤᠯᠵᠢᠯᠠᠨ᠂ 48 ᠬᠤᠰᠢᠭᠤ ᠰᠢᠶᠠᠨ ᠲᠣᠭᠤᠷᠢᠭ ᠲᠤ ᠰᠢᠮᠳᠠᠭᠤᠯᠤᠨ ᠪᠠᠶᠢᠴᠠᠭᠠᠯᠲᠠ ᠶᠢ | ᠭᠦᠨᠵᠡᠭᠡᠶᠢᠷᠡᠭᠦᠯᠪᠡ᠂ 1563 ᠠᠵᠤ ᠠᠬᠤᠶᠢᠯᠠᠯ ︵ᠲᠥᠷᠥᠯ ᠵᠦᠢᠯ︶ ᠢ ᠪᠣᠳᠠᠲᠠᠶ ᠭᠠᠵᠠᠷ ᠲᠤ ᠨᠢ ᠪᠠᠶᠢᠴᠠᠭᠠᠵᠤ᠂ | ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 2261 ᠠᠰᠠᠭᠤᠳᠠᠯ ᠤᠨ ᠪᠠᠶᠢᠴᠠᠭᠠᠨ ᠰᠢᠢᠳᠪᠦᠷᠢᠯᠡᠬᠦ ᠠᠵᠢᠯ ᠢ | ᠪᠡᠶᠡᠯᠡᠭᠦᠯᠵᠦ᠂ 549 ᠬᠡᠷᠡᠭ ᠢ ᠵᠠᠷᠯᠢᠭᠳᠠᠨ ᠵᠠᠯᠠᠷᠠᠭᠤᠯᠵᠤ᠂ 161 ᠬᠡᠷᠡᠭ ᠢ ᠬᠡᠷᠡᠭ ᠪᠣᠯᠭᠠᠨ ᠳᠠᠩᠰᠠᠯᠠᠵᠤ | ᠪᠠᠶᠢᠴᠠᠭᠠᠨ ᠰᠢᠢᠳᠪᠦᠷᠢᠯᠡᠵᠦ᠂ 1719.96 ᠲᠦᠮᠡᠨ ᠲᠥᠭᠦᠷᠢᠭ ᠢᠶᠠᠷ ᠲᠣᠷᠭᠠᠵᠤ᠂ 60 ᠬᠡᠷᠡᠭ ᠢ ᠬᠡᠷᠡᠭ ᠪᠣᠯᠭᠠᠨ | ᠳᠠᠩᠰᠠᠯᠠᠵᠤ ᠮᠦᠷᠳᠡᠨ ᠪᠠᠶᠢᠴᠠᠭᠠᠪᠠ᠃ | ᠡᠭᠦᠨ ᠠᠴᠠ ᠭᠠᠳᠠᠨ᠎ᠠ᠂ ᠮᠠᠨ ᠤ ᠣᠷᠣᠨ ᠪᠠᠰᠠ ᠨᠤᠲᠤᠭ ᠪᠡᠯᠴᠢᠭᠡᠷ ᠪᠠ ᠣᠢ ᠰᠢᠭᠤᠶ ᠶᠢ ᠬᠠᠮᠠᠭᠠᠯᠠᠬᠤ | ᠠᠵᠢᠯ ᠢ ᠭᠤᠤᠯ ᠡᠭᠦᠷᠭᠡ ᠪᠠᠨ ᠪᠣᠯᠭᠠᠵᠤ᠂ ᠠᠭᠤᠷᠬᠠᠶ ᠨᠡᠭᠡᠭᠡᠨ ᠮᠠᠯᠲᠠᠵᠦ ᠨᠤᠲᠤᠭ ᠪᠡᠯᠴᠢᠭᠡᠷ ᠢ ᠡᠪᠳᠡᠬᠦ᠂ | ᠵᠢᠭᠤᠯᠴᠢᠯᠠᠯ ᠤᠨ ᠨᠤᠲᠤᠭ ᠪᠡᠯᠴᠢᠭᠡᠷ ᠢ ᠡᠮᠬᠢ ᠵᠢᠷᠤᠮ ᠦᠭᠡᠢ ᠪᠠᠷ ᠨᠡᠭᠡᠭᠡᠨ ᠠᠰᠢᠭᠯᠠᠵᠤ ᠡᠵᠡᠯᠡᠭᠰᠡᠨ ᠵᠢᠴᠢ | ᠬᠡᠲᠦᠷᠡᠲᠡᠯ᠎ᠡ ᠮᠠᠯ ᠮᠠᠯᠵᠢᠬᠤ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠵᠠᠰᠠᠵᠤ᠂ ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠳᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠭᠰᠡᠨ ᠥᠬᠡᠶ 3647 ᠲᠥᠷᠥᠯ | ᠵᠦᠢᠯ ᠢ ᠵᠢᠭᠰᠠᠭᠠᠨ ᠪᠠᠶᠢᠴᠠᠭᠠᠵᠤ᠂ 3645 ᠶᠢ ᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠨᠣᠷᠮ᠎ᠠ ᠨᠢ 99.9% ᠳᠤ ᠬᠦᠷᠪᠡ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠶᠢᠨ | ᠭᠤᠣᠯᠳᠠᠯᠭ᠎ᠠ ᠪᠣᠯᠭᠠᠵᠤ᠂ ᠪᠦᠬᠦ ᠣᠷᠣᠨ ᠤ 35 ᠠᠭᠤᠷᠬᠠᠢ ᠶᠢᠨ ᠠᠵᠤ ᠠᠬᠤᠶᠢᠯᠠᠯ ᠨᠢ ︽ᠤᠯᠤᠰ ᠤᠨ ᠲᠡᠰ ᠤᠨ | ᠪᠣᠬᠢᠷᠲᠤᠯ ᠦᠭᠡᠢ ᠠᠭᠤᠷᠬᠠᠢ ᠶᠢᠨ ᠲᠤᠷᠰᠢᠯᠲᠠ ᠶᠢᠨ ᠨᠢᠭᠡᠴᠢ︾ ᠪᠠᠷ ᠦᠨᠡᠯᠡᠭᠳᠡᠨ᠂ 71 ᠠᠭᠤᠷᠬᠠᠢ ᠶᠢᠨ ᠠᠵᠤ | ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ | ᠣᠷᠣᠬᠤ ᠪᠠᠷ ᠭᠤᠶᠤᠴᠢᠯᠠᠵᠤ᠂ ᠨᠢᠭᠡᠨᠲᠡ 69 ᠠᠵᠤ ᠠᠬᠤᠶᠢᠯᠠᠯ ᠢ ᠵᠠᠷᠯᠠᠨ ᠨᠡᠶᠢᠲᠡᠯᠡᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠳᠣᠲᠣᠷᠠᠬᠢ ᠦᠢᠯᠡᠳᠪᠦᠷᠢ ᠠᠭᠤᠷᠬᠠᠢ ᠶᠢᠨ ᠲᠥᠷᠥᠯ ᠤᠨ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ 663 ᠠᠵᠢᠯᠯᠠᠭ᠎ᠠ ᠶᠢᠨ 630 ᠶᠢ ᠨᠢ ᠨᠢᠭᠡᠨᠲᠡ ᠤᠬᠤᠷᠢᠭᠤᠯᠤᠨ ᠭᠠᠷᠭᠠᠪᠠ᠃ |