ᠱᠢ ᠲᠠᠢ ᠹᠧᠩ ᠪᠦ᠋ ᠰᠢᠶᠣᠤ ᠯᠢᠨ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠦ ᠳ᠋ᠦᠩ ᠹᠦ᠋ ᠲᠠᠢ ᠠᠭᠤᠯᠵᠠᠪᠠ
ᠨᠡᠶᠢᠲᠡᠯᠡᠭᠰᠡᠨ ᠴᠠᠭ᠄
2019/12/30
     12 ᠰᠠᠷ᠎ᠠ ᠶᠢᠨ 29᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠥᠬᠡᠬᠤᠲᠠ ᠳᠤ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠦ ᠳ᠋ᠦᠩ ᠹᠦ᠋ ᠲᠠᠢ ᠠᠭᠤᠯᠵᠠᠪᠠ᠃      ᠬᠤᠶᠠᠷ ᠲᠠᠯ᠎ᠠ ᠪᠠᠷ ᠢᠶᠠᠨ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ︽ᠵᠠᠰᠠᠮᠠᠯ ᠵᠠᠮ ᠢᠶᠠᠷ ᠳᠡᠬᠡᠬᠡᠪᠦᠷᠢᠯᠡᠵᠤ ᠪᠠᠶᠢᠬᠰᠠᠨ ᠢ ᠳᠡᠮᠦᠷ ᠵᠠᠮ ᠢᠶᠠᠷ ᠲᠡᠭᠡᠭᠡᠪᠤᠷᠢᠯᠡᠬᠦ︾ ᠡᠳ᠋ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠪᠦᠳᠦᠬᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠵᠢᠴᠢ ᠳᠦᠯᠦᠪᠵᠢᠬᠦᠯᠦᠭᠰᠡᠨ ᠭᠤᠤᠯᠳᠠᠯᠭ᠎ᠠ ᠲᠠᠢ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠢᠯᠠᠩᠭᠤᠶ᠎ᠠ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠲᠡᠮᠦᠷ ᠵᠠᠮ ᠎ ᠤᠨ ᠬᠤᠷᠳᠤᠴᠠ ᠶᠢ ᠨᠡᠮᠡᠭᠳᠡᠬᠦᠯᠵᠥ ᠥᠭᠡᠷᠡᠴᠢᠯᠡᠨ ᠰᠢᠨᠡᠳᠬᠡᠬᠦ ᠵᠡᠷᠭᠡ ᠠᠰᠠᠭᠤᠳᠠᠯ ᠤᠨ ᠳᠤᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠠᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠠ ᠰᠢᠤᠸᠠᠢ ᠵᠢᠶᠦ᠋ᠨ᠂ ᠵᠠᠩ ᠱᠣᠣ ᠴᠦᠨ᠂ ᠠᠶ ᠯᠢ ᠬᠤᠸᠠ᠂ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠠᠩ ᠢᠦᠶ ᠳ᠋ᠦᠩ᠂ ᠳᠡᠳ᠋ ᠶᠡᠷᠦᠩᠬᠡᠶ ᠳᠠᠭᠠᠭᠠᠮᠠᠯ ᠯᠢ ᠸᠧᠨ ᠰᠢᠨ᠂ ᠬᠤᠸᠠᠩ ᠮᠢᠨ ᠨᠡᠷ ᠠᠭᠤᠯᠵᠠᠯᠲᠠ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号