ᠥᠪᠥᠷ ᠮᠣᠩᠭᠤᠯ ᠠᠴᠠ ᠪᠡᠭᠡᠵᠢᠩ ᠳᠤ ᠬᠦᠷᠬᠦ ᠠᠩᠬᠠᠳᠠᠬᠴᠢ ᠳᠦᠷᠬᠡᠨ ᠤ ᠲᠡᠮᠦᠷ ᠵᠠᠮ ᠨᠡᠪᠲᠡᠷᠡᠵᠤ ᠡᠵᠡᠩᠨᠡᠯᠳᠡ ᠪᠠᠨ ᠡᠬᠢᠯᠡᠭᠦᠯᠪᠡ ᠱᠢ ᠲᠠᠢ ᠹᠧᠩ ᠲᠡᠷᠭᠡ ᠨᠡᠪᠳᠡᠷᠡᠬᠦ ᠶᠢ ᠵᠠᠷᠯᠠᠵᠥ ᠪᠦ᠋ ᠰᠢᠶᠣᠤ ᠯᠢᠨ ᠠᠩᠬ᠎ᠠ ᠨᠡᠪᠳᠡᠷᠡᠬᠦ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019/12/31
     ᠤᠮᠠᠷᠠᠲᠤ ᠬᠢᠯᠢ ᠳᠤ ᠠᠪᠤᠷᠭᠤ ᠯᠤᠤ ᠬᠦᠯᠭᠡᠯᠡᠵᠤ᠂ ᠲᠦᠷᠭᠡᠨ ᠤ ᠲᠡᠮᠦᠷ ᠵᠠᠮ ᠠᠯᠤᠰ ᠵᠠᠢ ᠶᠢ ᠤᠢᠢᠷᠠᠳᠤᠭᠤᠯᠤᠨ᠎ᠠ᠃ 12 ᠰᠠᠷ᠎ᠠ ᠶᠢᠨ 30᠎ ᠤ ᠦᠳᠡ ᠶᠢᠨ ᠡᠮᠦᠨᠡᠬᠢ 10 ᠴᠠᠭ 35 ᠮᠢᠨᠦ᠋ᠲ ᠳᠤ᠂ G2410 ᠤᠳᠠᠭ᠎ᠠ ᠶᠢᠨ ᠰᠡᠷᠭᠦᠨ ᠮᠠᠨᠳᠤᠯᠲᠠ ᠨᠡᠷᠡᠮᠵᠢᠲᠦ ᠬᠦᠳᠡᠯᠬᠡᠬᠦ ᠬᠦᠴᠦᠨᠳᠤ ᠭᠠᠯᠳᠤ ᠲᠡᠷᠭᠡ ᠠᠩᠬᠠᠳᠠᠬᠴᠢ ᠪᠦᠯᠦᠭ ᠤᠨ ᠠᠶᠠᠨᠴᠢᠳ ᠢᠶᠠᠨ ᠰᠠᠭᠤᠯᠭᠠᠵᠤ ᠬᠥᠬᠡᠬᠤᠲᠠ ᠠᠴᠠ ᠪᠡᠭᠡᠵᠢᠩ ᠵᠦᠭ ᠮᠤᠷᠳᠠᠪᠠ᠂ ᠮᠠᠨ ᠤ ᠣᠷᠣᠨ ᠤ ᠪᠠᠷᠠᠭᠤᠨ ᠬᠡᠰᠡᠭ ᠣᠷᠣᠨ ᠤ ᠠᠩᠬᠠᠳᠠᠭᠴᠢ ᠰᠢᠨ᠎ᠡ ᠪᠠᠷ ᠪᠦᠳᠦᠬᠡᠨ ᠪᠠᠶᠢᠭᠤᠯᠤᠭᠰᠠᠨ ᠲᠦᠷᠭᠡᠨ ᠤ ᠲᠡᠮᠦᠷ ᠵᠠᠮ — ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠳᠤ ᠬᠦᠷᠬᠦ ᠲᠦᠷᠭᠡᠨ ᠤ ᠲᠡᠮᠦᠷ ᠵᠠᠮ ᠪᠦᠬᠦ ᠱᠤᠭᠤᠮ ᠢᠶᠠᠷ ᠨᠡᠪᠲᠡᠷᠡᠵᠥ ᠡᠵᠡᠩᠨᠡᠯᠳᠡ ᠪᠠᠨ ᠡᠬᠢᠯᠡᠬᠦᠯᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠭᠠᠯᠲᠤ ᠲᠡᠷᠭᠡ ᠠᠩᠬ᠎ᠠ ᠨᠡᠪᠳᠡᠷᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠡᠷᠭᠡ ᠨᠡᠪᠳᠡᠷᠡᠭᠦ ᠶᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠎ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠶᠠᠨ ᠰᠤ᠋᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠠᠩᠬ᠎ᠠ ᠨᠡᠪᠳᠡᠷᠡᠬᠦ ᠶᠣᠰᠣᠯᠠᠯ ᠳᠤ ᠣᠷᠣᠯᠴᠠᠪᠠ᠃      ᠴᠢᠭᠤᠯᠤᠯᠳᠤ ᠬᠠᠭᠠᠯᠭ᠎ᠠ ᠠᠴᠠ ᠬᠦᠬᠡᠬᠤᠳᠠ ᠳᠤ ᠬᠦᠷᠬᠦ ᠲᠦᠷᠭᠡᠨ ᠤ ᠲᠡᠮᠦᠷ ᠵᠠᠮ ᠪᠣᠯ ᠤᠯᠤᠰ ᠤᠨ ᠳᠤᠮᠳᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠤᠷ ᠤᠨ ᠲᠥᠯᠥᠪᠵᠢᠭᠦᠯᠭᠡ ᠳᠠᠬᠢ ︽ᠨᠠᠢᠮᠠᠨ ᠭᠤᠯᠳᠤ ᠨᠠᠢᠮᠠᠨ ᠬᠥᠨᠳᠡᠯᠡᠨ︾ ᠲᠦᠷᠭᠡᠨ ᠤ ᠲᠡᠮᠦᠷ ᠵᠠᠮ ᠤᠨ ᠭᠤᠤᠯ ᠵᠠᠮ — ᠪᠡᠬᠡᠵᠢᠩ ᠠᠴᠠ ᠯᠠᠨᠵᠸᠤ ᠬᠦᠷᠬᠦ ᠵᠠᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ 2014 ᠣᠨ ᠤ 4 ᠰᠠᠷ᠎ᠠ ᠶᠢᠨ 18᠎ ᠤ ᠡᠳᠦᠷ ᠠᠴᠠ ᠡᠬᠢᠯᠡᠨ ᠪᠦᠲᠦᠭᠡᠨ ᠪᠠᠶᠢᠭᠤᠯᠵᠤ᠂ 2019 ᠣᠨ ᠤ ᠡᠴᠦᠰ ᠲᠤ ᠨᠡᠪᠳᠡᠷᠡᠵᠥ ᠡᠵᠡᠩᠨᠡᠯᠳᠡ ᠪᠠᠨ ᠡᠬᠢᠯᠡᠬᠦᠯᠵᠥ᠂ ᠲᠣᠰ ᠡᠳᠦᠷ ᠨᠡᠪᠲᠡᠷᠡᠭᠰᠡᠨ ᠪᠡᠬᠡᠵᠢᠩ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠯᠤᠭ᠎ᠠ ᠬᠤᠯᠪᠤᠨ ᠵᠠᠯᠭᠠᠵᠤ᠂ ᠬᠦᠬᠡᠬᠤᠳᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠱᠤᠭᠤᠮ ᠢ ᠪᠦᠷᠢᠯᠳᠦᠭᠦᠯᠪᠡ᠃ ᠲᠣᠰ ᠳᠦᠷᠬᠡᠨ ᠤ ᠲᠡᠮᠦᠷ ᠵᠠᠮ ᠢ ᠪᠦᠳᠦᠬᠡᠨ ᠪᠠᠶᠢᠭᠤᠯᠵᠥ ᠳᠠᠭᠤᠰᠤᠭᠠᠳ ᠡᠵᠡᠩᠨᠡᠵᠤ ᠡᠬᠢᠯᠡᠭᠰᠡᠨ ᠨᠢ ᠬᠥᠬᠡᠬᠤᠲᠠ ᠬᠢᠭᠡᠳ ᠪᠡᠭᠡᠵᠢᠩ ᠤᠨ ᠬᠤᠭᠤᠷᠣᠨᠳᠣᠬᠢ ᠠᠶᠠᠯᠠᠬᠤ ᠴᠠᠭ ᠢ ᠤᠤᠯ ᠤᠨ 10 ᠴᠠᠭ ᠰᠢᠬᠠᠮ ᠪᠠᠶᠢᠭᠰᠠᠨ ᠠᠴᠠ ᠬᠠᠮᠤᠭ ᠤᠨ ᠬᠤᠷᠳᠤᠨ ᠳᠠᠭᠠᠨ 2 ᠴᠠᠭ 9 ᠮᠢᠨᠦ᠋ᠲ ᠪᠣᠯᠭᠠᠨ ᠪᠣᠭᠤᠨᠢᠰᠬᠠᠵᠤ᠂ ᠠᠷᠠᠳ ᠣᠯᠠᠨ ᠤ ᠶᠠᠪᠤᠵᠤ ᠰᠠᠭᠤᠬᠤ ᠳᠤ ᠲᠦᠢᠯ ᠎ ᠤᠨ ᠶᠡᠭᠡ ᠳᠥᠭᠦᠮ ᠦᠵᠡᠭᠦᠯᠵᠦ᠂ ᠥᠪᠥᠷ ᠮᠣᠩᠭᠤᠯ ᠬᠢᠭᠡᠳ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠬᠠᠷᠢᠯᠴᠠᠭ᠎ᠠ ᠶᠢ ᠤᠯᠠᠮ ᠨᠢᠭᠲᠠᠷᠠᠭᠤᠯᠬᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃      ᠭᠠᠯᠲᠤ ᠲᠡᠷᠭᠡ ᠬᠦᠳᠡᠯᠬᠦ ᠠᠴᠠ ᠡᠮᠦᠨ᠎ᠡ᠂ ᠱᠢ ᠲᠠᠢ ᠹᠧᠩ᠂ ᠪᠦ᠋ ᠰᠢᠶᠣᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠢ ᠡᠷᠭᠢᠨ ᠦᠵᠡᠵᠥ ᠲᠣᠬᠤᠨᠢᠭᠤᠯᠤᠬᠰᠠᠨ ᠪᠦᠬᠡᠳ ᠭᠠᠯᠲᠤ ᠲᠡᠷᠭᠡᠨ ᠳᠤ ᠭᠠᠷᠴᠤ ᠵᠢᠯᠣᠭᠤᠴᠢ ᠦᠢᠯᠡᠴᠢᠯᠡᠭᠴᠢᠳ ᠠᠴᠠ ᠬᠦᠳᠡᠯᠬᠡᠬᠦ ᠬᠦᠴᠦᠨᠳᠤ ᠭᠠᠯᠳᠤ ᠲᠡᠷᠭᠡᠨ ᠤ ᠠᠶᠠᠯᠠᠯ ᠤᠨ ᠳᠤᠬᠠᠢ ᠬᠠᠮᠢᠶ᠎ᠠ ᠪᠦᠬᠦᠢ ᠪᠠᠶᠢᠳᠠᠯ ᠎ ᠢ ᠨᠠᠷᠢᠨ ᠣᠶᠢᠯᠠᠭᠠᠵᠤ᠂ ᠠᠶᠠᠨᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ  ᠤ ᠪᠠᠶᠠᠷ ᠪᠠᠭ᠋ᠠᠳᠤᠯ ᠢ ᠬᠤᠪᠢᠶᠠᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号