ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠄ ︽ᠣᠯᠠᠨ ᠡᠭᠦᠳᠡ︾᠎ ᠶᠢ ︽ᠨᠢᠭᠡ ᠡᠭᠦᠳᠡ︾ ᠪᠣᠯᠭᠠᠨ ᠬᠤᠪᠢᠷᠠᠭᠤᠯᠵᠤ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019/12/31
     ᠤᠯᠤᠰ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠤᠯᠠᠮ ᠭᠦᠨᠵᠡᠭᠡᠶᠢᠷᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾᠎ ᠶᠢ ᠠᠬᠢᠭᠤᠯᠬᠤ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ 2019 ᠣᠨ ᠤ 9 ᠳ᠋ᠦ᠋ᠭᠡᠷ ᠰᠠᠷ᠎ᠠ ᠶᠢᠨ 12᠎ ᠤᠨ ᠡᠳᠦᠷ ᠠᠴᠠ ᠡᠬᠢᠯᠡᠨ ᠲᠤᠷᠰᠢᠨ ᠠᠵᠢᠯᠯᠠᠭᠤᠯᠵᠤ᠂ ᠲᠤᠷᠰᠢᠨ ᠠᠵᠢᠯᠯᠠᠭᠤᠯᠤᠭᠰᠠᠨ ᠠᠴᠠ ᠨᠠᠭᠠᠰᠢ᠂ ᠡᠯ᠎ᠡ ᠲᠥᠷᠥᠯ ᠤᠨ ᠬᠡᠷᠡᠭ ᠶᠠᠪᠤᠳᠠᠯ ᠢ ᠨᠡᠶᠢᠲᠡ 25000 ᠭᠠᠷᠤᠶ ᠰᠢᠢᠳᠪᠦᠷᠢᠯᠡᠵᠦ᠂ ᠠᠵᠢᠯ ᠶᠠᠪᠤᠳᠠᠯ ᠭᠦᠢᠴᠡᠳᠬᠡᠵᠦ ᠪᠠᠶᠢᠭ᠎ᠠ 27844 ᠣᠯᠠᠨ ᠲᠦᠮᠡᠨ ᠢ ᠬᠦᠯᠢᠶᠡᠨ ᠠᠪᠴᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠦᠢᠯ ᠤᠨ ᠳᠥᠭᠦᠮ ᠦᠵᠡᠭᠦᠯᠪᠡ᠃ ᠨᠡᠶᠢᠭᠡᠮ ᠨᠡᠶᠢᠲᠡ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ 2020 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠠᠵᠢᠯᠯᠠᠭᠤᠯᠬᠤ ᠪᠣᠯᠪᠠ᠃      ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠨᠢᠭᠡᠳᠦᠯᠲᠡᠶ᠂ ᠲᠥᠪᠯᠡᠷᠡᠩᠭᠦᠢ ᠰᠢᠢᠳᠪᠦᠷᠢᠯᠡᠬᠦ ᠲᠠᠪᠴᠠᠩ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ 30 ᠲᠣᠬᠢᠷᠠᠭᠤᠯᠵᠤ᠂ ᠭᠦᠢᠴᠡᠳᠬᠡᠵᠦ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠨᠢ 545 ᠵᠦᠢᠯ ᠪᠠᠶᠢᠨ᠎ᠠ᠃ ᠦᠢᠯᠡᠴᠢᠯᠡᠭᠡᠨ ᠤ ᠲᠢᠩᠬᠢᠮ ᠵᠢᠩᠬᠢᠨᠢ ᠪᠠᠷ ᠠᠵᠢᠯᠯᠠᠭᠰᠠᠨ ᠤ ᠳᠠᠷᠠᠭ᠎ᠠ᠂ ᠲᠤᠰ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠦᠬᠦᠨ ᠢ ᠦᠢᠯᠡᠴᠢᠯᠡᠭᠡᠨ ᠤ ᠲᠢᠩᠬᠢᠮ ᠳᠣᠲᠣᠷ᠎ᠠ ᠭᠦᠢᠴᠡᠳᠬᠡᠵᠦ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠳᠠᠬᠢᠵᠤ ᠬᠦᠯᠢᠶᠡᠨ ᠠᠪᠴᠤ ᠰᠢᠢᠳᠪᠦᠷᠢᠯᠡᠬᠦ ᠥᠬᠡᠶ᠃ ᠦᠢᠯᠡᠴᠢᠯᠡᠭᠡᠨ ᠤ ᠲᠢᠩᠬᠢᠮ ᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠨᠡᠶᠢᠭᠡᠮ ᠤᠨ ᠬᠡᠷᠡᠭ ᠶᠠᠪᠤᠳᠠᠯ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ 4 ᠴᠢᠳᠠᠮᠵᠢᠲᠤ ᠣᠷᠣᠨ ᠬᠤᠪᠢᠶᠠᠵᠤ᠂ 83 ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠪᠠ᠃ ᠠᠦ᠋ᠲ᠋ᠤ᠋ ᠦᠢᠯᠡᠴᠢᠯᠡᠭᠡᠨ ᠤ ᠲᠣᠭᠤᠷᠢᠭ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠵᠡᠩᠨᠡᠯᠲᠡ ᠶᠢᠨ ᠦᠨᠡᠮᠯᠡᠯ ᠢ ᠳᠠᠷᠤᠮᠠᠯᠯᠠᠬᠤ᠂ ᠨᠡᠶᠢᠭᠡᠮ ᠤᠨ ᠳᠠᠭᠠᠳᠬᠠᠯ ᠤᠨ ᠪᠠᠶᠢᠴᠠᠭᠠᠨ ᠯᠠᠪᠯᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠢ ᠦᠢᠯᠡᠳᠦᠨ ᠲᠠᠷᠬᠠᠭᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠠᠦ᠋ᠲ᠋ᠤ᠋ ᠦᠢᠯᠡᠴᠢᠯᠡᠭᠡᠨ ᠬᠠᠩᠭᠠᠬᠤ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ ᠤᠲᠠᠰᠤ ᠨᠡᠬᠡᠬᠡᠵᠦ᠂ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠨ᠎ᠠ᠃      ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷᠳᠡᠯ ᠲᠠᠢ ᠪᠠᠶᠢᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠭᠵᠢᠷᠡᠵᠦ ᠪᠠᠶᠢᠭ᠎ᠠ ᠪᠠ ᠡᠪᠡᠷᠰᠢᠶᠡᠯ ᠲᠠᠢ ᠪᠠᠶᠢᠬᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠯᠡ ᠡᠭᠦᠳᠡ ᠪᠠᠷ ᠣᠷᠣᠬᠤ︾᠎ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠲᠥᠪᠯᠡᠷᠡᠭᠦᠯᠬᠦ ᠶᠢ ᠶᠡᠬᠡᠪᠡᠷ ᠳᠡᠯᠭᠡᠷᠡᠭᠦᠯᠵᠦ᠂ ︽ᠣᠯᠠᠨ ᠡᠭᠦᠳᠡ︾᠎ ᠶᠢ ︽ᠨᠢᠭᠡ ᠡᠭᠦᠳᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠪᠠ ᠢᠯᠡ ᠲᠣᠳᠣ ᠪᠠᠶᠢᠯᠭᠠᠬᠤ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号