12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠣᠣᠷᠠᠭ︶︾ ︽ᠥᠪᠡᠷᠲᠡᠭᠡᠨ ᠵᠠᠰᠠᠬᠤ ᠣᠷᠣᠨ ᠤ | 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠭᠦᠢᠴᠡᠳᠭᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ | ᠨᠣᠣᠷᠠᠭ︶︾ ᠪᠠ ︽ᠥᠪᠡᠷᠲᠡᠭᠡᠨ ᠵᠠᠰᠠᠬᠤ ᠣᠷᠣᠨ ᠤ 2019 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ | ᠪᠠ 2020 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ | ᠨᠣᠣᠷᠠᠭ︶︾ ᠶᠢ ᠰᠤᠳᠤᠯᠵᠤ᠂ ︽2020 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠥ᠂ ᠬᠠᠮᠢᠶ᠎ᠠ | ᠪᠦᠬᠦᠢ ᠠᠵᠢᠯ ᠢ ᠪᠠᠶᠢᠷᠢᠯᠠᠭᠤᠯᠪᠠ᠃ | ᠬᠤᠷᠠᠯ ᠠᠴᠠ᠂ ᠢᠷᠡᠬᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ | ᠢᠲᠡᠭᠡᠯ ᠵᠣᠷᠢᠭ ᠢ ᠬᠥᠪᠴᠢᠯᠡᠬᠦ᠂ ᠡᠷᠴᠢ ᠵᠣᠷᠢᠭ ᠢ ᠬᠥᠭᠵᠢᠭᠡᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠬᠦ | ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ | ᠪᠦᠳᠦᠬᠡᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠣᠯᠠᠨ ᠤ ᠬᠦᠰᠡᠯ ᠡᠷᠡᠮᠡᠯᠵᠡᠯ ᠳᠤ ᠦᠨᠡᠨ ᠪᠣᠳᠠᠲᠠᠶ ᠬᠠᠷᠢᠭᠤᠯᠲᠠ ᠥᠭᠬᠦ ᠬᠡᠷᠡᠭᠲᠡᠶ ᠬᠡᠵᠥ | ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠵᠢᠯ ᠴᠠᠭᠠᠨ | ᠰᠠᠷ᠎ᠠ ᠶᠢᠨ ᠬᠤᠭᠤᠴᠠᠭᠠᠨ ᠳᠠᠬᠢ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠶ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠲᠠᠷᠡ ᠶᠤᠰᠤᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ | ᠠᠳᠬᠤᠬᠤ ᠬᠡᠷᠡᠭᠲᠡᠶ᠃ ︽ᠴᠢᠨᠡᠭᠡᠯᠢᠭᠵᠢᠯ ᠤᠨ ᠵᠠᠮ ᠳᠤ ᠨᠢᠭᠡ ᠬᠦ᠋ᠮᠦᠨ ᠢ ᠴᠦ ᠤᠷᠬᠢᠬᠳᠠᠭᠤᠯᠬᠤ ᠦᠭᠡᠢ︾ ᠪᠠᠶᠢᠬᠤ | ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠨᠡᠶᠢᠭᠡᠮ ᠤᠨ ᠪᠠᠲᠤᠯᠠᠪᠤᠷᠢ ᠶᠢᠨ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ | ᠪᠠᠲᠤᠯᠠᠪᠤᠷᠢ ᠶᠢᠨ ᠠᠵᠢᠯ ᠢ ᠰᠠᠶᠢᠲᠤᠷ ᠬᠢᠵᠦ᠂ ᠪᠦᠬᠦ ᠲᠠᠯ᠎ᠠ ᠶᠢᠨ ᠴᠢᠨᠡᠭᠡᠯᠢᠭᠵᠢᠯ ᠢ ᠬᠠᠮᠲᠤ ᠪᠠᠷ ᠤᠭᠲᠤᠬᠤ ᠥᠳᠬᠡᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠨᠡᠭᠦᠷᠡᠰᠦ ᠴᠠᠬᠢᠯᠭᠠᠨ ᠬᠡᠢ ᠲᠡᠭᠡᠭᠡᠪᠦᠷᠢ ᠶᠢᠨ | ᠬᠠᠩᠭᠠᠯᠭ᠎ᠠ ᠶᠢ ᠪᠠᠲᠤᠯᠠᠬᠤ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠠᠷᠠᠭᠠᠨ ᠤ ᠦᠨ᠎ᠡ ᠶᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ᠂ ᠢᠳᠡᠭᠡᠨ | ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠤᠨᠴᠠ | ᠶᠡᠭᠡ ᠠᠳᠡᠯ ᠭᠠᠷᠬᠤ ᠶᠢ ᠡᠷᠡᠰ ᠬᠤᠷᠢᠬᠯᠠᠬᠤ ᠬᠡᠷᠡᠭᠲᠡᠶ ᠬᠡᠵᠥ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |