ᠪᠦᠬᠦ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ ᠤᠨᠳᠤᠤᠰᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/12/5
     12 ᠰᠠᠷ᠎ᠠ ᠶᠢᠨ 3᠎ ᠤ ᠡᠳᠦᠷ᠂ ᠪᠦᠬᠦ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ ᠤᠨᠳᠤᠤᠰᠢᠭᠤᠯᠬᠤ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃      ᠪᠦ᠋ ᠰᠢᠶᠤᠤ ᠯᠢᠨ᠂ ᠡᠯ᠎ᠠ ᠱᠠᠳᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠶᠢ ᠬᠦᠭᠵᠢᠯᠳᠠ ᠶᠢᠨ ᠪᠦᠬᠦ ᠲᠠᠯ᠎ᠠ ᠶᠢᠨ ᠭᠤᠤᠯ ᠪᠠᠶᠢᠷᠢᠨ ᠳᠤ ᠲᠠᠯᠪᠢᠵᠦ᠂ ᠦᠢᠯᠡᠴᠢᠯᠡᠭᠦ ᠤᠬᠠᠮᠰᠠᠷ ᠢᠶᠠᠨ ᠴᠢᠩᠭᠠᠳᠬᠠᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ ᠤᠨᠳᠤᠤᠰᠢᠭᠤᠯᠬᠤ ᠶᠢ ᠬᠢᠵᠠᠭᠠᠷᠯᠠᠵᠦ ᠪᠠᠶᠢᠭ᠎ᠠ ᠪᠠᠶᠢᠭᠤᠯᠤᠮᠵᠢ ᠲᠤᠭᠳᠠᠴᠠ ᠶᠢᠨ ᠠᠰᠠᠭᠤᠳᠠᠯ ᠢ ᠦᠨᠡᠨ ᠬᠦ ᠰᠢᠢᠳᠪᠤᠷᠢᠯᠡᠬᠦ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ ᠰᠤᠯᠢᠯᠴᠠᠬᠤ ᠲᠠᠪᠴᠠᠩ ᠢ ᠳᠡᠬᠦᠯᠳᠡᠷᠵᠢᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠷᠡᠭᠴᠡᠭᠡ ᠶᠢ ᠴᠠᠭ ᠲᠤᠬᠠᠢ ᠳᠤᠨᠢ ᠨᠡᠶᠢᠳᠡᠯᠡᠵᠦ᠂ ᠦᠷ᠎ᠠ ᠪᠦᠳᠦᠭᠡᠯ ᠢ ᠤᠨᠳᠤᠤᠰᠢᠭᠤᠯᠬᠤ ᠦᠢᠯᠡᠴᠢᠯᠡᠭᠡᠨ ᠤ ᠭᠡᠯᠬᠢᠶ᠎ᠠ ᠶᠢ ᠪᠦᠷᠢᠨᠰᠢᠬᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠭᠤᠴᠢ᠂ ᠵᠠᠬ᠎ᠠ ᠳᠡᠯᠭᠡᠬᠦᠷ ᠤᠨ ᠯᠠᠪᠯᠠᠭ᠎ᠠ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠪᠤᠶᠢᠵᠢᠭᠤᠯᠤᠨ ᠬᠦᠭᠵᠢᠬᠦᠯᠬᠦ ᠶᠢ ᠴᠢᠬᠤᠯᠠᠴᠢᠯᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ ᠤᠨᠳᠤᠤᠰᠢᠭᠤᠯᠬᠤ ᠳᠤ ᠦᠢᠯᠡᠴᠢᠯᠡᠬᠦ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠶᠢᠨ ᠪᠡᠶ᠎ᠠ ᠪᠠᠨ ᠳᠠᠭᠠᠭᠠᠬᠤ ᠡᠷᠭᠡ ᠶᠢ ᠦᠨᠡᠨ ᠬᠦ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠮᠦᠰ ᠤᠨ ᠰᠢᠨ᠎ᠠ ᠶᠢ ᠡᠬᠦᠳᠬᠦ ᠠᠮᠢᠵᠢᠷᠠᠯ ᠤᠨ ᠬᠦᠴᠦ ᠶᠢ ᠬᠦᠭᠵᠢᠭᠡᠬᠦ ᠭᠡᠷᠡᠭᠲᠡᠢ᠃ ᠠᠵᠤ ᠠᠬᠤᠢᠢᠯᠠᠯ ᠢᠶᠠᠷ ᠭᠤᠤᠯ ᠴᠤᠬᠴᠠ ᠪᠤᠯᠭᠠᠭᠰᠠᠨ᠂ ᠵᠠᠬ᠎ᠠ ᠳᠡᠯᠭᠡᠬᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠤᠷᠢᠯᠡᠯ ᠵᠢᠭᠠᠨ ᠰᠤᠷᠭᠠᠯᠳᠠ ᠰᠤᠳᠤᠯᠭᠠᠨ ᠢ ᠬᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠠ ᠶᠢ ᠡᠬᠦᠳᠬᠦ ᠰᠢᠰᠲ᠋ᠧᠮ ᠢ ᠲᠦᠷᠭᠡᠨ ᠪᠠᠶᠢᠭᠤᠯᠵᠦ᠂ ᠲᠤᠮᠤ ᠳᠤᠮᠳᠠ ᠪᠠᠭ᠎ᠠ ᠠᠵᠤ ᠠᠬᠤᠢᠢᠯᠠᠯ ᠪᠠ ᠡᠯ᠎ᠠ ᠲᠦᠷᠦᠯ ᠤᠨ ᠰᠢᠨ᠎ᠠ ᠶᠢ ᠡᠬᠦᠳᠬᠦ ᠭᠤᠤᠯ ᠴᠤᠬᠴᠠ ᠶᠢᠨ ᠠᠭᠤᠰᠤᠯᠴᠠᠨ ᠨᠡᠪᠳᠡᠷᠡᠯᠴᠡᠵᠦ ᠰᠢᠨ᠎ᠠ ᠶᠢ ᠡᠬᠦᠳᠬᠦ ᠶᠢ ᠳᠡᠮᠵᠢᠨ᠂ ᠰᠠᠭᠤᠷᠢ ᠰᠤᠳᠤᠯᠭᠠᠨ᠂ ᠭᠡᠷᠡᠭᠯᠡᠭᠡᠨ ᠤ ᠰᠤᠳᠤᠯᠭᠠᠨ ᠪᠠ ᠠᠵᠤ ᠦᠢᠯᠡᠰᠵᠢᠯᠳᠠ ᠶᠢᠨ ᠪᠦᠳᠦᠮᠵᠢᠳᠠᠢ ᠵᠤᠯᠭᠠᠯᠴᠠᠭ᠎ᠠ ᠶᠢ ᠠᠬᠢᠭᠤᠯᠬᠤ ᠭᠡᠷᠡᠭᠲᠡᠢ᠃ ᠭᠤᠤᠯᠳᠠᠯᠭ᠎ᠠ ᠲᠠᠢ ᠬᠦᠷᠢᠶ᠎ᠠ ᠪᠠ ᠵᠠᠩᠬᠢᠯᠠᠭ᠎ᠠ ᠶᠢᠨ ᠭᠤᠭᠴᠤᠭ᠎ᠠ ᠶᠢᠨ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ ᠴᠢᠩᠭᠠᠳᠬᠠᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠦᠯ ᠪᠠ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠪᠠᠶᠢᠷᠢᠰᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠡᠸᠦ ᠶᠠᠩ ᠰᠢᠶᠤᠤ ᠬᠤᠢ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠳᠤᠷ ᠬᠢᠬᠦ ᠲᠤᠬᠠᠢ ᠪᠤᠳᠠᠳᠠᠢ ᠪᠠᠶᠢᠷᠢᠯᠠᠭᠤᠯᠤᠯᠳᠠ ᠬᠢᠵᠦ᠂ ᠭᠡᠰᠡᠭ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠢᠢᠯᠠᠯ᠂ ᠠᠶᠢᠮᠠᠬ ᠬᠤᠳᠠ ᠪᠠ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠳᠠᠨ ᠨᠦᠬᠦᠳ ᠶᠠᠷᠢᠶ᠎ᠠ ᠲᠠᠯᠪᠢᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号