ᠪᠦᠬᠦ ᠤᠷᠤᠨ ᠳᠤ ᠠᠶᠤᠯ ᠦᠭᠡᠢ ᠦᠢᠯᠡᠳᠪᠤᠷᠢᠯᠡᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠤᠷᠪᠠᠨ ᠰᠠᠷ᠎ᠠ ᠦᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2019/12/5
     12 ᠳ᠋ᠤᠭᠠᠷ ᠰᠠᠷ᠎ᠠ ᠶᠢᠨ 2᠎ ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠬᠤᠷᠠᠯᠳᠤᠭᠤᠯᠤᠭᠰᠠᠨ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠠᠶᠢᠴᠢᠯᠠᠨ ᠪᠠᠶᠢᠷᠢᠯᠠᠭᠤᠯᠬᠤ ᠬᠤᠷᠠᠯ ᠠᠴᠠ ᠤᠶᠢᠯᠠᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠳᠠᠷᠤᠮᠠᠯᠯᠠᠨ ᠲᠠᠷᠬᠠᠭᠠᠭᠰᠠᠨ ︽ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠬᠡᠷᠡᠭᠵᠢᠭᠦᠯᠬᠦ ᠲᠦᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠡᠳᠦᠷ ᠠᠴᠠ ᠳᠠᠷᠠᠭ᠎ᠠ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠤᠯᠲᠠᠯ᠎ᠠ᠂ ᠪᠦᠬᠦ ᠤᠷᠤᠨ ᠤ ᠬᠡᠪᠴᠢᠶᠡᠨ ᠳᠤ ᠠᠶᠤᠯ ᠲᠠᠢ ᠬᠢᠮᠢ ᠶᠢᠨ ᠪᠤᠳᠠᠰ ᠵᠡᠷᠭᠡ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠶᠤᠯ ᠦᠭᠡᠢ ᠦᠢᠯᠡᠳᠪᠦᠷᠢᠯᠡᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠤᠷᠪᠠᠨ ᠰᠠᠷ᠎ᠠ ᠦᠷᠨᠢᠭᠦᠯᠬᠦ ᠪᠠᠷ ᠲᠤᠭᠲᠠᠵᠠᠢ᠃      ᠡᠨᠡ ᠵᠢᠯ ᠠᠴᠠ ᠨᠠᠭᠠᠰᠢ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠪᠠᠶᠢᠳᠠᠯ ᠠᠴᠠ ᠦᠵᠡᠪᠡᠯ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠪᠠ ᠠᠳᠡᠭᠰᠡᠨ ᠬᠦᠮᠦᠨ ᠤ ᠲᠤᠭ᠎ᠠ ᠨᠢ ᠬᠡᠳᠦᠶᠢᠪᠡᠷ ︽ᠬᠤᠤᠰ ᠪᠠᠭᠤᠷᠠᠯᠲᠠ︾᠎ ᠶᠢ ᠪᠡᠶᠡᠯᠡᠭᠦᠯᠦᠭᠰᠡᠨ ᠪᠤᠯᠪᠠᠴᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠮᠦᠨ ᠯᠡ ᠲᠦᠢᠯ ᠤᠨ ᠬᠦᠨᠳᠦ ᠰᠦᠷᠡᠬᠡᠢ ᠪᠠᠶᠢᠵᠤ᠂ ᠨᠢᠭᠡ ᠤᠳᠠᠭᠠᠨ ᠤ ᠬᠦᠨᠳᠦ ᠶᠡᠭᠡ ᠠᠳᠡᠯ ᠢ ᠭᠠᠷᠭᠠᠪᠠᠯ᠂ ᠨᠡᠯᠢᠶᠡᠳ ᠶᠡᠭᠡ ᠠᠳᠡᠯ 16 ᠤᠳᠠᠭ᠎ᠠ ᠭᠠᠷᠴᠤ᠂ ᠠᠳᠠᠯᠢ ᠬᠤᠭᠤᠴᠠᠭᠠᠨ ᠤ ᠬᠢ ᠠᠴᠠ 45%᠎ ᠪᠠᠷ ᠳᠡᠭᠡᠭᠰᠢᠯᠡᠵᠦ᠂ ᠦᠬᠠᠢ ᠬᠤᠲᠠ ᠶᠢ ᠭᠠᠷᠭᠠᠪᠠᠯ᠂ ᠪᠤᠰᠤᠳ 11 ᠠᠶᠢᠮᠠᠭ ᠬᠤᠲᠠ ᠳᠤ ᠴᠦᠮ ᠨᠡᠯᠢᠶᠡᠳ ᠶᠡᠭᠡ ᠠᠳᠡᠯ ᠭᠠᠷᠤᠭᠰᠠᠨ ᠪᠦᠭᠡᠳ ᠤᠯᠠᠨ ᠠᠵᠢᠯ ᠲᠦᠷᠦᠯ ᠤᠨ ᠬᠦᠷᠢᠶᠡᠨ ᠳᠤ ᠬᠤᠯᠪᠤᠭᠳᠠᠵᠠᠢ᠃ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠳᠡᠯ 23 ᠨᠡᠮᠡᠭᠳᠡᠵᠡᠢ᠂ ᠨᠡᠭᠦᠷᠡᠰᠦᠨ ᠠᠭᠤᠷᠬᠠᠢ ᠠᠴᠠ ᠭᠠᠳᠠᠨ᠎ᠠ᠂ ᠨᠡᠭᠦᠷᠡᠰᠦᠨ ᠤ ᠪᠤᠰᠤ ᠠᠭᠤᠷᠬᠠᠢ᠂ ᠠᠶᠤᠯ ᠲᠠᠢ ᠬᠢᠮᠢ ᠶᠢᠨ ᠪᠤᠳᠠᠰ᠂ ᠪᠠᠷᠢᠯᠭ᠎ᠠ ᠶᠢᠨ ᠦᠢᠯᠡᠰ᠂ ᠲᠡᠮᠤᠷ ᠵᠠᠮ ᠤᠨ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠴᠦᠮ ᠶᠡᠭᠡ ᠪᠠᠷ  ᠨᠡᠮᠡᠭᠳᠡᠪᠡ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠠᠶᠤᠯ ᠦᠭᠡᠢ ᠦᠢᠯᠡᠳᠪᠦᠷᠢᠯᠡᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠨᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤᠮᠳᠠ ᠤᠷᠤᠰᠢᠵᠤ ᠪᠠᠶᠢᠭ᠎ᠠ ᠬᠡᠯᠪᠡᠷᠢᠴᠢ ᠦᠵᠡᠯ ᠨᠤᠶᠠᠨᠴᠢ ᠰᠤᠷᠲᠠᠯ ᠤᠨ ᠲᠠᠯ᠎ᠠ ᠶᠢᠨ ᠳᠤᠪᠤᠶᠢᠮ᠎ᠠ ᠠᠰᠠᠭᠤᠳᠠᠯ ᠵᠢᠴᠢ ᠠᠶᠤᠯ ᠲᠠᠢ ᠬᠢᠮᠢ ᠶᠢᠨ ᠪᠤᠳᠠᠰ ᠤᠨ ᠠᠶᠤᠯ ᠦᠭᠡᠢ ᠦᠢᠯᠡᠳᠪᠦᠷᠢᠯᠡᠯ ᠳᠤ ᠤᠷᠤᠰᠢᠵᠤ ᠪᠠᠶᠢᠭ᠎ᠠ ᠡᠭᠦᠰᠦᠯ ᠤᠨ ᠴᠢᠨᠠᠷᠲᠠᠢ᠂ ᠰᠠᠭᠤᠷᠢ ᠴᠢᠨᠠᠷᠲᠠᠢ᠂ ᠰᠢᠰᠲ᠋ᠧᠮᠲᠤ ᠴᠢᠨᠠᠷᠲᠠᠢ ᠠᠰᠠᠭᠤᠳᠠᠯ ᠳᠤ ᠴᠢᠭᠯᠡᠭᠦᠯᠦᠨ᠎ᠡ᠃ ᠡᠭᠦᠨ ᠠᠴᠠ ᠭᠠᠳᠠᠨ᠎ᠠ᠂ ᠲᠤᠰ ᠲᠦᠰᠦᠯ ᠳᠤ ᠪᠠᠰᠠ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠪᠠᠷᠢᠯᠭ᠎ᠠ ᠪᠠᠷᠢᠬᠤ ᠵᠡᠷᠭᠡ ᠠᠵᠢᠯ ᠲᠦᠷᠦᠯ ᠤᠨ ᠬᠦᠷᠢᠶᠡᠨ ᠳᠤ ᠠᠶᠤᠯ ᠦᠭᠡᠢ ᠦᠢᠯᠡᠳᠪᠦᠷᠢᠯᠡᠯ ᠤᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠨᠢᠭᠦᠯᠬᠦ ᠶᠢ ᠭᠤᠤᠯᠳᠠᠯᠭ᠎ᠠ ᠲᠠᠢ ᠪᠠᠶᠢᠷᠢᠯᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号