ᠳ᠋ᠤᠸᠠᠨ ᡁᠢ ᠴᠢᠶᠠᠩ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠤᠯᠤᠨ ᠤᠡᠭᠨᠢᠭᠤᠳ ᠬᠤᠰᠢᠭᠤᠨ ᠳᠤ ᠭᠤᠤᠯ ᠰᠡᠳᠦᠪᠲᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠵᠢᠯᠤᠭᠤᠳᠬᠤ ᠳᠠᠭᠠᠨ ᠴᠢᠬᠤᠯᠠᠴᠢᠯᠠᠬᠰᠠᠨ ᠨᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠭᠤᠤᠯ ᠰᠡᠳᠦᠪᠲᠦ ᠬᠦᠮᠦᠵᠢᠯ ᠤᠨ ᠪᠤᠳᠠᠲᠤ ᠦᠷ᠎ᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2019/12/4
     ᠤᠢᠢᠷ᠎ᠠ ᠶᠢᠨ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠤᠷᠢᠳ ᠬᠤᠵᠢᠳ ᠤᠯᠠᠭᠠᠨᠬᠠᠳᠠ ᠶᠢᠨ ᠠᠵᠤ ᠦᠢᠯᠡᠳᠪᠦᠷᠢ ᠎ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠤᠯᠤᠨ ᠤᠡᠭᠨᠢᠭᠤᠳ ᠬᠤᠰᠢᠭᠤᠨ ᠳᠤ ᠬᠦᠷᠴᠦ ᠬᠤᠶᠠᠳᠤᠭᠠᠷ ᠪᠦᠯᠦᠭ ᠤᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦ︾ ᠭᠤᠤᠯ ᠰᠡᠳᠦᠪᠲᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠵᠢᠯᠤᠭᠤᠳᠪᠠ᠃ ᠲᠡᠷᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠤᠳᠠᠲᠠᠢ ᠪᠠᠷ ᠠᠬᠢᠭᠤᠯᠵᠤ᠂ ᠭᠤᠤᠯ ᠰᠡᠳᠦᠪᠲᠦ ᠬᠦᠮᠦᠵᠢᠯ ᠤᠨ ᠦᠨᠡᠨ ᠪᠤᠳᠠᠲᠠᠢ ᠦᠷ᠎ᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ᠂ ᠳ᠋ᠤᠸᠠᠨ ᡁᠢ ᠴᠢᠶᠠᠩ ᠤᠶᠤᠳᠠᠳ ᠲᠠᠢ ᠬᠠᠮᠲᠤ ᠪᠠᠷ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠵᠢᠴᠢ ᠲᠡᠬᠦᠨ ᠤ ᠲᠡᠦᠬᠡ ᠶᠢᠨ ᠪᠠᠶᠢᠷᠢ ᠰᠠᠭᠤᠷᠢ︾ ᠭᠡᠬᠦ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠢ ᠰᠤᠨᠤᠰᠬᠤ ᠶᠢᠨ ᠬᠠᠮᠲᠤ ᠰᠤᠷᠭᠠᠭᠤᠯᠢ ᠶᠢᠨ ᠬᠠᠷᠢᠭᠤᠴᠠᠯᠭᠠᠲᠠᠨ ᠨᠦᠬᠦᠳ ᠲᠠᠢ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠦᠭᠡᠷᠡᠴᠢᠯᠡᠯᠲᠡ ᠰᠢᠨᠡᠴᠢᠯᠡᠯᠲᠡ ᠶᠢ ᠠᠬᠢᠭᠤᠯᠬᠤ᠂ ᠰᠤᠷᠤᠬᠴᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠢ ᠴᠢᠩᠭᠠᠳᠬᠠᠬᠤ ᠵᠡᠷᠭᠡ ᠶᠢᠨ ᠲᠤᠬᠠᠢ ᠰᠠᠨᠠᠯ ᠢᠶᠠᠨ ᠰᠤᠯᠢᠯᠴᠠᠪᠠ᠃      ᠤᠡᠭᠨᠢᠭᠤᠳ ᠬᠤᠰᠢᠭᠤᠨ ᠳᠤ᠂ ᠳ᠋ᠤᠸᠠᠨ ᡁᠢ ᠴᠢᠶᠠᠩ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠᠷ ᠭᠤᠤᠯᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠠᠷ ᠭᠤᠤᠯᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠢᠶᠠᠷ ᠭᠤᠤᠯᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠭᠤᠤᠯᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠦᠨᠡᠨ ᠬᠦ ᠭᠤᠤᠯ ᠰᠡᠳᠦᠪᠲᠦ ᠬᠦᠮᠦᠵᠢᠯ ᠤᠨ ᠬᠦᠭᠵᠢᠭᠡᠭᠰᠡᠨ ᠬᠠᠯᠠᠭᠤᠨ ᠰᠡᠳᠭᠢᠯᠭᠡ ᠪᠤᠯᠤᠨ ᠠᠵᠢᠯ ᠤᠨ ᠡᠷᠴᠢ ᠶᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠪᠤᠳᠠᠲᠤ ᠠᠵᠢᠯᠯᠠᠭ᠎ᠠ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号