ᠬᠥᠬᠡᠬᠤᠲᠠ ᠣᠷᠣᠨ ᠤ 34᠎ ᠳᠠᠬᠢ ᠣᠯᠠᠨ ᠤᠯᠤᠰ ᠤᠨ ᠰᠠᠶᠢᠨ ᠲᠤᠷᠠᠴᠤᠳ ᠤᠨ ᠳᠤᠷᠠᠰᠬᠠᠯ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠠᠪᠤᠭᠳᠠᠪᠠ  ᠪᠦ᠋ ᠰᠢᠶᠣᠤ ᠯᠢᠨ ᠰᠢᠨ᠎ᠡ ᠪᠠᠶᠢᠭᠤᠯᠤᠭᠳᠠᠭᠰᠠᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠳᠤ ᠲᠤᠭ ᠣᠯᠭᠤᠪᠠ
ᠨᠡᠶᠢᠲᠡᠯᠡᠭᠰᠡᠨ ᠴᠠᠭ᠄
2019/12/5
     34᠎ ᠳᠠᠬᠢ ᠣᠯᠠᠨ ᠤᠯᠤᠰ ᠤᠨ ᠰᠠᠶᠢᠨ ᠲᠤᠷᠠᠴᠤᠳ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 12 ᠰᠠᠷ᠎ᠠ ᠶᠢᠨ 4᠎ ᠤ ᠡᠳᠦᠷ᠂ ︽ᠠᠮᠢ ᠨᠠᠰᠤᠨ ᠤ ᠬᠠᠶᠢᠷ᠎ᠠ ᠬᠠᠯᠠᠮᠵᠢ ᠲᠠ ᠪᠢᠳᠡᠨ ᠤ ᠳᠡᠷᠭᠡᠳᠡ — ᠰᠠᠶᠢᠨ ᠲᠤᠷᠠᠴᠤᠳ ᠤᠨ ᠠᠵᠢᠯᠯᠠᠭ᠎ᠠ︾ ᠭᠡᠬᠦ ᠬᠥᠬᠡᠬᠤᠲᠠ ᠣᠷᠣᠨ ᠤ 34᠎ ᠳᠠᠬᠢ ᠣᠯᠠᠨ ᠤᠯᠤᠰ ᠤᠨ ᠰᠠᠶᠢᠨ ᠲᠤᠷᠠᠴᠤᠳ ᠤᠨ ᠡᠳᠦᠷ ᠢ ᠳᠤᠷᠠᠰᠬᠠᠬᠤ ᠭᠤᠤᠯ ᠰᠡᠳᠦᠪᠲᠦ ᠠᠵᠢᠯᠯᠠᠭ᠎ᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠷ᠎ᠠ ᠬᠦᠨᠳᠦᠳᠦ ᠳᠠᠷᠤᠭ᠎ᠠ ᠪᠦ᠋ ᠰᠢᠶᠣᠤ ᠯᠢᠨ ᠠᠵᠢᠯᠯᠠᠭ᠎ᠠ ᠳᠤ ᠣᠷᠣᠯᠴᠠᠭᠰᠠᠨ ᠪᠥᠭᠡᠳ ᠰᠢᠨ᠎ᠡ ᠪᠠᠷ ᠪᠠᠶᠢᠭᠤᠯᠤᠭᠳᠠᠭᠰᠠᠨ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠡᠮᠴᠢᠯᠡᠬᠦ ᠰᠠᠶᠢᠨ ᠳᠤᠷ᠎ᠠ ᠶᠢᠨ ᠦᠢᠯᠡᠴᠢᠯᠡᠬᠡᠨ ᠤ ᠶᠡᠷᠦᠩᠬᠡᠶ ᠠᠩᠭᠢ ᠪᠣᠯᠤᠨ ᠥᠪᠥᠷ ᠮᠣᠩᠭᠤᠯ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠶ ᠠᠩᠭᠢ ᠳᠤ ᠲᠤᠭ ᠣᠯᠭᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠢᠦᠶ ᠭᠠᠩ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠶᠡᠷᠦᠩᠬᠡᠶ ᠨᠡᠶᠢᠭᠡᠮᠯᠢᠭ ᠤᠨ ᠳᠡᠳ᠋ ᠬᠢᠨᠠᠭᠴᠢᠳ ᠤᠨ ᠳᠠᠷᠤᠭ᠎ᠠ ᠯᠢ ᠯᠢ ᠳ᠋ᠦᠩ ᠠᠵᠢᠯᠯᠠᠭ᠎ᠠ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠣᠤ ᠬᠤᠢ ᠠᠵᠢᠯᠯᠠᠭ᠎ᠠ ᠶᠢ ᠡᠷᠭᠢᠯᠡᠪᠡ᠃      ᠯᠢᠨ ᠱᠣᠣ ᠴᠦᠨ ᠪᠠᠶᠠᠷ ᠤᠨ ᠦᠭᠡ ᠳᠡᠭᠡᠨ᠂ ᠰᠠᠶᠢᠨ ᠳᠤᠷ᠎ᠠ ᠶᠢᠨ ᠦᠢᠯᠡᠴᠢᠯᠡᠭᠡ ᠪᠣᠯ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠦᠨ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠬᠠᠷᠢᠭᠤᠴᠠᠯᠭᠠᠳᠦ ᠤᠬᠠᠮᠰᠠᠷ ᠢᠶᠠᠨ ᠴᠢᠩᠭᠠᠳᠬᠠᠵᠦ᠂ ᠣᠯᠠᠨ ᠲᠦᠮᠡᠨ ᠢ ᠦᠨᠡᠨ ᠰᠡᠳᠬᠢᠯ ᠠᠴᠠ ᠪᠠᠨ ᠬᠠᠯᠠᠮᠵᠢᠯᠠᠨ ᠬᠠᠶᠢᠷᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠨᠠᠩ ᠣᠯᠠᠨ ᠲᠠᠪᠴᠠᠩ ᠢ ᠢᠳᠡᠪᠬᠢᠲᠡᠢ ᠪᠠᠶᠢᠭᠤᠯᠤᠨ ᠦᠭᠴᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠤᠨ ᠵᠠᠰᠠᠯᠲᠠ ᠳᠠᠬᠢ ᠢᠳᠡᠪᠬᠢ ᠦᠢᠯᠡᠳᠣᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠥᠷᠭᠡᠨ ᠣᠯᠠᠨ ᠰᠠᠶᠢᠨ ᠳᠤᠷᠠᠴᠤᠳ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠵᠦ᠂ ᠨᠡᠶᠢᠭᠡᠮ ᠤᠨ ᠲᠦᠯᠦᠭᠡ ᠵᠢᠳᠬᠦᠵᠦ᠂ ᠣᠯᠠᠨ ᠲᠦᠮᠡᠨ ᠤ ᠬᠦᠴᠢᠷ ᠢ ᠰᠢᠢᠳᠪᠦᠷᠢᠯᠡᠵᠦ᠂ ᠡᠶ᠎ᠡ ᠵᠣᠬᠢᠴᠠᠩᠭᠤᠶ ᠶᠢᠨ ᠲᠥᠯᠥᠭᠡ ᠴᠢᠷᠮᠠᠶᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠤᠨ ᠳᠤᠮᠳᠠ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠪᠠᠰᠠ ︽ᠰᠠᠶᠢᠨ ᠳᠤᠷᠠᠴᠤᠳ ᠤᠨ ᠨᠢᠩᠵᠢᠨ ᠰᠡᠳᠬᠢᠯ᠂ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠪᠠ ︽ᠴᠢᠰᠤᠨ ᠤ ᠡᠪᠡᠳᠴᠢᠨ ᠲᠠᠢ ᠬᠡᠤᠬᠡᠳ ᠤᠨ ᠰᠡᠳᠬᠢᠯ ᠢ ᠲᠤᠯᠠᠭᠠᠯᠠᠬᠤ︾ ᠬᠥᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠳᠤ 65 ᠲᠦᠮᠡᠨ ᠲᠥᠭᠦᠷᠢᠭ ᠤᠨ ᠥᠷᠳᠡᠭ ᠪᠦᠬᠦᠢ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠡᠮᠨᠡᠯᠭᠡ ᠳᠤ ᠰᠠᠭᠤᠵᠤ ᠡᠮᠨᠡᠭᠦᠯᠵᠤ ᠪᠠᠶᠢᠭ᠎ᠠ ᠴᠢᠰᠤᠨ ᠤ ᠡᠪᠡᠳᠴᠢᠨ ᠲᠠᠢ ᠬᠡᠤᠬᠡᠳ ᠲᠤ 17 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号