ᠥᠪᠥᠷ ᠵᠠᠰᠠᠭ ᠠᠯᠪᠠᠨ ᠲᠠᠷᠬᠠᠭᠠᠭᠰᠠᠨ ﹇2019﹈ 20 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠰᠦ ᠴᠠᠭᠠᠨ ᠢᠳᠡᠭᠡᠨ ᠤ ᠦᠢᠯᠡᠰ ᠤᠨ ᠥᠷᠨᠢᠨ ᠬᠥᠭᠵᠢᠬᠦ ᠶᠢ ᠠᠬᠢᠭᠤᠯᠵᠤ ᠴᠠᠭᠠᠨ ᠢᠳᠡᠭᠡᠨ ᠤ ᠶᠠᠰᠤ | ᠴᠢᠨᠠᠷ ᠤᠨ ᠠᠮᠦᠷ ᠲᠥᠪᠰᠢᠨ ᠢ ᠪᠠᠲᠤᠯᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠳᠤ ᠡᠭᠦᠯᠳᠡᠷ ᠤᠨ ᠢᠷᠡᠯᠲᠡ᠂ ᠲᠡᠵᠢᠭᠡᠯ ᠡᠪᠡᠰᠦ | ᠪᠣᠷᠳᠤᠭ᠎ᠠ᠂ ᠰᠦ ᠰᠠᠭᠠᠯᠢ ᠶᠢᠨ ᠢᠷᠡᠯᠲᠡ ᠶᠢᠨ ᠲᠡᠷᠢᠭᠦᠨ ᠵᠡᠷᠭᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠡᠷᠢᠭᠦᠨ ᠵᠡᠷᠭᠡ ᠶᠢᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠠᠶᠢᠭᠤᠯᠤᠨ᠂ | ᠲᠡᠷᠢᠭᠦᠨ ᠵᠡᠷᠭᠡ ᠶᠢᠨ ᠨᠡᠷᠡᠲᠦ ᠲᠦᠷᠦᠯ ᠲᠡᠮᠲᠡᠭᠲᠦ ᠶᠢ ᠡᠭᠦᠳᠴᠦ᠂ ᠲᠡᠷᠢᠭᠦᠨ ᠵᠡᠷᠭᠡ ᠶᠢᠨ ᠶᠠᠰᠤ ᠴᠢᠨᠠᠷ ᠢ | ᠪᠦᠷᠢᠯᠳᠦᠭᠦᠯᠵᠦ᠂ ᠪᠦᠬᠦ ᠤᠯᠤᠰ ᠤᠨ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠬᠦᠲᠦᠯᠦᠨ | ᠳᠠᠭᠠᠭᠤᠯᠬᠤ ᠶᠢ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠬᠥᠭᠵᠢᠯᠲᠡ ᠶᠢᠨ ᠬᠠᠷᠠᠯᠲᠠ | ᠴᠢᠷᠮᠠᠶᠢᠵᠤ ᠪᠠᠶᠢᠭᠠᠳ 2025 ᠣᠨ ᠪᠣᠯᠬᠤ ᠳᠤ᠂ ᠪᠦᠬᠦ ᠣᠷᠣᠨ ᠤ ᠰᠠᠭᠠᠯᠢ ᠶᠢᠨ ᠮᠠᠯ ᠤᠨ ᠲᠤᠭ᠎ᠠ | ᠲᠤᠯᠤᠭᠠᠢ ᠶᠢ 350 ᠲᠦᠮᠡ ᠳᠤ ᠬᠦᠷᠦᠭᠦᠯᠵᠦ᠂ ᠰᠦ ᠴᠠᠭᠠᠨ ᠢᠳᠡᠭᠡᠨ ᠤ ᠲᠦᠷᠦᠯ ᠤᠨ ᠭᠠᠷᠤᠯᠲᠠ ᠶᠢ 1000 | ᠲᠦᠮᠡᠨ ᠲᠤᠨ ᠳᠤ ᠬᠦᠷᠦᠭᠦᠯᠦᠨ᠎ᠡ︔ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠭᠦᠨ ᠤ | ᠥᠷᠲᠡᠭ ᠢ 3000 ᠳ᠋ᠦᠩᠰᠢᠭᠤᠷ ᠲᠦᠭᠦᠷᠢᠭ ᠪᠣᠯᠭᠠᠨ᠎ᠠ᠃ | ᠬᠤᠶᠠᠷ᠂ ᠭᠤᠣᠯᠳᠠᠯᠭ᠎ᠠ ᠲᠠᠢ ᠠᠵᠢᠯ | ︵ᠨᠢᠭᠡ︶ ᠰᠦ ᠰᠠᠭᠠᠯᠢ ᠶᠢᠨ ᠢᠷᠡᠯᠲᠡ ᠶᠢᠨ ᠳᠠᠪᠠᠭᠤᠯᠢᠭ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ | ᠶᠢ ᠴᠢᠩᠭᠠᠳᠬᠠᠨ᠎ᠠ᠃ | 1. ᠰᠦ ᠰᠠᠭᠠᠯᠢ ᠶᠢᠨ ᠢᠷᠡᠯᠲᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠰᠢᠵᠢᠷ ᠠᠯᠲᠠᠨ ᠰᠦ | ᠰᠠᠭᠠᠯᠢ ᠶᠢᠨ ᠢᠷᠡᠯᠲᠡ ᠶᠢᠨ ᠪᠦᠰᠡ᠂ ᠰᠢᠵᠢᠷ ᠠᠯᠲᠠᠨ ᠬᠡᠭᠡᠷ᠎ᠡ ᠲᠠᠯ᠎ᠠ ᠶᠢᠨ ᠪᠦᠰᠡ᠂ ᠰᠢᠵᠢᠷ ᠠᠯᠲᠠᠨ ᠡᠷᠳᠡᠨᠢ | ᠰᠢᠰᠢ ᠶᠢᠨ ᠪᠦᠰᠡ ᠶᠢᠨ ᠳᠠᠪᠠᠭᠤᠯᠢᠭ ᠢ ᠪᠠᠳᠠᠷᠠᠭᠤᠯᠵᠤ᠂ ᠬᠠᠲᠤᠨ ᠭᠤᠣᠯ᠂ ᠨᠤᠨ ᠮᠦᠷᠡᠨ᠂ ᠪᠠᠷᠠᠭᠤᠨ ᠯᠢᠶᠣᠤ | ᠾᠧ ᠭᠤᠣᠯ ᠤᠨ ᠰᠠᠪᠠ ᠭᠠᠵᠠᠷ ᠪᠣᠯᠣᠨ ᠬᠦᠯᠦᠨ ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ | ᠲᠤᠮᠤ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠬᠡᠬᠤᠲᠠ ᠪᠠᠷ ᠭᠤᠣᠯ | ᠪᠣᠯᠭᠠᠭᠰᠠᠨ ᠬᠠᠲᠤᠨ ᠭᠤᠣᠯ ᠤᠨ ᠳᠠᠭᠠᠤ ᠭᠠᠵᠠᠷ ᠣᠷᠣᠨ ᠳᠤ ᠬᠤᠯᠰᠲ᠋ᠧᠶᠢᠨ ᠰᠠᠭᠠᠯᠢ ᠶᠢᠨ ᠦᠨᠢᠶᠡᠨ ᠤ ᠲᠤᠭ᠎ᠠ | ᠲᠤᠯᠤᠭᠠᠢ ᠶᠢ 125 ᠲᠦᠮᠡ ᠳᠤ ᠬᠦᠷᠦᠭᠦᠯᠵᠦ᠂ ᠴᠢᠨᠠᠷ ᠰᠠᠶᠢᠲᠠᠢ ᠪᠦᠭᠡᠳ ᠦᠨᠳᠦᠷ ᠭᠠᠷᠤᠯᠲᠠ ᠲᠠᠢ ᠰᠦ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠯᠦᠨ ᠪᠤᠶᠢᠷ ᠬᠤᠲᠠ ᠶᠢᠨ | ᠬᠢᠩᠭᠠᠨ ᠳᠠᠪᠠᠭ᠎ᠠ ᠠᠴᠠ ᠵᠡᠭᠦᠨᠰᠢᠬᠢ ᠭᠠᠵᠠᠷ ᠪᠣᠯᠣᠨ ᠬᠢᠩᠭᠠᠨ ᠠᠶᠢᠮᠠᠭ ᠵᠡᠷᠭᠡ ᠨᠤᠨ ᠮᠦᠷᠡᠨ ᠤ ᠰᠠᠪᠠ ᠭᠠᠵᠠᠷ ᠵᠢᠴᠢ | ᠲᠦᠩᠯᠢᠶᠣᠣ ᠬᠤᠲᠠ᠂ ᠤᠯᠠᠭᠠᠨᠬᠠᠳᠠ ᠬᠤᠲᠠ ᠵᠡᠷᠭᠡ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠲᠤ | ᠬᠤᠯᠰᠲ᠋ᠧᠶᠢᠨ ᠰᠠᠭᠠᠯᠢ ᠶᠢᠨ ᠦᠨᠢᠶ᠎ᠡ ᠪᠠᠷ ᠭᠤᠣᠯ ᠪᠣᠯᠭᠠᠵᠤ᠂ ᠰᠠᠭᠠᠯᠢ ᠶᠢᠨ ᠪᠠ ᠠᠯᠠᠰᠢᠨ ᠳᠤ ᠴᠦᠮ ᠵᠠᠷᠤᠵᠤ | ᠪᠣᠯᠬᠤ ᠦᠬᠡᠷ ᠤᠨ ᠬᠥᠭᠵᠢᠯᠲᠡ ᠶᠢ ᠠᠬᠢᠭᠤᠯᠵᠤ᠂ ᠬᠤᠯᠰᠲ᠋ᠧᠶᠢᠨ ᠰᠠᠭᠠᠯᠢ ᠶᠢᠨ ᠦᠨᠢᠶ᠎ᠡ᠂ ᠰᠠᠭᠠᠯᠢ ᠶᠢᠨ ᠪᠠ | ᠠᠯᠠᠰᠢᠨ ᠳᠤ ᠴᠦᠮ ᠵᠠᠷᠤᠵᠤ ᠪᠣᠯᠬᠤ ᠦᠬᠡᠷ ᠤᠨ ᠲᠤᠭ᠎ᠠ ᠲᠤᠯᠤᠭᠠᠢ ᠶᠢ ᠲᠤᠰ ᠲᠤᠰ 75 ᠲᠦᠮᠡ ᠪᠠ 50 | ᠲᠦᠮᠡ ᠳᠤ ᠬᠦᠷᠦᠭᠦᠯᠵᠦ᠂ ᠦᠨᠳᠦᠷ ᠪᠠᠷᠢᠮᠵᠢᠶᠠᠲᠦ ᠪᠦᠭᠡᠳ ᠴᠢᠨᠠᠷ ᠰᠠᠶᠢᠲᠠᠢ ᠰᠦ ᠰᠠᠭᠠᠯᠢ ᠶᠢᠨ ᠢᠷᠡᠯᠲᠡ ᠶᠢᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠯᠦᠨ ᠪᠤᠶᠢᠷ᠂ ᠰᠢᠯᠢ ᠶᠢᠨ ᠭᠤᠣᠯ ᠤᠨ ᠮᠠᠯᠵᠢᠬᠤ ᠣᠷᠣᠨ ᠳᠤ | ᠰᠠᠨ ᠾᠧ ᠦᠬᠡᠷ᠂ ᠰᠢᠮᠡᠧᠨ᠋ᠲ᠋ᠠᠯ ᠦᠬᠡᠷ ᠵᠡᠷᠭᠡ ᠰᠠᠭᠠᠯᠢ ᠶᠢᠨ ᠪᠠ ᠠᠯᠠᠰᠢᠨ ᠳᠤ ᠴᠦᠮ ᠵᠠᠷᠤᠵᠤ ᠪᠣᠯᠬᠤ ᠦᠬᠡᠷ ᠤᠨ | ᠡᠭᠦᠯᠳᠡᠷ ᠢᠶᠠᠷ ᠭᠤᠣᠯ ᠪᠣᠯᠭᠠᠭᠰᠠᠨ ᠮᠠᠯ ᠤᠨ ᠲᠤᠭ᠎ᠠ ᠲᠤᠯᠤᠭᠠᠢ ᠶᠢ 50 ᠲᠦᠮᠡ ᠳᠤ ᠬᠦᠷᠦᠭᠦᠯᠵᠦ᠂ | ᠣᠨᠴᠠᠯᠢᠭ ᠲᠠᠢ ᠪᠣᠬᠢᠷᠳᠤᠯ ᠦᠭᠡᠢ ᠪᠦᠭᠡᠳ ᠤᠷᠭᠠᠨᠢᠭ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠤᠨ᠎ᠠ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠰᠠᠨᠸᠡᠭ | ᠪᠣᠯᠣᠨ ᠵᠡᠭᠦᠨ ᠹᠷᠢᠰᠤᠨ ᠵᠡᠷᠭᠡ ᠡᠭᠦᠯᠳᠡᠷ ᠤᠨ ᠰᠦᠨ ᠤ ᠢᠮᠠᠭ᠎ᠠ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ | ᠮᠠᠯ ᠤᠨ ᠲᠤᠭ᠎ᠠ ᠲᠤᠯᠤᠭᠠᠢ ᠶᠢ ᠨᠢ 50 ᠲᠦᠮᠡ ᠳᠤ ᠬᠦᠷᠦᠭᠦᠯᠵᠦ᠂ ᠴᠢᠨᠠᠷᠯᠢᠭ ᠰᠠᠶᠢᠨ ᠰᠦ ᠰᠠᠭᠠᠯᠢ ᠶᠢᠨ ᠢᠷᠡᠯᠲᠡ | ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠠᠯ᠎ᠠ ᠨᠤᠲᠤᠭ ᠤᠨ ᠮᠠᠯᠵᠢᠬᠤ ᠣᠷᠣᠨ ᠤ ᠠᠳᠤᠭᠤ᠂ ᠲᠡᠮᠡᠭᠡ | ᠵᠡᠷᠭᠡ ᠶᠢᠨ ᠲᠤᠭ᠎ᠠ ᠲᠤᠯᠤᠭᠠᠢ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠴᠡᠭᠡ᠂ ᠢᠩᠭᠡᠨ ᠤ ᠰᠦ ᠵᠡᠷᠭᠡ | ᠣᠨᠴᠠᠯᠢᠭᠲᠣ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠪᠤᠶᠢᠵᠢᠭᠤᠯᠤᠨ ᠬᠥᠭᠵᠢᠭᠦᠯᠦᠨ᠎ᠡ᠃ | 2. ᠪᠠᠷᠢᠮᠵᠢᠶᠠᠵᠢᠭᠤᠯᠤᠭᠰᠠᠨ ᠬᠡᠪᠴᠢᠶᠡᠵᠢᠯᠲᠦ ᠲᠡᠵᠢᠭᠡᠨ ᠦᠷᠡᠵᠢᠭᠦᠯᠬᠦ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠭᠡᠷ ᠪᠦᠯᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠡᠪᠴᠢᠶᠡᠵᠢᠯᠲᠦ | ᠡᠵᠡᠩᠨᠡᠯᠲᠡ ᠶᠢ ᠤᠷᠢᠳ ᠢᠶᠠᠷ ᠳᠡᠮᠵᠢᠵᠦ᠂ ᠰᠠᠭᠠᠯᠢᠴᠢᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠᠷ ᠰᠠᠭᠤᠷᠢ | ᠪᠣᠯᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠭᠡᠨ ᠪᠣᠢ ᠪᠣᠯᠭᠠᠨ᠎ᠠ᠃ ᠵᠠᠰᠠᠭ ᠤᠨ | ᠣᠷᠳᠣᠨ ᠲᠤᠰᠠᠯᠠᠨ ᠲᠡᠳᠭᠦᠵᠦ ᠬᠦᠲᠦᠯᠦᠨ ᠵᠢᠯᠤᠭᠤᠳᠬᠤ ᠪᠠ ᠴᠠᠭᠠᠨ ᠢᠳᠡᠭᠡ ᠪᠣᠯᠪᠠᠰᠤᠷᠠᠭᠤᠯᠬᠤ ᠠᠵᠤ | ᠠᠬᠤᠶᠢᠯᠠᠯ᠂ ᠲᠡᠵᠢᠭᠡᠨ ᠦᠷᠡᠵᠢᠭᠦᠯᠬᠦ ᠲᠠᠯᠠᠪᠠᠢ ᠳᠤ ᠣᠷᠤᠭᠤᠯᠤᠯᠲᠠ ᠬᠢᠬᠦ ᠶᠢ ᠬᠠᠷᠢᠯᠴᠠᠨ ᠤᠶᠠᠯᠳᠤᠭᠤᠯᠵᠤ᠂ | ᠳᠤᠮᠳᠠ ᠵᠢᠵᠢᠭ ᠮᠠᠯᠵᠢᠯ ᠤᠨ ᠲᠠᠯᠠᠪᠠᠢ ᠶᠢ ᠡᠮᠬᠢᠯᠡᠨ ᠨᠡᠶᠢᠯᠡᠭᠦᠯᠵᠦ᠂ ᠰᠠᠭᠤᠷᠢᠨ ᠭᠠᠵᠠᠷ ᠤᠨ ᠪᠠᠷᠢᠮᠵᠢᠶᠠᠵᠢᠭᠤᠯᠤᠭᠰᠠᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠶᠢ ᠡᠭᠦᠳᠦᠨ | ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠴᠠᠭᠠᠨ ᠢᠳᠡᠭᠡᠨ ᠤ ᠠᠵᠤ | ᠠᠬᠤᠶᠢᠯᠠᠯ ᠤᠨ ᠦᠪᠡᠰᠦᠪᠡᠨ ᠪᠠᠶᠢᠭᠤᠯᠤᠭᠰᠠᠨ ᠮᠠᠯᠵᠢᠯ ᠤᠨ ᠲᠠᠯᠠᠪᠠᠢ ᠪᠠ ᠬᠤᠷᠰᠢᠭᠰᠠᠨ ᠮᠠᠯᠵᠢᠯ ᠤᠨ ᠲᠠᠯᠠᠪᠠᠢ ᠨᠢ ︽ | ᠲᠣᠭᠠᠴᠠᠯᠠᠭᠰᠠᠨ ᠮᠠᠯᠵᠢᠯ ᠤᠨ ᠲᠠᠯᠠᠪᠠᠢ︾ ᠶᠢᠨ ᠪᠦᠲᠦᠭᠡᠨ ᠪᠠᠶᠢᠭᠤᠯᠤᠯᠲᠠ ᠦᠷᠨᠢᠭᠦᠯᠬᠦ ᠶᠢ ᠳᠡᠮᠵᠢᠵᠦ᠂ | ᠤᠶᠤᠨᠴᠢᠯᠠᠭᠰᠠᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | 3.ᠣᠳᠣ ᠦᠶ᠎ᠡ ᠶᠢᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠶᠡᠭᠡ | ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠢᠨᠵᠧᠨᠧᠷᠢᠩ ᠤᠨ ᠲᠣᠷᠰᠢᠯᠲᠠ ᠶᠢᠨ | ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠳᠤ ᠲᠦᠰᠢᠭᠯᠡᠵᠦ᠂ ᠡᠭᠦᠯᠳᠡᠷ ᠤᠨ ᠦᠬᠡᠷ ᠤᠨ ᠥᠷᠲᠡᠭᠡ | ᠬᠢᠭᠡᠳ ᠡᠭᠦᠯᠳᠡᠷ ᠤᠨ ᠦᠨᠢᠶᠡᠨ ᠤ ᠲᠠᠯᠠᠪᠠᠢ ᠶᠢᠨ ᠬᠠᠮᠲᠤᠷᠠᠨ ᠡᠭᠦᠯᠳᠡᠷ ᠪᠤᠶᠢᠵᠢᠭᠤᠯᠬᠤ ᠶᠢ ᠳᠡᠮᠵᠢᠵᠦ᠂ ᠰᠢᠯᠢᠳᠡᠭ | ᠰᠠᠶᠢᠨ ᠡᠭᠦᠯᠳᠡᠷ ᠤᠨ ᠦᠬᠡᠷ ᠢ ᠪᠤᠶᠢᠵᠢᠭᠤᠯᠤᠨ᠎ᠠ᠃ ᠬᠤᠯᠰᠲ᠋ᠧᠶᠢᠨ ᠰᠠᠭᠠᠯᠢ ᠶᠢᠨ ᠦᠨᠢᠶᠡᠨ ᠤ ᠡᠭᠦᠯᠳᠡᠷ | ᠪᠤᠶᠢᠵᠢᠭᠤᠯᠬᠤ ᠭᠤᠣᠯ ᠲᠠᠯᠠᠪᠠᠢ ᠳᠤ 2000 ᠭᠠᠷᠤᠢ ᠪᠤᠬ᠎ᠠ ᠪᠤᠶᠢᠵᠢᠭᠤᠯᠬᠤ ᠪᠠᠷ ᠪᠡᠯᠡᠳᠭᠡᠵᠦ᠂ ᠳᠡᠯᠡᠬᠡᠢ ᠳᠡᠭᠡᠷ᠎ᠡ | ᠡᠮᠦᠨ᠎ᠡ 100 ᠨᠡᠷᠡᠰ ᠲᠤ ᠵᠢᠭᠰᠠᠭᠠᠭᠳᠠᠬᠤ ᠪᠤᠬ᠎ᠠ ᠶᠢ 5 — 7 ᠲᠤᠯᠤᠭᠠᠢ᠂ ᠤᠯᠤᠰ ᠤᠨ ᠲᠤᠳᠤᠭᠠᠲᠤ ᠳᠤ | ᠡᠮᠦᠨ᠎ᠡ 100 ᠨᠡᠷᠡᠰ ᠲᠤ ᠵᠢᠭᠰᠠᠭᠠᠭᠳᠠᠬᠤ ᠪᠤᠬ᠎ᠠ ᠶᠢ 30 ᠭᠠᠷᠤᠢ ᠪᠤᠶᠢᠵᠢᠭᠤᠯᠤᠨ᠎ᠠ᠃ ᠰᠠᠭᠠᠯᠢ ᠶᠢᠨ ᠪᠠ | ᠠᠯᠠᠰᠢᠨ ᠳᠤ ᠴᠦᠮ ᠵᠠᠷᠤᠵᠤ ᠪᠣᠯᠬᠤ ᠰᠢᠮᠡᠧᠨ᠋ᠲ᠋ᠠᠯ ᠦᠬᠡᠷ ᠪᠣᠯᠣᠨ ᠰᠠᠨ ᠾᠧ ᠦᠬᠡᠷ ᠤᠨ ᠡᠭᠦᠯᠳᠡᠷ ᠪᠤᠶᠢᠵᠢᠭᠤᠯᠬᠤ | ᠭᠤᠣᠯ ᠲᠠᠯᠠᠪᠠᠢ ᠳᠤ ᠲᠤᠰ ᠲᠤᠰ 1000 ᠪᠤᠬ᠎ᠠ ᠪᠤᠶᠢᠵᠢᠭᠤᠯᠬᠤ ᠪᠠᠷ ᠪᠡᠯᠡᠳᠭᠡᠵᠦ᠂ ᠰᠠᠶᠢᠨ ᠡᠭᠦᠯᠳᠡᠷ ᠤᠨ ᠪᠤᠬ᠎ᠠ | ᠶᠢ ᠲᠤᠰ ᠲᠤᠰ 100 ᠬᠠᠩᠭᠠᠨ᠎ᠠ᠃ ᠮᠤᠩᠭᠤᠯ ᠮᠤᠷᠢ ᠪᠣᠯᠣᠨ ᠬᠤᠤᠰ ᠪᠦᠬᠦᠲᠦ ᠲᠡᠮᠡᠭᠡᠨ ᠤ ᠤᠭ ᠡᠭᠦᠯᠳᠡᠷ | ᠰᠤᠩᠭᠤᠬᠤ ᠳᠤ ᠰᠠᠭᠤᠷᠢᠯᠠᠵᠤ᠂ ᠰᠦᠨ ᠤ ᠢᠮᠠᠭᠠᠨ ᠤ ᠭᠠᠳᠠᠭᠠᠲᠤ ᠠᠴᠠ ᠣᠷᠤᠭᠤᠯᠬᠤ ᠲᠦᠷᠦᠯ ᠢ ᠣᠷᠣᠨ | ᠨᠤᠲᠤᠭᠵᠢᠭᠤᠯᠤᠨ ᠪᠤᠶᠢᠵᠢᠭᠤᠯᠬᠤ ᠶᠢ ᠦᠷᠨᠢᠭᠦᠯᠦᠨ᠎ᠡ᠃ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠬᠢᠨ ᠤ | ᠡᠭᠦᠯᠳᠡᠷ ᠤᠨ ᠦᠢᠯᠡᠰ ᠤᠨ ᠪᠦᠯᠦᠭᠯᠡᠯ ᠢ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠵᠣᠬᠢᠶᠠᠨ ᠪᠠᠶᠢᠭᠤᠯᠵᠤ᠂ | ᠡᠭᠦᠯᠳᠡᠷ ᠤᠨ ᠢᠷᠡᠯᠲᠡ ᠶᠢᠨ ᠡᠷᠳᠡᠮ ᠰᠢᠨᠵᠢᠯᠡᠭᠡᠨ ᠦᠢᠯᠡᠳᠪᠦᠷᠢᠯᠡᠯ ᠡᠵᠡᠩᠨᠡᠯᠲᠡ ᠶᠢ ᠨᠢᠭᠡ ᠴᠤᠭᠴᠠᠵᠢᠭᠤᠯᠤᠭᠰᠠᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠨᠢ ᠵᠣᠷᠢᠬᠵᠢᠭᠤᠯᠤᠨ᠎ᠠ᠃ | 4.ᠴᠢᠨᠠᠷ ᠰᠠᠶᠢᠲᠠᠢ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠮᠤ ᠪᠤᠳᠠᠭ᠎ᠠ ᠶᠢ ᠲᠡᠵᠢᠭᠡᠯ ᠪᠤᠷᠳᠤᠭ᠎ᠠ ᠪᠣᠯᠭᠠᠨ ᠦᠭᠡᠷᠡᠴᠢᠯᠡᠬᠦ᠂ ᠦᠨᠳᠦᠷ ᠤᠨᠠᠯᠲᠠ ᠲᠠᠢ ᠴᠢᠨᠠᠷ ᠰᠠᠶᠢᠲᠠᠢ | ᠴᠠᠷᠭᠠᠰᠤ ᠵᠡᠷᠭᠡ ᠲᠦᠷᠦᠯ ᠵᠦᠢᠯ ᠳᠤ ᠲᠦᠰᠢᠭᠯᠡᠵᠦ᠂ ᠲᠡᠵᠢᠭᠡᠯ ᠡᠪᠡᠰᠦ ᠪᠤᠷᠳᠤᠭ᠎ᠠ ᠶᠢᠨ ᠪᠠᠲᠤᠯᠠᠭ᠎ᠠ ᠶᠢᠨ ᠴᠢᠳᠠᠪᠤᠷᠢ | ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠠᠲᠤᠨ ᠭᠤᠣᠯ᠂ ᠨᠤᠨ ᠮᠦᠷᠡᠨ᠂ ᠪᠠᠷᠠᠭᠤᠨ ᠯᠢᠶᠣᠤ ᠾᠧ | ᠭᠤᠣᠯ ᠤᠨ ᠰᠠᠪᠠ ᠭᠠᠵᠠᠷ ᠪᠣᠯᠣᠨ ᠬᠦᠯᠦᠨ ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠲᠤᠮᠤ | ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠲᠤ ᠬᠥᠬᠡ ᠳᠠᠷᠤᠰᠢᠭᠤᠯᠤᠭᠰᠠᠨ ᠡᠷᠳᠡᠨᠢ ᠰᠢᠰᠢ᠂ ᠴᠠᠷᠭᠠᠰᠤ | ᠲᠠᠷᠢᠬᠤ ᠰᠠᠭᠤᠷᠢᠨ ᠭᠠᠵᠠᠷ ᠢ ᠲᠤᠰ ᠲᠤᠰ 700 ᠲᠦᠮᠡᠨ ᠮᠦ ᠳᠦᠬᠦᠷᠵᠢᠭᠦᠯᠦᠨ ᠪᠠᠶᠢᠭᠤᠯᠵᠤ᠂ ᠲᠠᠷᠢᠵᠤ ᠲᠡᠵᠢᠭᠡᠬᠦ | ᠶᠢ ᠤᠶᠠᠯᠳᠤᠭᠤᠯᠤᠨ ᠲᠣᠬᠠᠢ ᠶᠢᠨ ᠭᠠᠵᠠᠷ ᠪᠣᠯᠣᠨ ᠣᠶᠢᠷ᠎ᠠ ᠬᠠᠪᠢ ᠳᠤ ᠨᠢ ᠲᠡᠵᠢᠭᠡᠯ ᠡᠪᠡᠰᠦ ᠪᠤᠷᠳᠤᠭ᠎ᠠ ᠬᠠᠩᠭᠠᠬᠤ | ᠶᠢ ᠪᠠᠲᠤᠯᠠᠨ᠎ᠠ᠃ ᠴᠠᠷᠭᠠᠰᠤ᠂ ᠬᠥᠬᠡ ᠳᠠᠷᠤᠰᠢᠭᠤᠯᠤᠭᠰᠠᠨ ᠡᠷᠳᠡᠨᠢ ᠰᠢᠰᠢ ᠶᠢᠨ ᠦᠢᠯᠡᠳᠪᠦᠷᠢᠯᠡᠯ ᠤᠨ ᠮᠠᠰᠢᠨᠴᠢᠯᠠᠬᠤ | ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠨᠡᠶᠢᠭᠡᠮ ᠤᠨ ᠬᠦᠷᠦᠩᠭᠡ ᠮᠦᠩᠭᠦ ᠶᠢᠨ ᠬᠢᠨ ᠤ ᠲᠤᠮᠤ ᠬᠡᠯᠪᠡᠷᠢ | ᠶᠢᠨ ᠬᠠᠳᠠᠵᠤ ᠬᠤᠷᠢᠶᠠᠬᠤ ᠮᠠᠰᠢᠨ ᠬᠤᠳᠠᠯᠳᠤᠨ ᠠᠪᠬᠤ ᠶᠢ ᠵᠣᠷᠢᠬᠵᠢᠭᠤᠯᠵᠤ᠂ ᠳᠦᠷᠢᠶᠡᠰᠦᠯᠡᠭᠦᠯᠬᠦ ᠦᠢᠯᠡᠴᠢᠯᠡᠭᠡ | ᠶᠢ ᠬᠠᠩᠭᠠᠨ᠂ ᠲᠡᠵᠢᠭᠡᠯ ᠡᠪᠡᠰᠦ ᠪᠤᠷᠳᠤᠭᠠᠨ ᠤ ᠴᠢᠨᠠᠷ ᠴᠢᠨᠰᠠᠭ᠎ᠠ ᠶᠢ ᠪᠠᠲᠤᠯᠠᠨ᠎ᠠ᠃ | 5.ᠰᠢᠭᠢᠭ ᠰᠠᠩᠭᠠᠰᠤ ᠶᠢ ᠡᠬᠢ ᠪᠠᠶᠠᠯᠢᠬᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠤᠮᠤ ᠰᠢᠶᠠᠨ ᠤ ᠰᠢᠭᠢᠭ ᠰᠠᠩᠭᠠᠰᠤ ᠶᠢ ᠡᠬᠢ ᠪᠠᠶᠠᠯᠢᠬᠵᠢᠭᠤᠯᠤᠨ ᠠᠰᠢᠭᠯᠠᠬᠤ ᠶᠢ | ᠳᠡᠮᠵᠢᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠭᠢᠭ ᠰᠠᠩᠭᠠᠰᠤ ᠰᠢᠢᠳᠪᠦᠷᠢᠯᠡᠬᠦ | ᠪᠡᠯᠡᠳᠭᠡᠮᠵᠢ ᠲᠥᠭᠦᠭᠡᠷᠦᠮᠵᠢ ᠪᠠᠨ ᠰᠠᠶᠢᠵᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠨ | ᠡᠵᠡᠩᠨᠡᠬᠦ ᠪᠦᠬᠦᠢ ᠰᠢᠭᠢᠭ ᠰᠠᠩᠭᠠᠰᠤ ᠶᠢᠨ ᠲᠥᠪᠯᠡᠷᠡᠭᠦᠯᠦᠨ ᠰᠢᠢᠳᠪᠦᠷᠢᠯᠡᠬᠦ ᠭᠠᠵᠠᠷ ᠢ ᠪᠤᠶᠢᠵᠢᠭᠤᠯᠤᠨ᠂ ᠬᠢᠮᠢ ᠶᠢᠨ | ᠪᠤᠷᠳᠤᠭᠤᠷ ᠢ ᠳᠤᠲᠠᠭᠤ ᠬᠡᠷᠡᠭᠯᠡᠬᠦ ᠠᠵᠢᠯᠯᠠᠭᠠᠨ ᠲᠠᠢ ᠤᠶᠠᠯᠳᠤᠭᠤᠯᠵᠤ᠂ ᠰᠢᠭᠢᠭ ᠪᠣᠷᠳᠤᠭᠤᠷ ᠢ ᠲᠠᠷᠢᠶᠠᠨ ᠳᠤ | ᠠᠰᠢᠭᠯᠠᠬᠤ ᠶᠢ ᠠᠬᠢᠭᠤᠯᠤᠨ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠪᠤᠬᠢᠷᠳᠤᠯ ᠦᠭᠡᠢ ᠣᠷᠴᠢᠯ | ᠬᠥᠭᠵᠢᠯᠲᠡ ᠶᠢ ᠠᠬᠢᠭᠤᠯᠤᠨ᠎ᠠ᠃ | 6.ᠰᠠᠭᠠᠯᠢ ᠶᠢᠨ ᠦᠨᠢᠶᠡᠨ ᠤ ᠲᠣᠷᠨᠢᠭᠤᠨ ᠦᠰᠦᠯᠲᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠠᠮᠢᠲᠠᠨ ᠤ ᠬᠢᠵᠢᠭ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠪᠠᠨ ᠴᠢᠩᠳᠠᠯᠠᠵᠤ᠂ ᠬᠢᠵᠢᠭ ᠡᠪᠡᠳᠴᠢᠨ ᠢ | ᠡᠭᠡᠯᠢᠯᠡᠬᠦ᠂ ᠡᠪᠡᠳᠴᠢᠨ ᠤ ᠡᠬᠢ ᠢᠷᠡᠯᠲᠡ ᠶᠢ ᠬᠢᠨᠠᠨ ᠰᠢᠨᠵᠢᠬᠦ᠂ ᠬᠢᠵᠢᠭ ᠪᠠᠶᠢᠴᠠᠭᠠᠨ ᠬᠢᠨᠠᠨ ᠬᠠᠮᠢᠶᠠᠷᠬᠤ᠂ ᠬᠤᠣᠷ | ᠦᠭᠡᠢ ᠪᠣᠯᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠣᠷᠨᠢᠭᠤᠨ ᠦᠰᠦᠯᠲᠡ ᠶᠢᠨ ᠳᠠᠩᠰᠠ ᠡᠪᠬᠡᠮᠡᠯ ᠪᠠᠶᠢᠭᠤᠯᠤᠨ ᠥᠭᠴᠦ᠂ | ᠲᠡᠵᠢᠭᠡᠨ ᠦᠷᠡᠵᠢᠭᠦᠯᠬᠦ ᠲᠠᠯᠠᠪᠠᠢ ᠶᠢᠨ ᠪᠢᠤᠯᠤᠬᠢ ᠶᠢᠨ ᠠᠮᠦᠷ ᠲᠥᠪᠰᠢᠨ ᠢ ᠦᠨᠡᠨ ᠬᠦ ᠪᠠᠲᠤᠯᠠᠨ᠎ᠠ᠃ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠪᠠᠶᠢᠩᠭᠤ ᠳᠣᠬᠢᠶᠠᠯᠳᠤᠳᠠᠭ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠰᠠᠪᠬᠠᠨᠴᠢᠷ ᠪᠠᠺᠲ᠋ᠧᠷᠢ ᠪᠠ ᠰᠦᠷᠢᠶ᠎ᠡ | ᠡᠪᠡᠳᠴᠢᠨ ᠢ ᠨᠠᠮᠳᠠᠭᠠᠬᠤ ᠶᠢ ᠠᠬᠢᠭᠤᠯᠵᠤ᠂ 2025 ᠣᠨ ᠪᠣᠯᠲᠠᠯ᠎ᠠ ᠰᠠᠭᠠᠯᠢ ᠶᠢᠨ ᠦᠨᠢᠶᠡᠨ ᠤ ᠰᠠᠪᠬᠠᠨᠴᠢᠷ | ᠪᠠᠺᠲ᠋ᠧᠷᠢ᠂ ᠰᠦᠷᠢᠶ᠎ᠡ ᠡᠪᠡᠳᠴᠢᠨ ᠢ ᠡᠵᠡᠮᠰᠢᠬᠦ ᠪᠠᠷᠢᠮᠵᠢᠶ᠎ᠠ ᠳᠤ ᠬᠦᠷᠦᠭᠦᠯᠦᠨ᠎ᠡ᠃ | ︵ᠬᠤᠶᠠᠷ︶ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠯᠦᠭᠯᠡᠯ ᠢ ᠪᠣᠢ ᠪᠣᠯᠭᠠᠨ᠎ᠠ᠃ | 1.ᠴᠠᠭᠠᠨ ᠢᠳᠡᠭᠡᠨ ᠤ ᠠᠵᠤ ᠠᠬᠤᠶᠢᠯᠠᠯ ᠢ ᠵᠣᠷᠢᠬᠵᠢᠭᠤᠯᠤᠨ ᠳᠡᠮᠵᠢᠵᠦ ᠪᠠᠶᠢᠭᠠᠳ ᠰᠢᠯᠢᠳᠡᠭᠵᠢᠭᠦᠯᠦᠨ | ᠬᠦᠴᠦᠷᠭᠡᠭᠵᠢᠭᠦᠯᠦᠨ᠎ᠡ᠃ ᠴᠠᠭᠠᠨ ᠢᠳᠡᠭᠡᠨ ᠤ ᠬᠦᠲᠦᠴᠢ ᠠᠵᠤ ᠠᠬᠤᠶᠢᠯᠠᠯ ᠤᠨ ᠬᠦᠲᠦᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠴᠠᠭᠠᠨ ᠢᠳᠡᠭᠡᠨ ᠤ ᠠᠵᠤ ᠠᠬᠤᠶᠢᠯᠠᠯ ᠤᠨ ᠬᠢᠨ ᠤ ᠲᠠᠪᠤᠨ ᠲᠤᠮᠤ ᠳᠠᠪᠠᠭᠤᠯᠢᠭ | ᠣᠷᠣᠨ ᠪᠦᠰᠡ ᠳᠤ ᠬᠤᠪᠢᠨ ᠤ ᠰᠦ ᠰᠠᠭᠠᠯᠢ ᠶᠢᠨ ᠢᠷᠡᠯᠲᠡ ᠪᠣᠯᠣᠨ ᠪᠣᠯᠪᠠᠰᠤᠷᠠᠭᠤᠯᠬᠤ ᠰᠠᠭᠤᠷᠢᠨ ᠭᠠᠵᠠᠷ ᠢᠶᠠᠨ | ᠪᠠᠶᠢᠷᠢᠰᠢᠭᠤᠯᠬᠤ ᠶᠢ ᠠᠬᠢᠭᠤᠯᠤᠨ᠎ᠠ᠃ ᠴᠠᠭᠠᠨ ᠢᠳᠡᠭᠡᠨ ᠤ ᠲᠤᠮᠤ ᠠᠵᠤ ᠠᠬᠤᠶᠢᠯᠠᠯ ᠤᠨ ᠰᠦ ᠴᠠᠭᠠᠨ ᠢᠳᠡᠭᠡᠨ ᠤ | ᠦᠢᠯᠡᠰ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠪᠦᠲᠦᠭᠡᠨ ᠪᠠᠶᠢᠭᠤᠯᠬᠤ ᠶᠢ ᠳᠡᠮᠵᠢᠵᠦ᠂ ᠰᠢᠮ᠎ᠡ ᠲᠡᠵᠢᠭᠡᠯ | ᠡᠷᠡᠭᠦᠯ ᠮᠡᠨᠳᠦ᠂ ᠪᠣᠯᠪᠠᠰᠤᠷᠠᠭᠤᠯᠬᠤ ᠮᠡᠷᠭᠡᠵᠢᠯ᠂ ᠪᠤᠭᠤᠳᠠᠯᠯᠠᠬᠤ ᠮᠡᠷᠭᠡᠵᠢᠯ᠂ ᠢᠳᠡᠭᠡᠨ ᠤ ᠠᠮᠦᠷ ᠲᠥᠪᠰᠢᠨ ᠤ | ᠲᠥᠭᠰᠢᠭᠦᠷᠢ᠂ ᠳᠡᠭᠡᠳᠦ ᠳᠡᠰ ᠤᠨ ᠪᠦᠲᠦᠭᠡᠭᠳᠡᠭᠦᠨ᠂ ᠵᠢᠷᠤᠭ ᠲᠦᠯᠦᠪᠯᠡᠭᠡ ᠵᠡᠷᠭᠡ ᠶᠢ ᠰᠤᠳᠤᠯᠤᠨ ᠬᠡᠷᠡᠭᠯᠡᠬᠦ ᠶᠢ | ᠦᠷᠨᠢᠭᠦᠯᠦᠨ᠎ᠡ᠃ ᠴᠠᠭᠠᠨ ᠢᠳᠡᠭᠡᠨ ᠤ ᠠᠵᠤ ᠠᠬᠤᠶᠢᠯᠠᠯ ᠤᠨ ᠪᠦᠲᠦᠭᠡᠭᠳᠡᠭᠦᠨ ᠤ ᠪᠦᠲᠦᠴᠡ ᠪᠠᠨ ᠲᠣᠬᠢᠷᠠᠭᠤᠯᠤᠨ | ᠰᠢᠯᠢᠳᠡᠭᠵᠢᠭᠦᠯᠬᠦ ᠶᠢ ᠠᠬᠢᠭᠤᠯᠵᠤ᠂ ᠨᠢᠯᠬ᠎ᠠ ᠨᠢᠷᠠᠢ ᠬᠡᠦᠬᠡᠳ ᠢ ᠤᠭᠵᠢᠵᠤ ᠪᠣᠯᠬᠤ ᠨᠠᠶᠢᠷᠠᠯᠭ᠎ᠠ ᠲᠠᠢ ᠰᠦᠨ ᠲᠠᠯᠬ᠎ᠠ᠂ | ᠬᠤᠷᠤᠳ ᠵᠡᠷᠭᠡ ᠬᠠᠭᠤᠷᠠᠢ ᠰᠦᠨ ᠪᠦᠲᠦᠭᠡᠭᠳᠡᠭᠦᠨ ᠦᠢᠯᠡᠳᠪᠦᠷᠢᠯᠡᠬᠦ ᠶᠢ ᠵᠣᠷᠢᠬᠵᠢᠭᠤᠯᠤᠨ᠂ ᠬᠤᠲᠠ ᠬᠦᠳᠡᠭᠡ ᠶᠢᠨ | ᠠᠳᠠᠯᠢ ᠪᠤᠰᠤ ᠬᠡᠷᠡᠭᠯᠡᠭᠴᠢᠳ ᠲᠤ ᠲᠣᠬᠢᠷᠠᠭᠰᠠᠨ ᠴᠠᠭᠠᠨ ᠢᠳᠡᠭᠡᠨ ᠢ ᠰᠤᠳᠤᠯᠤᠨ ᠨᠡᠭᠡᠭᠡᠵᠦ ᠬᠥᠭᠵᠢᠭᠦᠯᠦᠨ᠎ᠡ᠃ | ᠴᠠᠭᠠᠨ ᠢᠳᠡᠭᠡᠨ ᠤ ᠲᠤᠮᠤ ᠠᠵᠤ ᠠᠬᠤᠶᠢᠯᠠᠯ ᠤᠨ ᠣᠯᠠᠨ ᠤᠯᠤᠰᠴᠢᠯᠠᠨ ᠬᠥᠭᠵᠢᠬᠦ ᠶᠢ ᠳᠡᠮᠵᠢᠵᠦ᠂ ᠳᠡᠯᠡᠬᠡᠢ ᠶᠢᠨ | ᠳᠡᠰ ᠤᠨ ᠠᠵᠤ ᠠᠬᠤᠶᠢᠯᠠᠯ ᠪᠣᠯᠣᠨ ᠣᠯᠠᠨ ᠤᠯᠤᠰ ᠤᠨ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠵᠤ᠂ ᠲᠡᠷᠢᠭᠦᠨ | ᠵᠡᠷᠭᠡ ᠶᠢᠨ ᠪᠦᠲᠦᠭᠡᠭᠳᠡᠭᠦᠨ ᠪᠣᠯᠣᠨ ᠦᠢᠯᠡᠴᠢᠯᠡᠭᠡ ᠶᠢ ᠬᠠᠩᠭᠠᠨ᠎ᠠ᠃ | 2.ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠴᠢᠯᠡᠭᠰᠡᠨ ᠬᠥᠭᠵᠢᠯᠲᠡ ᠶᠢ | ᠠᠬᠢᠭᠤᠯᠤᠨ᠎ᠠ᠃ ᠴᠠᠭᠠᠨ ᠢᠳᠡᠭᠡ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶᠢᠯᠠᠯ ᠤᠨ ᠢᠳᠡᠭᠡᠨ ᠤ ᠠᠵᠤ | ᠦᠢᠯᠡᠰ ᠤᠨ ᠬᠦᠷᠢᠶᠡᠯᠡᠩ ᠳᠤ ᠣᠷᠤᠬᠤ ᠶᠢ ᠳᠡᠮᠵᠢᠵᠦ᠂ ᠳᠡᠭᠡᠳᠦ ᠳᠣᠣᠷᠠᠳᠤ ᠲᠠᠯ᠎ᠠ ᠶᠢᠨ ᠳᠤᠮᠳᠠ ᠵᠢᠵᠢᠭ ᠠᠵᠤ | ᠠᠬᠤᠶᠢᠯᠠᠯ ᠯᠤᠭ᠎ᠠ ᠳᠦᠬᠦᠷᠵᠢᠭᠦᠯᠦᠨ ᠬᠠᠮᠲᠤᠷᠠᠯᠴᠠᠬᠤ ᠶᠢ ᠴᠢᠩᠭᠠᠳᠬᠠᠵᠤ᠂ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠢ ᠬᠡᠷᠡᠭᠵᠢᠭᠦᠯᠦᠨ᠂ ︽ᠲᠤᠰᠬᠠᠢ ᠤᠬᠢ ᠣᠨᠴᠠᠭᠠᠢ ᠰᠢᠨ᠎ᠡ︾ ᠬᠥᠭᠵᠢᠯᠲᠡ ᠶᠢᠨ ᠵᠠᠮ ᠢᠶᠠᠷ | ᠵᠠᠮᠨᠠᠭᠤᠯᠤᠨ᠎ᠠ᠃ ᠬᠤᠲᠠ ᠪᠣᠯᠣᠨ ᠬᠦᠮᠦᠠ ᠠᠮᠠ ᠨᠢᠭᠲᠠᠷᠠᠭᠰᠠᠨ ᠣᠷᠣᠨ ᠳᠤ ᠫᠠᠰᠲ᠋ᠧᠷ ᠰᠦ ᠶᠢᠨ ᠦᠢᠯᠡᠳᠪᠦᠷᠢᠯᠡᠯ ᠢ | ᠦᠷᠨᠢᠭᠦᠯᠵᠦ᠂ ︽ᠬᠤᠪᠢᠨ ᠤ ᠮᠠᠯᠵᠢᠯ ᠤᠨ ᠲᠠᠯᠠᠪᠠᠢ + ᠰᠦ ᠰᠠᠭᠠᠯᠢ ᠶᠢᠨ ᠪᠠᠭᠠᠷ︾ ᠵᠡᠷᠭᠡ ᠦᠢᠯᠡᠳᠪᠦᠷᠢᠯᠡᠵᠦ | ᠪᠣᠷᠤᠯᠠᠭᠤᠯᠬᠤ ᠵᠠᠭᠪᠤᠷ ᠢ ᠬᠥᠭᠵᠢᠭᠦᠯᠵᠦ᠂ ᠫᠠᠰᠲ᠋ᠧᠷ ᠤᠨ ᠰᠦᠨ ᠤ ᠬᠡᠷᠡᠭᠯᠡᠭᠴᠢᠳ ᠢ ᠪᠤᠶᠢᠵᠢᠭᠤᠯᠤᠨ᠎ᠠ᠃ ᠢᠮᠠᠭᠠᠨ ᠤ | ᠰᠦ ᠵᠡᠷᠭᠡ ᠣᠨᠴᠠᠯᠢᠭᠲᠤ ᠰᠦ ᠴᠠᠭᠠᠨ ᠢᠳᠡᠭᠡᠨ ᠤ ᠦᠢᠯᠡᠳᠪᠦᠷᠢᠯᠡᠯ ᠢ ᠨᠡᠭᠡᠭᠡᠨ ᠬᠥᠭᠵᠢᠭᠦᠯᠵᠦ᠂ ᠴᠠᠭᠠᠨ | ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ | 3.ᠦᠨᠳᠦᠰᠦᠲᠡᠨ ᠤ ᠴᠠᠭᠠᠨ ᠢᠳᠡᠭᠡᠨ ᠤ ᠣᠨᠴᠠᠯᠢᠭᠲᠣ ᠬᠥᠭᠵᠢᠯᠲᠡ ᠶᠢ ᠵᠣᠷᠢᠬᠵᠢᠭᠤᠯᠤᠨ᠎ᠠ᠃ ᠰᠢᠯᠢ ᠶᠢᠨ | ᠭᠤᠣᠯ ᠠᠶᠢᠮᠠᠭ᠂ ᠬᠦᠯᠦᠨ ᠪᠤᠶᠢᠷ ᠬᠤᠲᠠ ᠵᠡᠷᠭᠡ ᠮᠠᠯᠵᠢᠬᠤ ᠣᠷᠣᠨ ᠳᠤ ᠦᠨᠳᠦᠰᠦᠲᠡᠨ ᠤ ᠣᠨᠴᠠᠯᠢᠭᠲᠣ ᠴᠠᠭᠠᠨ | ᠢᠳᠡᠭᠡᠨ ᠤ ᠠᠵᠤ ᠦᠢᠯᠡᠳᠪᠦᠷᠢᠵᠢᠭᠦᠯᠦᠭᠰᠡᠨ ᠦᠢᠯᠡᠳᠪᠦᠷᠢᠯᠡᠯ ᠤᠨ ᠲᠣᠷᠰᠢᠯᠲᠠ ᠶᠢᠨ ᠴᠡᠭ ᠢ ᠨᠡᠭᠡᠭᠡᠨ ᠡᠷᠬᠢᠯᠡᠵᠦ᠂ | ᠦᠨᠳᠦᠰᠦᠲᠡᠨ ᠤ ᠣᠨᠴᠠᠯᠢᠭᠲᠣ ᠴᠠᠭᠠᠨ ᠢᠳᠡᠭᠡᠨ ᠤ ᠰᠦᠨ ᠤ ᠢᠷᠡᠯᠲᠡ᠂ ᠪᠣᠯᠪᠠᠰᠤᠷᠠᠭᠤᠯᠬᠤ ᠤᠷ᠎ᠠ ᠮᠡᠷᠭᠡᠵᠢᠯ᠂ | ᠪᠦᠲᠦᠭᠡᠭᠳᠡᠭᠦᠨ ᠤ ᠪᠠᠷᠢᠮᠵᠢᠶᠠᠲᠤ ᠰᠢᠰᠲ᠋ᠧᠮᠵᠢ ᠪᠣᠯᠣᠨ SC ᠨᠤᠲᠠᠯᠠᠯᠲᠠ ᠭᠡᠷᠡᠴᠢᠯᠡᠭᠡ ᠶᠢ ᠲᠡᠭᠦᠯᠳᠡᠷᠵᠢᠭᠦᠯᠦᠨ᠂ | ᠴᠠᠭᠠᠨ ᠢᠳᠡᠭᠡ ᠶᠢ ᠪᠠᠷᠢᠮᠵᠢᠶ᠎ᠠ ᠶᠤᠰᠤᠭᠠᠷ ᠦᠢᠯᠡᠳᠪᠦᠷᠢᠯᠡᠬᠦ ᠪᠠ ᠵᠡᠷᠭᠡ ᠳᠡᠰ ᠢ ᠨᠢ ᠳᠡᠪᠰᠢᠭᠦᠯᠬᠦ ᠶᠢ ᠠᠬᠢᠭᠤᠯᠤᠨ᠎ᠠ᠃ | ᠬᠦᠯᠦᠨ ᠪᠤᠶᠢᠷ ᠬᠤᠲᠠ ᠶᠢᠨ ᠬᠢᠨ ᠤ ᠣᠷᠣᠰ᠂ ᠡᠸᠦ᠋ᠷᠦᠫᠡ ᠠᠮᠧᠷᠢᠺᠠ ᠶᠢᠨ ᠦᠨᠦᠷ ᠠᠮᠲᠠ ᠲᠠᠢ ᠣᠨᠴᠠᠯᠢᠭᠲᠣ | ᠬᠤᠷᠤᠳ ᠵᠡᠷᠭᠡ ᠳᠡᠭᠡᠳᠦ ᠳᠡᠰ ᠤᠨ ᠴᠠᠭᠠᠨ ᠢᠳᠡᠭᠡ ᠦᠢᠯᠡᠳᠪᠦᠷᠢᠯᠡᠬᠦ ᠶᠢ ᠳᠡᠮᠵᠢᠵᠦ᠂ ᠬᠦᠯᠦᠨ ᠪᠤᠶᠢᠷ ᠤᠨ ᠴᠠᠭᠠᠨ | ᠢᠳᠡᠭᠡᠨ ᠤ ᠣᠷᠣᠨ ᠪᠦᠰᠡ ᠶᠢᠨ ᠨᠡᠶᠢᠲᠡ ᠪᠠᠷ ᠬᠡᠷᠡᠭᠯᠡᠬᠦ ᠨᠡᠷᠡᠲᠦ ᠲᠦᠷᠦᠯ ᠲᠡᠮᠲᠡᠭᠲᠦ ᠶᠢ ᠪᠤᠶᠢᠵᠢᠭᠤᠯᠤᠨ᠂ | ᠤᠷᠭᠠᠨᠢᠭ ᠪᠣᠬᠢᠷᠳᠤᠯ ᠦᠭᠡᠢ ᠳᠡᠭᠡᠳᠦ ᠳᠡᠰ ᠤᠨ ᠴᠠᠭᠠᠨ ᠢᠳᠡᠭᠡᠨ ᠤ ᠵᠠᠬ᠎ᠠ ᠳᠡᠯᠭᠡᠭᠦᠷ ᠤᠨ ᠲᠠᠨᠢᠵᠦ ᠮᠡᠳᠡᠭᠦᠯᠬᠦ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠯᠢ ᠶᠢᠨ ᠭᠤᠣᠯ ᠠᠶᠢᠮᠠᠭ᠂ ᠬᠦᠯᠦᠨ ᠪᠤᠶᠢᠷ ᠬᠤᠲᠠ᠂ ᠲᠦᠩᠯᠢᠶᠣᠣ ᠬᠤᠲᠠ᠂ | ᠤᠯᠠᠭᠠᠨᠬᠠᠳᠠ ᠬᠤᠲᠠ᠂ ᠣᠷᠳᠣᠰ ᠬᠤᠲᠠ᠂ ᠠᠯᠠᠱᠠ ᠠᠶᠢᠮᠠᠭ ᠪᠣᠯᠣᠨ ᠪᠠᠶᠠᠨᠨᠠᠭᠤᠷ ᠬᠤᠲᠠ ᠵᠡᠷᠭᠡ ᠶᠢᠨ ᠮᠠᠯᠵᠢᠬᠤ | ᠣᠷᠣᠨ ᠤ ᠬᠢᠨ ᠤ ᠪᠡᠶ᠎ᠡ ᠰᠣᠪᠢᠯᠠᠬᠤ ᠲᠠᠯ᠎ᠠ ᠪᠠᠷ ᠬᠢ ᠠᠯᠢ ᠣᠯᠠᠨ ᠠᠳᠤᠭᠤ ᠲᠡᠮᠡᠭᠡ ᠶᠢᠨ ᠳᠡᠭᠡᠳᠦ ᠳᠡᠰ ᠤᠨ | ᠪᠦᠲᠦᠭᠡᠭᠳᠡᠭᠦᠨ ᠰᠤᠳᠤᠯᠤᠨ ᠨᠡᠭᠡᠭᠡᠬᠦ ᠶᠢ ᠵᠣᠷᠢᠬᠵᠢᠭᠤᠯᠵᠤ᠂ ᠴᠡᠭᠡ᠂ ᠢᠩᠭᠡᠨ ᠤ ᠰᠦ ᠶᠢᠨ ᠡᠷᠡᠭᠦᠯᠵᠢᠯ ᠤᠨ ᠦᠨ᠎ᠡ | ᠥᠷᠲᠡᠭ ᠢ ᠠᠭᠤᠳᠠᠯᠯᠠᠨ᠂ ᠴᠡᠭᠡ᠂ ᠢᠩᠭᠡᠨ ᠤ ᠰᠦ ᠵᠡᠷᠭᠡ ᠪᠦᠲᠦᠭᠡᠭᠳᠡᠭᠦᠨ ᠤ ᠮᠣᠩᠭᠤᠯ ᠡᠮ ᠡᠮᠨᠡᠯᠭᠡ ᠶᠢᠨ | ᠬᠦᠷᠢᠶ᠎ᠡ ᠴᠠᠷᠠᠭᠠᠨ ᠳᠠᠬᠢ ᠬᠡᠷᠡᠭᠯᠡᠭᠡᠨ ᠢ ᠳᠡᠯᠭᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠭᠳᠡᠯ | ᠥᠷᠲᠡᠭ ᠢ ᠨᠢ ᠳᠡᠭᠡᠭᠰᠢᠯᠡᠭᠦᠯᠦᠨ᠎ᠡ᠃ | ︵ᠭᠤᠷᠪᠠ︶ ᠠᠰᠢᠭ ᠲᠤᠰᠠ ᠶᠢ ᠨᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | 1.ᠬᠤᠳᠠᠯᠳᠤᠵᠤ ᠪᠣᠷᠤᠯᠠᠭᠤᠯᠬᠤ ᠭᠡᠷ᠎ᠡ ᠶᠢ ᠴᠢᠩᠳᠠ ᠨᠠᠶᠢᠳᠠᠪᠤᠷᠢᠵᠢᠭᠤᠯᠤᠨ᠎ᠠ᠃ ᠲᠦᠭᠦᠬᠡᠢ ᠰᠦ | ᠬᠤᠳᠠᠯᠳᠤᠨ ᠠᠪᠬᠤ ᠪᠠ ᠪᠤᠷᠤᠯᠠᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠴᠠᠭᠠᠨ ᠢᠳᠡᠭᠡ ᠪᠣᠯᠪᠠᠰᠤᠷᠠᠭᠤᠯᠬᠤ | ᠠᠵᠤ ᠠᠬᠤᠶᠢᠯᠠᠯ ᠬᠢᠭᠡᠳ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠤᠷᠲᠤ ᠬᠤᠭᠤᠴᠠᠭᠠᠨ ᠤ | ᠲᠣᠭᠲᠠᠩᠭᠤᠢ ᠪᠠᠷ ᠬᠤᠳᠠᠯᠳᠤᠵᠤ ᠪᠣᠷᠤᠯᠠᠭᠤᠯᠬᠤ ᠭᠡᠷ᠎ᠡ ᠲᠣᠭᠲᠠᠬᠤ ᠳᠤ ᠬᠢᠨᠠᠯᠲᠠ ᠲᠠᠯᠪᠢᠵᠤ᠂ ᠲᠥᠭᠦᠬᠡᠢ ᠰᠦ | ᠬᠤᠳᠠᠯᠳᠤᠨ ᠠᠪᠬᠤ ᠡᠮᠬᠢ ᠲᠢᠭᠯᠢᠮ ᠢ ᠬᠠᠮᠠᠭᠠᠯᠠᠨ᠎ᠠ᠃ ᠬᠢᠷᠢ ᠲᠡᠩᠴᠡᠭᠰᠡᠨ ᠲᠥᠭᠦᠬᠡᠢ ᠰᠦ ᠶᠢ ᠬᠤᠷᠢᠶᠠᠬᠤ ᠦᠭᠡᠢ᠂ | ᠬᠡᠮᠵᠢᠶ᠎ᠠ ᠲᠠᠢ ᠬᠤᠷᠢᠶᠠᠬᠤ ᠵᠡᠷᠭᠡ ᠬᠤᠳᠠᠯᠳᠤᠨ ᠠᠪᠬᠤ ᠪᠠ ᠪᠣᠷᠤᠯᠠᠭᠤᠯᠬᠤ ᠭᠡᠷ᠎ᠡ ᠶᠢ ᠭᠦᠢᠴᠡᠳᠭᠡᠭᠰᠡᠨ ᠦᠭᠡᠢ᠂ | ᠵᠢᠴᠢ ᠬᠤᠳᠠᠯᠳᠤᠨ ᠠᠪᠬᠤ ᠪᠠ ᠪᠣᠷᠤᠯᠠᠭᠤᠯᠬᠤ ᠬᠠᠷᠢᠴᠠᠭ᠎ᠠ ᠳᠤ ᠪᠠᠨ ᠲᠦᠰᠢᠭᠯᠡᠨ᠂ ᠮᠠᠯ ᠤᠨ ᠡᠮ᠂ ᠲᠡᠵᠢᠭᠡᠯ | ᠡᠪᠡᠰᠦ ᠪᠣᠷᠳᠤᠭ᠎ᠠ᠂ ᠲᠡᠵᠢᠭᠡᠨ ᠦᠷᠡᠵᠢᠭᠦᠯᠬᠦ ᠶᠢᠨ ᠲᠦᠭᠦᠭᠡᠷᠦᠮᠵᠢ ᠵᠡᠷᠭᠡ ᠶᠢ ᠠᠯᠪᠠᠳᠠᠨ ᠲᠦᠯᠬᠢᠵᠦ ᠥᠭᠬᠦ | ᠠᠯᠪᠠᠳᠠᠨ ᠬᠤᠳᠠᠯᠳᠤᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠪᠠ ᠢᠯᠡ | ᠨᠡᠶᠢᠲᠡᠯᠡᠨ᠎ᠡ᠃ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠪᠠᠷ ᠨᠡᠶᠢᠲᠡᠯᠡᠬᠦ | ᠰᠢᠰᠲ᠋ᠧᠮ ᠳᠤ ᠲᠦᠰᠢᠭᠯᠡᠵᠦ᠂ ᠴᠠᠭᠠᠨ ᠢᠳᠡᠭᠡᠨ ᠤ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠲᠡᠮᠲᠡᠭᠯᠡᠯ ᠢ | ᠪᠠᠶᠢᠭᠤᠯᠤᠨ᠂ ︽ᠬᠠᠷ᠎ᠠ ᠳᠠᠩᠰᠠ︾ ᠶᠢᠨ ᠳᠦᠷᠢᠮ ᠢ ᠬᠡᠷᠡᠭᠵᠢᠭᠦᠯᠦᠨ᠎ᠡ᠃ | 2.ᠰᠦ ᠰᠠᠭᠠᠯᠢ ᠶᠢᠨ ᠦᠨ᠎ᠡ ᠬᠠᠩᠰᠢ ᠶᠢᠨ ᠵᠦᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠠᠭᠠᠨ ᠢᠳᠡᠭᠡᠨ ᠤ ᠠᠵᠤ ᠠᠬᠤᠶᠢᠯᠠᠯ᠂ ᠲᠡᠵᠢᠭᠡᠭᠴᠢ᠂ | ᠠᠵᠢᠯ ᠲᠦᠷᠦᠯ ᠤᠨ ᠨᠡᠶᠢᠭᠡᠮᠯᠢᠭ ᠤᠨ ᠣᠷᠤᠯᠴᠠᠭᠰᠠᠨ ᠲᠦᠭᠦᠬᠡᠢ ᠰᠦᠨ ᠤ ᠦᠨ᠎ᠡ ᠬᠠᠩᠰᠢ ᠶᠢᠨ ᠵᠦᠪᠳᠡᠯᠴᠡᠬᠦ | ᠵᠦᠪᠯᠡᠯ ᠢ ᠪᠠᠶᠢᠭᠤᠯᠵᠤ᠂ ᠲᠡᠵᠢᠭᠡᠨ ᠦᠷᠡᠵᠢᠭᠦᠯᠬᠦ ᠦᠪᠡᠷ ᠤᠨ ᠥᠷᠲᠡᠭ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠰᠢᠨᠵᠢᠵᠦ᠂ ᠲᠥᠭᠦᠬᠡᠢ ᠰᠦ ᠬᠢᠭᠡᠳ ᠪᠦᠲᠦᠭᠡᠭᠳᠡᠭᠦᠨ ᠤ ᠦᠨ᠎ᠡ ᠬᠠᠩᠰᠢ ᠶᠢᠨ ᠵᠣᠬᠢᠰᠲᠠᠢ ᠬᠠᠷᠢᠴᠠᠯ ᠢᠶᠠᠷ ᠯᠠᠪᠯᠠᠯᠲᠠ | ᠪᠣᠯᠭᠠᠵᠤ᠂ ᠲᠥᠭᠦᠬᠡᠢ ᠰᠦ ᠬᠤᠳᠠᠯᠳᠤᠨ ᠠᠪᠬᠤ ᠳᠤ ᠯᠠᠪᠯᠠᠯᠲᠠ ᠪᠣᠯᠭᠠᠬᠤ ᠦᠨ᠎ᠡ ᠬᠠᠩᠰᠢ ᠶᠢ ᠬᠠᠩᠭᠠᠵᠤ᠂ | ᠪᠣᠯᠪᠠᠰᠤᠷᠠᠭᠤᠯᠬᠤ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠬᠤᠳᠠᠯᠳᠤᠨ ᠠᠪᠬᠤ ᠵᠣᠬᠢᠰᠲᠠᠢ | ᠦᠨ᠎ᠡ ᠬᠠᠩᠰᠢ ᠶᠢ ᠲᠣᠭᠲᠠᠭᠠᠯᠭᠠᠨ᠎ᠠ᠃ | 3.ᠲᠡᠵᠢᠭᠡᠨ ᠦᠷᠡᠵᠢᠭᠦᠯᠬᠦ ᠪᠠ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠬᠥᠭᠵᠢᠯᠲᠡ ᠶᠢ | ᠠᠬᠢᠭᠤᠯᠤᠨ᠎ᠠ᠃ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠬᠢᠭᠡᠳ ᠬᠤᠷᠰᠢᠭᠰᠠᠨ ᠮᠠᠯᠵᠢᠯ ᠤᠨ | ᠲᠠᠯᠠᠪᠠᠢ ᠨᠢ ᠬᠠᠷᠢᠯᠴᠠᠨ ᠬᠤᠪᠢᠴᠠᠭ᠎ᠠ ᠣᠷᠤᠭᠤᠯᠬᠤ᠂ ᠪᠡᠯᠡ ᠲᠣᠬᠢᠷᠠᠭᠤᠯᠬᠤ᠂ ᠳᠠᠬᠢᠨ ᠵᠣᠬᠢᠶᠠᠨ ᠪᠠᠶᠢᠭᠤᠯᠬᠤ ᠵᠡᠷᠭᠡ | ᠬᠡᠯᠪᠡᠷᠢ ᠪᠠᠷ ᠠᠰᠢᠭ ᠲᠤᠰᠠ ᠪᠠᠨ ᠬᠠᠮᠲᠤ ᠪᠠᠷ ᠬᠦᠷᠲᠡᠬᠦ ᠶᠢ ᠠᠬᠢᠭᠤᠯᠤᠨ᠎ᠠ᠃ ᠬᠡᠪᠴᠢᠶᠡᠵᠢᠯᠲᠦ ᠲᠡᠵᠢᠭᠡᠨ | ᠦᠷᠡᠵᠢᠭᠦᠯᠬᠦ ᠲᠠᠯᠠᠪᠠᠢ᠂ ᠰᠠᠭᠠᠯᠢᠴᠢᠳ ᠤᠨ ᠬᠤᠷᠰᠢᠶᠠᠵᠢᠯ ᠤᠨ ᠬᠢᠨ ᠣᠨᠴᠠᠯᠢᠭ ᠲᠠᠢ ᠴᠠᠭᠠᠨ ᠢᠳᠡᠭᠡ | ᠪᠣᠯᠪᠠᠰᠤᠷᠠᠭᠤᠯᠬᠤ ᠠᠵᠤ ᠠᠬᠤᠶᠢᠯᠠᠯ ᠢ ᠦᠪᠡᠰᠦᠪᠡᠨ ᠪᠠᠶᠢᠭᠤᠯᠬᠤ ᠪᠣᠶᠣ ᠬᠠᠮᠲᠤᠷᠠᠨ ᠪᠠᠶᠢᠭᠤᠯᠬᠤ ᠶᠢ ᠲᠡᠳᠭᠦᠵᠦ᠂ | ︽ᠰᠠᠭᠠᠯᠢᠴᠢᠳ + ᠬᠤᠷᠰᠢᠶᠠᠵᠢᠯ + ᠮᠠᠯᠵᠢᠯ ᠤᠨ ᠲᠠᠯᠠᠪᠠᠢ + ᠠᠵᠤ ᠦᠢᠯᠡᠳᠪᠦᠷᠢ︾ ᠭᠡᠬᠦ ᠰᠢᠨ᠎ᠡ ᠬᠡᠯᠪᠡᠷᠢ | ᠪᠦᠬᠦᠢ ᠠᠰᠢᠭ ᠲᠤᠰᠠ ᠶᠢᠨ ᠬᠠᠮᠲᠤ ᠶᠢᠨ ᠴᠤᠭᠴᠠ ᠶᠢ ᠪᠠᠶᠢᠭᠤᠯᠤᠨ᠎ᠠ᠃ ᠤᠯᠤᠰ ᠤᠨ ᠦᠮᠴᠢᠯᠡᠯ ᠤᠨ ᠲᠠᠷᠢᠶᠠᠯᠠᠩ | ᠮᠠᠯᠵᠢᠯ ᠤᠨ ᠲᠠᠯᠠᠪᠠᠢ ᠬᠢᠭᠡᠳ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠠᠬᠢᠭᠤᠯᠵᠤ᠂ ︽ᠬᠡᠪᠴᠢᠶᠡᠵᠢᠯ + ᠠᠵᠤ ᠦᠢᠯᠡᠰ ᠤᠨ ᠬᠡᠯᠬᠢᠶ᠎ᠡ︾ ᠶᠢᠨ ᠨᠢᠭᠡ ᠴᠤᠭᠴᠠᠵᠢᠭᠤᠯᠤᠭᠰᠠᠨ ᠵᠠᠭᠪᠤᠷ ᠢᠶᠠᠷ | ᠪᠡᠯᠡ ᠮᠦᠩᠭᠦ᠂ ᠡᠬᠢ ᠪᠠᠶᠠᠯᠢᠭ᠂ ᠮᠡᠷᠭᠡᠵᠢᠯ᠂ ᠬᠠᠮᠢᠶᠠᠷᠤᠯᠲᠠ ᠵᠡᠷᠭᠡ ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ | ᠪᠦᠬᠦ ᠠᠵᠤ ᠦᠢᠯᠡᠰ ᠤᠨ ᠬᠡᠯᠬᠢᠶᠡᠨ ᠤ ᠨᠢᠭᠡ ᠴᠤᠭᠴᠠᠵᠢᠭᠤᠯᠤᠨ ᠬᠥᠭᠵᠢᠭᠦᠯᠦᠭᠰᠡᠨ ᠤᠳᠣ ᠦᠶ᠎ᠡ ᠶᠢᠨ ᠠᠵᠤ | ᠠᠬᠤᠶᠢᠯᠠᠯ ᠢ ᠪᠦᠲᠦᠭᠡᠨ ᠪᠠᠶᠢᠭᠤᠯᠤᠨ᠎ᠠ᠃ | ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠢᠭᠡᠳ ᠦᠢᠯᠡᠴᠢᠯᠡᠭᠡ ᠶᠢ | ᠴᠢᠩᠭᠠᠷᠠᠭᠤᠯᠤᠨ᠎ᠠ᠃ | 1.ᠰᠦ ᠴᠠᠭᠠᠨ ᠢᠳᠡᠭᠡᠨ ᠤ ᠦᠢᠯᠡᠰ ᠤᠨ ᠰᠠᠭᠤᠷᠢ ᠰᠤᠳᠤᠯᠭᠠᠨ ᠢ ᠴᠢᠩᠭᠠᠳᠬᠠᠨ᠎ᠠ᠃ ᠶᠡᠭᠡ ᠳᠡᠭᠡᠳᠦ | ᠰᠤᠷᠭᠠᠭᠤᠯᠢ ᠪᠣᠯᠣᠨ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠤᠨ ᠬᠢᠨ ᠤ ᠰᠦ ᠴᠠᠭᠠᠨ ᠢᠳᠡᠭᠡᠨ ᠤ | ᠰᠤᠳᠤᠯᠭᠠᠨ ᠤ ᠰᠢᠨᠵᠢᠯᠡᠭᠡᠨ ᠪᠣᠯᠣᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂ | ᠡᠭᠦᠯᠳᠡᠷ ᠪᠤᠶᠢᠵᠢᠭᠤᠯᠬᠤ᠂ ᠲᠡᠵᠢᠭᠡᠯ ᠡᠪᠡᠰᠤ ᠪᠤᠷᠳᠤᠭ᠎ᠠ᠂ ᠬᠠᠮᠢᠶᠠᠷᠤᠯᠲᠠ᠂ ᠬᠢᠵᠢᠭ ᠡᠪᠡᠳᠴᠢᠨ᠂ ᠮᠢᠺᠷᠤᠪ ᠤᠨ | ᠢᠰᠭᠡᠯᠲᠡ ᠪᠣᠯᠣᠨ ᠸᠠᠺᠼᠢᠨ ᠢ ᠰᠤᠳᠤᠯᠤᠨ ᠨᠡᠭᠡᠭᠡᠬᠦ ᠵᠡᠷᠭᠡ ᠰᠠᠭᠤᠷᠢ ᠰᠤᠳᠤᠯᠭᠠᠨ ᠢ ᠦᠷᠨᠢᠭᠦᠯᠵᠦ᠂ ᠰᠦ ᠴᠠᠭᠠᠨ | ᠢᠳᠡᠭᠡᠨ ᠤ ᠦᠢᠯᠡᠰ ᠤᠨ ᠳᠡᠭᠡᠳᠦ ᠳᠡᠰ ᠤᠨ ᠴᠢᠳᠠᠪᠤᠷᠢᠲᠠᠨ ᠢ ᠬᠦᠮᠦᠵᠢᠭᠦᠯᠵᠦ᠂ ᠰᠦ ᠴᠠᠭᠠᠨ ᠢᠳᠡᠭᠡᠨ ᠤ | ᠦᠢᠯᠡᠰ ᠤᠨ ᠬᠥᠭᠵᠢᠯᠲᠡ ᠳᠤ ᠰᠠᠭᠤᠷᠢ ᠪᠠᠲᠤᠯᠠᠭ᠎ᠠ ᠶᠢ ᠬᠠᠩᠭᠠᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ | ᠨᠢᠭᠡᠨᠲᠡ ᠪᠠᠶᠢᠭ᠎ᠠ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠲᠤ ᠪᠠᠨ ᠲᠦᠰᠢᠭᠯᠡᠵᠦ᠂ ᠠᠵᠤ ᠠᠬᠤᠶᠢᠯᠠᠯ ᠤᠨ | ᠪᠡᠶ᠎ᠡ ᠪᠠᠨ ᠳᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠠᠵᠢᠯ ᠲᠦᠷᠦᠯ ᠤᠨ ᠮᠡᠷᠭᠡᠵᠢᠯ ᠤᠨ | ᠳᠠᠪᠰᠢᠯᠲᠠ ᠶᠢ ᠬᠦᠲᠦᠯᠦᠨ ᠳᠠᠭᠠᠭᠤᠯᠬᠤ ᠶᠢ ᠵᠣᠷᠢᠬᠵᠢᠭᠤᠯᠤᠨ᠎ᠠ᠃ | 2.ᠮᠡᠷᠭᠡᠵᠢᠯ ᠳᠡᠯᠭᠡᠷᠡᠭᠦᠯᠬᠦ ᠪᠠ ᠦᠢᠯᠡᠴᠢᠯᠡᠭᠡ ᠶᠢ ᠴᠢᠩᠭᠠᠷᠠᠭᠤᠯᠤᠨ᠎ᠠ᠃ ᠰᠠᠭᠠᠯᠢ ᠶᠢᠨ ᠦᠨᠢᠶᠡᠨ ᠤ ᠠᠵᠤ | ᠦᠢᠯᠡᠰ ᠤᠨ ᠮᠡᠷᠭᠡᠵᠢᠯ ᠤᠨ ᠰᠢᠰᠲ᠋ᠧᠮᠵᠢ ᠵᠢᠴᠢ ᠮᠠᠯ ᠠᠵᠤ ᠠᠬᠤᠢ ᠮᠠᠯ ᠤᠨ ᠡᠮᠴᠢ ᠶᠢᠨ ᠳᠡᠯᠭᠡᠷᠡᠭᠦᠯᠬᠦ | ᠪᠠᠶᠢᠭᠤᠯᠤᠮᠵᠢ ᠳᠤ ᠲᠦᠰᠢᠭᠯᠡᠵᠦ᠂ ᠵᠠᠩᠬᠢᠯᠠᠭ᠎ᠠ ᠶᠢᠨ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ | ᠡᠷᠴᠢᠮ ᠢᠶᠠᠨ ᠴᠢᠩᠭᠠᠷᠠᠭᠤᠯᠤᠨ᠂ ᠰᠠᠭᠠᠯᠢ ᠶᠢᠨ ᠦᠨᠢᠶᠡᠨ ᠤ ᠨᠢᠭᠡᠴᠢ ᠭᠠᠷᠤᠯᠲᠠ ᠶᠢᠨ ᠬᠢᠷᠢ ᠬᠡᠮᠵᠢᠶ᠎ᠡ ᠪᠣᠯᠣᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠡᠷᠭᠡᠵᠢᠯ ᠴᠢᠳᠠᠪᠤᠷᠢ ᠶᠢᠨ | ᠦᠢᠯᠡᠴᠢᠯᠡᠬᠦ ᠬᠡᠯᠪᠡᠷᠢ ᠶᠢᠨ ᠴᠢᠳᠠᠪᠤᠷᠢᠲᠠᠨ ᠪᠣᠯᠣᠨ ᠮᠠᠯᠵᠢᠯ ᠤᠨ ᠲᠠᠯᠠᠪᠠᠢ ᠶᠢᠨ ᠡᠵᠡᠨᠲᠡᠨ ᠤ ᠪᠣᠯᠪᠠᠰᠤᠷᠠᠭᠤᠯᠤᠯ ᠢ | ᠴᠢᠩᠭᠠᠳᠬᠠᠵᠤ᠂ ᠦᠨᠳᠦᠰᠦᠨ ᠱᠠᠲᠤᠨ ᠤ ᠮᠡᠷᠭᠡᠵᠢᠯ ᠳᠡᠯᠭᠡᠷᠡᠭᠦᠯᠬᠦ ᠨᠢᠷᠤᠭᠤᠪᠴᠢ ᠬᠦᠴᠦᠨ ᠤ ᠦᠢᠯᠡᠴᠢᠯᠡᠬᠦ | ᠴᠢᠳᠠᠪᠤᠷᠢ ᠪᠣᠯᠣᠨ ᠰᠦ ᠴᠠᠭᠠᠨ ᠢᠳᠡᠭᠡᠨ ᠤ ᠦᠢᠯᠡᠰ ᠤᠨ ᠠᠵᠢᠯ ᠡᠷᠬᠢᠯᠡᠭᠰᠡᠳ ᠤᠨ ᠪᠦᠬᠦ᠋ᠢᠯᠡ ᠬᠡᠪ ᠴᠢᠨᠠᠷ ᠢ ᠨᠢ | ᠳᠡᠭᠡᠭᠰᠢᠯᠡᠭᠦᠯᠦᠨ᠎ᠡ᠃ | 3.ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠭᠡᠷ ᠪᠦᠯᠢ ᠶᠢᠨ ᠮᠠᠯᠵᠢᠯ ᠤᠨ | ᠲᠠᠯᠠᠪᠠᠢ ᠶᠢᠨ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮᠵᠢ ᠶᠢᠨ ᠲᠣᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠮᠡᠷᠭᠡᠵᠢᠯ᠂ ᠬᠠᠮᠢᠶᠠᠷᠤᠯᠲᠠ᠂ ᠡᠵᠡᠩᠨᠡᠨ ᠬᠤᠳᠠᠯᠳᠤᠭᠠᠯᠠᠬᠤ ᠵᠡᠷᠭᠡ ᠪᠦᠬᠦᠨ ᠢ | ᠬᠠᠮᠤᠷᠤᠭᠰᠠᠨ ᠪᠤᠯᠪᠠᠰᠤᠷᠠᠭᠤᠯᠤᠯ ᠪᠣᠯᠣᠨ ᠦᠢᠯᠡᠴᠢᠯᠡᠭᠡ ᠶᠢ ᠦᠷᠨᠢᠭᠦᠯᠦᠨ᠎ᠡ᠃ ᠰᠠᠭᠠᠯᠢᠴᠢᠳ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠲᠣᠭᠠᠴᠠᠯᠠᠭᠰᠠᠨ᠂ ᠮᠡᠳᠡᠭᠡ | ᠵᠠᠩᠬᠢᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠂ ᠦᠢᠯᠡᠳᠪᠦᠷᠢᠯᠡᠯ ᠤᠨ ᠳ᠋ᠡᠶᠢᠲ᠋ᠠ ᠶᠢ ᠬᠤᠷᠢᠶᠠᠩᠭᠤᠶᠢᠯᠠᠨ | ᠵᠠᠳᠠᠯᠬᠤ᠂ ᠶᠠᠰᠤ ᠴᠢᠨᠠᠷ ᠢ ᠨᠢ ᠮᠦᠷᠳᠡᠨ ᠪᠠᠶᠢᠴᠠᠭᠠᠬᠤ ᠪᠠ ᠠᠷᠠᠴᠢᠯᠠᠨ ᠬᠠᠮᠢᠶᠠᠷᠬᠤ ᠦᠢᠯᠡᠴᠢᠯᠡᠭᠡ ᠵᠡᠷᠭᠡ ᠴᠢᠳᠠᠮᠵᠢ | ᠶᠢ ᠴᠢᠩᠭᠠᠷᠠᠭᠤᠯᠤᠨ᠎ᠠ᠃ | 4.︽ᠢᠨᠲ᠋ᠧᠷ ᠰᠦᠯᠵᠢᠶ᠎ᠡ +︾ ᠶᠢ ᠢᠳᠡᠪᠬᠢᠲᠡᠢ ᠳᠡᠯᠭᠡᠷᠡᠭᠦᠯᠦᠨ᠎ᠡ᠃ ︽ᠢᠨᠲ᠋ᠧᠷ ᠰᠦᠯᠵᠢᠶ᠎ᠡ +︾ | ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠭᠤᠣᠯ | ᠴᠤᠭᠴᠠ ᠶᠢ ᠪᠤᠶᠢᠵᠢᠭᠤᠯᠤᠨ᠎ᠠ᠃ ᠰᠦ ᠰᠠᠭᠠᠯᠢ ᠶᠢᠨ ᠪᠦᠲᠦᠭᠡᠭᠳᠡᠭᠦᠨ ᠢ ᠰᠦᠯᠵᠢᠶ᠎ᠡ ᠪᠠᠷ ᠪᠤᠷᠤᠯᠠᠭᠤᠯᠬᠤ ᠶᠢ | ᠠᠬᠢᠭᠤᠯᠵᠤ᠂ ᠵᠢᠵᠢᠭᠯᠡᠨ ᠬᠤᠳᠠᠯᠳᠤᠬᠤ ᠪᠡᠶᠡᠴᠢ ᠣᠶᠢᠯᠠᠭᠠᠯᠲᠠ᠂ ᠨᠡᠷᠡᠲᠦ ᠲᠦᠷᠦᠯ ᠲᠡᠮᠲᠡᠭᠲᠦ ᠶᠢᠨ ᠬᠡᠯᠬᠢᠶ᠎ᠡ᠂ | ᠡᠯᠧᠺᠲᠷᠣᠨ ᠬᠤᠳᠠᠯᠳᠤᠭ᠎ᠠ ᠵᠡᠷᠭᠡ ᠣᠯᠠᠨ ᠵᠦᠢᠯ ᠤᠨ ᠬᠡᠯᠪᠡᠷᠢ ᠶᠢ ᠨᠢᠭᠡ ᠴᠤᠭᠴᠠᠵᠢᠭᠤᠯᠤᠭᠰᠠᠨ ᠪᠣᠷᠤᠯᠠᠭᠤᠯᠭ᠎ᠠ ᠶᠢᠨ | ᠰᠢᠨ᠎ᠡ ᠵᠠᠭᠪᠤᠷ ᠢ ᠪᠣᠢ ᠪᠣᠯᠭᠠᠵᠤ᠂ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠬᠦᠲᠦᠴᠢ ᠠᠵᠤ ᠠᠬᠤᠶᠢᠯᠠᠯ ᠢ | ᠪᠦᠷᠢᠯᠳᠦᠭᠦᠯᠦᠨ᠂ ᠪᠤᠬᠢᠷᠳᠤᠯ ᠦᠭᠡᠢ ᠪᠥᠭᠡᠳ ᠤᠷᠭᠠᠨᠢᠭ ᠰᠦ ᠰᠠᠭᠠᠯᠢ ᠶᠢᠨ ᠪᠦᠲᠦᠭᠡᠭᠳᠡᠭᠦᠨ ᠢ ᠤᠯᠤᠰ | ᠳᠠᠶᠠᠭᠠᠷ ᠲᠤ ᠲᠦᠯᠬᠢᠨ ᠠᠬᠢᠭᠤᠯᠵᠤ᠂ ᠳᠡᠯᠡᠬᠡᠢ ᠳ᠋ᠠᠬᠢᠨ ᠳᠤ ᠬᠠᠨᠳᠤᠭᠤᠯᠤᠨ᠂ ᠣᠯᠠᠨ ᠤᠯᠤᠰ ᠤᠨ ᠨᠡᠷᠡᠲᠦ ᠲᠦᠷᠦᠯ | ᠲᠡᠮᠲᠡᠭᠲᠦ ᠶᠢ ᠪᠣᠢ ᠪᠣᠯᠭᠠᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠳᠬᠠᠨ᠎ᠠ᠃ ᠦᠪᠡᠷᠲᠡᠭᠡᠨ ᠵᠠᠰᠠᠬᠤ ᠣᠷᠣᠨ ᠠᠴᠠ ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢᠨ | ᠲᠤᠰᠬᠠᠢ ᠪᠡᠯᠡ ᠮᠦᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠡᠭᠦᠯᠳᠡᠷ ᠤᠨ ᠰᠠᠭᠠᠯᠢ ᠶᠢᠨ | ᠦᠨᠢᠶ᠎ᠡ ᠶᠢ ᠭᠠᠳᠠᠭᠠᠲᠤ ᠠᠴᠠ ᠣᠷᠤᠭᠤᠯᠬᠤ᠂ ᠪᠡᠯᠭᠡ ᠡᠵᠡᠮᠰᠢᠯᠲᠦ ᠢᠴᠡᠬᠡᠯ ᠦᠷ᠎ᠡ ᠶᠢᠨ ᠨᠦᠬᠦᠪᠦᠷᠢ ᠥᠭᠬᠦ᠂ ᠪᠤᠬ᠎ᠠ | ᠶᠢ ᠪᠤᠶᠢᠵᠢᠭᠤᠯᠬᠤ᠂ ᠣᠨᠴᠠᠯᠢᠭᠲᠣ ᠴᠠᠭᠠᠨ ᠢᠳᠡᠭᠡ ᠪᠣᠯᠪᠠᠰᠤᠷᠠᠭᠤᠯᠬᠤ᠂ ᠰᠠᠭᠠᠯᠢ ᠶᠢᠨ ᠦᠨᠢᠶᠡᠨ ᠤ | ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠪᠠ ᠦᠨᠳᠦᠷ ᠤᠨᠠᠯᠲᠠ ᠲᠠᠢ ᠴᠠᠷᠭᠠᠰᠤ ᠲᠠᠷᠢᠬᠤ ᠵᠡᠷᠭᠡ | ᠶᠢ ᠳᠡᠮᠵᠢᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠶᠠᠳᠠᠭᠤ ᠶᠢ ᠲᠡᠳᠭᠦᠬᠦ ᠰᠠᠭᠤᠷᠢ | ᠮᠦᠩᠭᠦ ᠪᠠᠷ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠥᠭᠵᠢᠬᠦ ᠶᠢ ᠭᠤᠣᠯᠳᠠᠯᠭ᠎ᠠ ᠲᠠᠢ ᠲᠤᠰᠠᠯᠠᠨ | ᠲᠡᠳᠭᠦᠨ᠎ᠡ᠃ ᠰᠤᠷᠤᠭᠴᠢᠳ ᠤᠨ ᠢᠳᠡᠬᠦ ᠰᠦ ᠶᠢᠨ ᠲᠦᠯᠦᠪᠯᠡᠭᠡ ᠶᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠢ | ᠡᠳ᠋ ᠤᠨ ᠵᠠᠰᠠᠭ ᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠪᠡᠯᠡ ᠮᠦᠩᠭᠦ ᠶᠢ ᠨᠢᠭᠡᠲᠦᠯᠲᠡᠢ | ᠲᠦᠯᠦᠪᠯᠡᠵᠦ ᠰᠦ ᠴᠠᠭᠠᠨ ᠢᠳᠡᠭᠡᠨ ᠤ ᠦᠢᠯᠡᠰ ᠢ ᠦᠷᠨᠢᠨ ᠬᠥᠭᠵᠢᠭᠦᠯᠬᠦ ᠡᠯ᠎ᠡ ᠵᠦᠢᠯ ᠤᠨ ᠠᠵᠢᠯ ᠢ ᠳᠡᠮᠵᠢᠨ᠎ᠡ᠃ | ᠰᠦ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠤᠯᠤᠰ ᠤᠨ᠂ ᠦᠪᠡᠷᠲᠡᠭᠡᠨ ᠵᠠᠰᠠᠬᠤ ᠣᠷᠣᠨ ᠤ | ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠮᠠᠨ ᠤ ᠣᠷᠣᠨ ᠤ ᠰᠦ ᠴᠠᠭᠠᠨ ᠢᠳᠡᠭᠡᠨ ᠤ ᠦᠢᠯᠡᠰ ᠤᠨ ᠦᠷᠨᠢᠨ ᠬᠥᠭᠵᠢᠬᠦ ᠶᠢ ᠳᠡᠮᠵᠢᠨ᠎ᠡ᠃ | ︵ᠬᠤᠶᠠᠷ︶ ᠮᠦᠩᠭᠦᠨ ᠭᠦᠢᠯᠭᠡᠭᠡᠨ ᠤ ᠳᠠᠭᠠᠳᠬᠠᠯ ᠤᠨ ᠳᠡᠮᠵᠢᠯᠭᠡ ᠶᠢ ᠴᠢᠩᠭᠠᠷᠠᠭᠤᠯᠤᠨ᠎ᠠ᠃ ᠬᠦᠲᠦᠴᠢ | ᠠᠵᠤ ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠪᠠ ᠰᠦ ᠴᠠᠭᠠᠨ ᠢᠳᠡᠭᠡᠨ ᠤ ᠦᠢᠯᠡᠰ ᠤᠨ ᠵᠢᠵᠢᠭ ᠪᠢᠴᠢᠯ | ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ ᠠᠪᠴᠠᠭᠠᠨ ᠤ ᠵᠤᠭᠤᠰ ᠢᠶᠠᠷ ᠪᠡᠯᠡ ᠲᠣᠬᠢᠷᠠᠭᠤᠯᠬᠤ ᠶᠢ ᠳᠡᠮᠵᠢᠵᠦ᠂ | ᠵᠢᠭᠡᠯᠡᠯᠭᠡ ᠪᠤᠶᠤ ᠢᠲᠡᠭᠡᠮᠵᠢ ᠣᠯᠬᠤ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠵᠢᠵᠢᠭ ᠠᠵᠤ | ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠬᠦ ᠵᠡᠷᠭᠡ ᠪᠠᠷ ᠰᠦ ᠴᠠᠭᠠᠨ ᠢᠳᠡᠭᠡᠨ ᠤ ᠵᠢᠵᠢᠭ | ᠪᠢᠴᠢᠯ ᠠᠵᠤ ᠠᠬᠤᠶᠢᠯᠠᠯ ᠢ ᠤᠷᠢᠳ ᠢᠶᠠᠷ ᠳᠡᠮᠵᠢᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ ᠪᠠᠲᠤᠯᠠᠭᠠᠲᠤ ᠲᠣᠭᠠᠨ ᠤ ᠨᠦᠬᠦᠪᠦᠷᠢᠯᠡᠬᠦ ᠬᠡᠯᠪᠡᠷᠢ ᠶᠢᠨ ᠬᠤᠳᠠᠯᠳᠤᠭᠠᠨ ᠤ ᠳᠠᠭᠠᠳᠬᠠᠯ᠂ ᠣᠷᠣᠯᠭ᠎ᠠ | ᠶᠢᠨ ᠳᠠᠭᠠᠳᠬᠠᠯ᠂ ᠦᠨ᠎ᠡ ᠬᠠᠩᠰᠢ ᠶᠢᠨ ᠭᠦᠢᠴᠡᠳᠭᠡᠯ ᠲᠣᠭᠠᠨ ᠤ ᠳᠠᠭᠠᠳᠬᠠᠯ ᠵᠡᠷᠭᠡ ᠰᠢᠨ᠎ᠡ ᠨᠡᠷᠡᠳᠭᠦᠨ ᠢ ᠨᠡᠭᠡᠭᠡᠨ | ᠬᠥᠭᠵᠢᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢᠨ ᠳᠠᠭᠠᠳᠬᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠰᠠᠭᠠᠯᠢ ᠶᠢᠨ ᠦᠨᠢᠶᠡᠨ ᠤ ᠠᠮᠢᠳᠤ ᠴᠤᠭᠴᠠ ᠶᠢᠨ ᠪᠠᠷᠢᠴᠠᠭᠠᠲᠣ ᠵᠢᠭᠡᠯᠡᠯᠭᠡ᠂ | ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠷᠢᠴᠠᠭᠠᠲᠣ ᠵᠢᠭᠡᠯᠡᠯᠭᠡ ᠶᠢ ᠦᠷᠨᠢᠭᠦᠯᠵᠦ᠂ ᠨᠦᠬᠦᠴᠡᠯ ᠳᠤ ᠨᠡᠶᠢᠴᠡᠬᠦ ᠳᠤᠮᠳᠠ | ᠵᠢᠵᠢᠭ ᠮᠠᠯᠵᠢᠯ ᠤᠨ ᠲᠠᠯᠠᠪᠠᠢ ᠶᠢᠨ ᠵᠢᠭᠡᠯᠡᠯᠭᠡ ᠶᠢ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ | ᠰᠢᠰᠲ᠋ᠧᠮᠵᠢ ᠳᠤ ᠣᠷᠤᠭᠤᠯᠬᠤ ᠶᠢ ᠳᠡᠮᠵᠢᠨ᠎ᠡ᠃ | ︵ᠭᠤᠷᠪᠠ︶ ᠭᠠᠵᠠᠷ ᠰᠢᠷᠤᠢ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠩᠭᠠᠨ᠎ᠠ᠃ ᠰᠦ | ᠴᠠᠭᠠᠨ ᠢᠳᠡᠭᠡᠨ ᠤ ᠦᠢᠯᠡᠰ ᠤᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠭᠠᠵᠠᠷ ᠰᠢᠷᠤᠢ ᠠᠰᠢᠭᠯᠠᠬᠤ ᠵᠢᠯ ᠤᠨ ᠲᠦᠯᠦᠪᠯᠡᠭᠡ ᠳᠤ ᠡᠩ ᠲᠡᠷᠢᠭᠦᠨ ᠳᠤ ᠣᠷᠤᠭᠤᠯᠬᠤ ᠶᠢᠨ ᠬᠠᠮᠲᠤ | ᠭᠤᠣᠯᠳᠠᠯᠭ᠎ᠠ ᠲᠠᠢ ᠬᠠᠷᠠᠭᠠᠯᠵᠠᠨ᠎ᠠ᠃ ᠤᠯᠤᠰ ᠤᠨ ᠦᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠬᠡᠷᠡᠭᠯᠡᠬᠦ ᠳᠤ ᠦᠨᠡᠨ ᠬᠦ ᠰᠢᠯᠵᠢᠭᠦᠯᠦᠨ ᠠᠪᠬᠤ ᠴᠢᠬᠤᠯᠠᠲᠠᠢ ᠪᠠᠶᠢᠪᠠᠯ᠂ ᠤᠯᠤᠰ ᠤᠨ ᠬᠠᠮᠤᠭ ᠤᠨ ᠳᠣᠣᠷ᠎ᠠ ᠦᠨ᠎ᠡ | ᠬᠠᠩᠰᠢ ᠶᠢᠨ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ ᠤᠷᠢᠳᠠᠯ ᠳᠣᠣᠷ᠎ᠠ ᠬᠢᠮᠲᠠ ᠪᠠᠷ ᠬᠤᠳᠠᠯᠳᠤᠬᠤ ᠰᠠᠭᠤᠷᠢ | ᠦᠨ᠎ᠡ ᠶᠢ ᠲᠣᠭᠲᠠᠭᠠᠵᠤ ᠪᠣᠯᠣᠨ᠎ᠠ᠃ ᠰᠦ ᠴᠠᠭᠠᠨ ᠢᠳᠡᠭᠡᠨ ᠤ ᠦᠢᠯᠡᠰ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠬᠠᠳᠠᠭᠠᠯᠠᠵᠤ ᠪᠠᠶᠢᠭ᠎ᠠ ᠭᠠᠵᠠᠷ ᠨᠢ ᠲᠦᠯᠦᠪᠵᠢᠭᠦᠯᠭᠡ ᠳᠤ ᠨᠡᠶᠢᠴᠡᠭᠰᠡᠨ᠂ ᠣᠣᠯ ᠤᠨ ᠬᠡᠷᠡᠭᠴᠡᠭᠡ ᠶᠢ ᠨᠢ | ᠬᠤᠪᠢᠷᠠᠭᠤᠯᠬᠤ ᠦᠭᠡᠢ ᠤᠷᠢᠳᠠᠯ ᠳᠣᠣᠷ᠎ᠠ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ᠂ | ᠮᠡᠷᠭᠡᠵᠢᠯ ᠤᠨ ᠦᠭᠡᠷᠡᠴᠢᠯᠡᠯᠲᠡ ᠬᠢᠬᠦ ᠵᠡᠷᠭᠡ ᠪᠦᠲᠦᠭᠡᠨ ᠪᠠᠶᠢᠭᠤᠯᠤᠯᠲᠠ ᠠᠴᠠ ᠪᠣᠯᠵᠤ ᠡᠵᠡᠯᠡᠭᠦᠨ ᠤ ᠨᠤᠷᠮ᠎ᠠ ᠶᠢ | ᠨᠡᠮᠡᠭᠳᠡᠭᠦᠯᠦᠭᠰᠡᠨ ᠪᠠᠶᠢᠪᠠᠯ᠂ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ ᠭᠠᠵᠠᠷ ᠰᠢᠷᠤᠢ ᠶᠢ ᠬᠢᠮᠳᠠ ᠪᠠᠷ | ᠬᠤᠳᠠᠯᠳᠤᠭᠰᠠᠨ ᠦᠨ᠎ᠡ ᠶᠢᠨ ᠵᠤᠭᠤᠰ ᠢ ᠨᠡᠮᠡᠵᠦ ᠬᠤᠷᠢᠶᠠᠬᠤ ᠦᠭᠡᠢ᠃ ᠠᠰᠢᠭᠯᠠᠭᠠᠳᠤᠢ ᠭᠠᠵᠠᠷ ᠰᠢᠷᠤᠢ ᠶᠢ ᠰᠦ | ᠴᠠᠭᠠᠨ ᠢᠳᠡᠭᠡᠨ ᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠰᠢᠭᠯᠠᠪᠠᠯ᠂ ᠤᠯᠤᠰ ᠤᠨ | ᠬᠤᠯᠪᠣᠭᠳᠠᠯ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠰᠦ ᠴᠠᠭᠠᠨ ᠢᠳᠡᠭᠡᠨ ᠤ | ᠦᠢᠯᠡᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠲᠤ ᠬᠤᠭᠤᠴᠠᠭ᠎ᠠ ᠪᠠᠷ ᠳᠦᠷᠢᠶᠡᠰᠦᠯᠡᠬᠦ᠂ | ᠤᠷᠢᠳ ᠢᠶᠠᠷ ᠳᠦᠷᠢᠶᠡᠰᠦᠯᠡᠨ ᠳᠠᠷᠠᠭ᠎ᠠ ᠨᠢ ᠰᠢᠯᠵᠢᠭᠦᠯᠬᠦ᠂ ᠳᠦᠷᠢᠶᠡᠰᠦᠯᠡᠬᠦ ᠪᠠ ᠰᠢᠯᠵᠢᠭᠦᠯᠬᠦ ᠶᠢ ᠤᠶᠠᠯᠳᠤᠭᠤᠯᠬᠤ | ᠵᠡᠷᠭᠡ ᠠᠷᠭ᠎ᠠ ᠬᠡᠯᠪᠡᠷᠢ ᠪᠠᠷ ᠬᠠᠩᠭᠠᠵᠤ ᠪᠣᠯᠣᠨ᠎ᠠ᠂ ᠵᠢᠯ ᠢᠶᠠᠷ ᠭᠠᠵᠠᠷ ᠢ ᠤᠶᠠᠨ ᠬᠠᠷᠢᠮᠠᠬᠠᠢ ᠪᠠᠷ ᠬᠢᠮᠳᠠ ᠪᠠᠷ | ᠬᠤᠳᠠᠯᠳᠤᠵᠤ ᠬᠠᠩᠭᠠᠬᠤ ᠪᠣᠯᠣᠨ᠎ᠠ᠃ ᠪᠡᠯᠡᠳᠭᠡᠮᠵᠢᠲᠦ ᠲᠠᠷᠢᠶᠠᠯᠠᠩ ᠤᠨ ᠲᠣᠭᠲᠠᠭᠠᠯ ᠤᠨ ᠪᠠᠷᠢᠮᠵᠢᠶ᠎ᠠ ᠳᠤ ᠨᠡᠶᠢᠴᠡᠭᠰᠡᠨ | ᠲᠡᠵᠢᠭᠡᠨ ᠦᠷᠡᠵᠢᠭᠦᠯᠬᠦ ᠲᠠᠯᠠᠪᠠᠢ ᠵᠢᠴᠢ ᠬᠥᠬᠡ ᠪᠠᠷ ᠳᠠᠷᠤᠰᠢᠭᠤᠯᠬᠤ ᠵᠤᠭᠤᠷᠢ ︵ᠴᠦᠬᠦᠷᠦᠮ︶᠂ ᠲᠡᠵᠢᠭᠡᠯ | ᠡᠪᠡᠰᠦᠨ ᠤ ᠲᠠᠯᠠᠪᠠᠢ᠂ ᠮᠠᠰᠢᠨ ᠤ ᠪᠦᠷᠬᠦᠭ ᠵᠡᠷᠭᠡ ᠳᠠᠭᠠᠯᠳᠤᠭᠤᠯᠤᠯ ᠪᠡᠯᠡᠳᠭᠡᠮᠵᠢ ᠶᠢ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠠᠮᠢᠶᠠᠷᠤᠯᠲᠠ ᠳᠤ ᠣᠷᠤᠭᠤᠯᠤᠨ᠎ᠠ᠃ ᠣᠶᠢᠵᠢᠭᠤᠯᠬᠤ ᠳᠤ ᠲᠣᠬᠢᠷᠠᠮᠵᠢᠲᠠᠢ ᠭᠠᠵᠠᠷ ᠤᠨ ᠬᠡᠷᠡᠭᠴᠡᠭᠡ ᠶᠢ | ᠬᠤᠪᠢᠷᠠᠭᠤᠯᠬᠤ ᠦᠭᠡᠢ᠂ ᠣᠣᠯ ᠤᠨ ᠴᠢᠳᠠᠮᠵᠢ ᠶᠢ ᠪᠠᠭᠤᠷᠠᠭᠤᠯᠬᠤ ᠦᠭᠡᠢ ᠨᠦᠬᠦᠴᠡᠯ ᠳᠣᠣᠷ᠎ᠠ᠂ ᠲᠡᠵᠢᠭᠡᠨ | ᠦᠷᠡᠵᠢᠭᠦᠯᠬᠦ ᠲᠠᠯᠠᠪᠠᠢ ᠶᠢᠨ ᠲᠦᠷᠢᠶᠡᠰᠦᠯᠡᠭᠦᠯᠬᠦ ᠵᠡᠷᠭᠡ ᠠᠷᠭ᠎ᠠ ᠬᠡᠯᠪᠡᠷᠢ ᠪᠠᠷ ᠣᠢ ᠲᠠᠢ ᠭᠠᠵᠠᠷ ᠢ ᠬᠡᠷᠡᠭᠯᠡᠬᠦ ᠶᠢ ᠨᠢ | ᠵᠥᠪᠰᠢᠶᠡᠷᠡᠨ᠎ᠡ᠃ | ︵ᠳᠥᠷᠪᠡ︶ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠠᠬᠢᠭᠤᠯᠤᠨ᠎ᠠ᠃ ᠰᠦ | ᠴᠠᠭᠠᠨ ᠢᠳᠡᠭᠡᠨ ᠤ ᠦᠢᠯᠡᠰ ᠤᠨ ᠪᠡᠯᠡ ᠲᠣᠬᠢᠷᠠᠭᠤᠯᠬᠤ ᠣᠯᠠᠨ ᠡᠰᠢᠲᠦ ᠠᠷᠭ᠎ᠠ ᠵᠠᠮ ᠢ ᠪᠠᠶᠢᠭᠤᠯᠵᠤ᠂ ᠣᠷᠣᠨ ᠤ | ᠲᠤᠳᠤᠨ᠎ᠠ ᠭᠠᠳᠠᠨᠠᠬᠢ ᠴᠠᠭᠠᠨ ᠢᠳᠡᠭᠡᠨ ᠤ ᠲᠤᠮᠤ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ | ᠠᠷᠠᠳ ᠤᠨ ᠬᠦᠷᠦᠩᠭᠡ ᠵᠡᠷᠭᠡ ᠶᠢ ᠵᠣᠷᠢᠬᠵᠢᠭᠤᠯᠵᠤ ᠪᠠᠶᠢᠭᠠᠳ ᠰᠦ ᠴᠠᠭᠠᠨ ᠢᠳᠡᠭᠡᠨ ᠤ ᠬᠥᠭᠵᠢᠯᠲᠡ ᠳᠤ | ᠣᠷᠤᠭᠤᠯᠤᠯᠲᠠ ᠬᠢᠯᠭᠡᠨ᠎ᠡ᠃ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠪᠣᠯᠪᠠᠰᠤᠷᠠᠭᠤᠯᠬᠤ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠭᠠᠷᠬᠤ ᠪᠡᠯᠡᠳᠭᠡᠯ ᠡᠬᠢ ᠪᠠᠶᠠᠯᠢᠭ ᠢ ᠪᠤᠶᠢᠵᠢᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ | ᠣᠷᠣᠨ ᠤ ᠲᠤᠳᠤᠷᠠᠬᠢ ᠠᠵᠤ ᠠᠬᠤᠶᠢᠯᠠᠯ ᠤᠨ ᠬᠢᠨ ᠤ ᠭᠤᠣᠯ ᠰᠠᠮᠪᠠᠷ᠎ᠠ᠂ ᠦᠢᠯᠡᠰ ᠴᠤᠭᠴᠠᠯᠠᠬᠤ ᠰᠠᠮᠪᠠᠷ᠎ᠠ ᠪᠣᠯᠣᠨ | ᠰᠢᠨ᠎ᠡ ᠭᠤᠷᠪᠠᠳᠤᠭᠠᠷ ᠰᠠᠮᠪᠠᠷ᠎ᠠ ᠵᠡᠷᠭᠡ ᠡᠯ᠎ᠡ ᠲᠦᠷᠦᠯ ᠤᠨ ᠬᠦᠷᠦᠩᠭᠡ ᠶᠢᠨ ᠵᠠᠬ᠎ᠠ ᠳᠡᠯᠭᠡᠭᠦᠷ ᠲᠤ ᠰᠢᠭᠤᠳ ᠪᠡᠯᠡ | ᠲᠣᠬᠢᠷᠠᠭᠤᠯᠬᠤ ᠶᠢ ᠳᠡᠮᠵᠢᠵᠦ᠂ ᠰᠲ᠋ᠥᠺ ᠤᠨ ᠡᠷᠬᠡ ᠶᠢᠨ ᠠᠷᠠᠯᠵᠢᠶᠠᠨ ᠤ ᠲᠥᠪ ᠲᠤ ᠰᠠᠭᠠᠳ ᠦᠭᠡᠢ ᠰᠢᠯᠤᠭᠤᠬᠠᠨ | ᠨᠡᠪᠲᠡᠷᠡᠬᠦ ᠵᠠᠮ ᠢ ᠪᠠᠶᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠯᠬᠤᠴᠠ ᠶᠢ | ᠲᠦᠷᠭᠡᠳᠭᠡᠨ᠎ᠡ᠃ | ︵ᠲᠠᠪᠤ︶ ᠰᠦ ᠴᠠᠭᠠᠨ ᠢᠳᠡᠭᠡᠨ ᠤ ᠦᠢᠯᠡᠰ ᠤᠨ ᠶᠠᠰᠤ ᠴᠢᠨᠠᠷ ᠤᠨ ᠠᠮᠦᠷ ᠲᠥᠪᠰᠢᠨ ᠤ ᠬᠤᠷᠢᠭ᠎ᠠ | ᠱᠤᠭᠤᠮ ᠢ ᠡᠷᠡᠰ ᠰᠠᠬᠢᠨ᠎ᠠ᠃ ᠴᠠᠭᠠᠨ ᠢᠳᠡᠭᠡᠨ ᠤ ᠦᠢᠯᠡᠳᠪᠦᠷᠢᠯᠡᠯ ᠤᠨ ᠪᠦᠬᠦ ᠶᠠᠪᠤᠴᠠ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠡᠵᠢᠭᠡᠨ ᠦᠷᠡᠵᠢᠭᠦᠯᠬᠦ ᠭᠤᠭᠴᠤᠭᠠᠨ ᠳᠠᠬᠢ ᠲᠡᠵᠢᠭᠡᠯ ᠪᠤᠷᠳᠤᠭ᠎ᠠ᠂ ᠮᠠᠯ ᠤᠨ | ᠡᠮ ᠵᠡᠷᠭᠡ ᠣᠷᠤᠭᠤᠯᠤᠭᠰᠠᠨ ᠡᠳ᠋ ᠢ ᠬᠢᠨᠠᠨ ᠬᠠᠮᠢᠶᠠᠷᠬᠤ ᠪᠠᠨ ᠴᠢᠩᠭᠠᠷᠠᠭᠤᠯᠵᠤ᠂ ᠲᠥᠭᠦᠬᠡᠢ ᠰᠦᠨ ᠤ ᠶᠠᠰᠤ | ᠴᠢᠨᠠᠷ ᠤᠨ ᠠᠮᠦᠷ ᠲᠥᠪᠰᠢᠨ ᠢ ᠡᠬᠢ ᠢᠷᠡᠯᠲᠡ ᠠᠴᠠ ᠨᠢ ᠪᠠᠲᠤᠯᠠᠨ᠎ᠠ᠃ ᠲᠥᠭᠦᠬᠡᠢ ᠰᠦᠨ ᠤ ᠬᠤᠳᠠᠯᠳᠤᠨ ᠠᠪᠬᠤ | ᠥᠷᠲᠡᠭᠡ᠂ ᠲᠡᠭᠡᠭᠡᠪᠦᠷᠢᠯᠡᠬᠦ ᠲᠡᠷᠭᠡ᠂ ᠴᠠᠭᠠᠨ ᠢᠳᠡᠭᠡᠨ ᠤ ᠠᠵᠤ ᠠᠬᠤᠶᠢᠯᠠᠯ ᠳᠤ ᠣᠨᠣᠪᠴᠢᠲᠠᠢ ᠪᠦᠭᠡᠳ ᠪᠦᠬᠦ | ᠶᠠᠪᠤᠴᠠ ᠳᠠᠬᠢ ᠬᠠᠮᠢᠶᠠᠷᠤᠯᠲᠠ ᠶᠢ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠦᠢᠯᠡᠳᠪᠦᠷᠢᠯᠡᠯ ᠡᠵᠡᠩᠨᠡᠯᠲᠡ ᠶᠢᠨ | ᠭᠤᠣᠯ ᠴᠤᠭᠴᠠ ᠶᠢ ᠬᠠᠤᠯᠢ ᠶᠤᠰᠤᠭᠠᠷ ᠴᠠᠭᠠᠵᠠᠯᠠᠨ᠎ᠠ᠃ ᠴᠠᠭᠠᠨ ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠢ | ᠪᠠᠶᠢᠴᠠᠭᠠᠨ ᠰᠢᠨᠵᠢᠬᠦ ᠲᠦᠯᠦᠪᠯᠡᠭᠡ ᠶᠢ ᠬᠡᠷᠡᠭᠵᠢᠭᠦᠯᠵᠦ᠂ ᠪᠠᠶᠢᠴᠠᠭᠠᠨ ᠰᠢᠨᠵᠢᠬᠦ ᠲᠦᠷᠦᠯ ᠵᠦᠢᠯ ᠢ ᠰᠢᠨᠵᠢᠯᠡᠬᠦ | ᠤᠬᠠᠭᠠᠨᠴᠢ ᠪᠦᠭᠡᠳ ᠵᠦᠢ ᠵᠣᠬᠢᠰᠲᠠᠢ ᠪᠠᠷ ᠲᠣᠭᠲᠠᠭᠠᠵᠤ᠂ ᠭᠤᠷᠪᠠᠳᠡᠬᠢ ᠡᠲᠡᠭᠡᠳ ᠤᠨ ᠪᠠᠶᠢᠴᠠᠭᠠᠨ ᠰᠢᠨᠵᠢᠬᠦ | ᠪᠠᠶᠢᠭᠤᠯᠤᠮᠵᠢ ᠶᠢᠨ ᠬᠢᠨ ᠤ ᠶᠠᠰᠤ ᠴᠢᠨᠠᠷ ᠤᠨ ᠠᠮᠦᠷ ᠲᠥᠪᠰᠢᠨ ᠢ ᠪᠠᠶᠢᠴᠠᠭᠠᠨ ᠰᠢᠨᠵᠢᠬᠦ ᠶᠢ ᠳᠡᠮᠵᠢᠨ᠎ᠡ᠃ ᠬᠠᠤᠯᠢ | ᠬᠡᠷᠡᠭᠵᠢᠭᠦᠯᠦᠨ ᠪᠠᠶᠢᠴᠠᠭᠠᠯᠲᠠ ᠬᠢᠬᠦ ᠪᠠ ᠬᠢᠨᠠᠯᠲᠠ ᠲᠠᠯᠪᠢᠵᠤ ᠪᠠᠶᠢᠴᠠᠭᠠᠨ ᠰᠢᠨᠵᠢᠬᠦ ᠶᠢ ᠬᠤᠯᠪᠤᠯᠳᠤᠭᠤᠯᠤᠨ | ᠶᠠᠪᠤᠭᠳᠠᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭ᠎ᠠ ᠬᠢᠭᠡᠳ ᠬᠠᠤᠯᠢ ᠴᠠᠭᠠᠵᠠ ᠶᠢ ᠵᠤᠯᠭᠠᠭᠤᠯᠤᠨ᠂ ᠬᠠᠤᠯᠢ ᠶᠢ | ᠵᠦᠷᠢᠴᠡᠨ ᠨᠡᠮᠡᠯᠲᠡ ᠡᠳ᠋ ᠬᠢᠬᠦ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠥᠭᠭᠦᠨ᠎ᠡ᠃ ᠠᠭᠤᠰᠬᠠᠮᠠᠯ ᠰᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠭᠠᠬᠤ ᠲᠡᠮᠲᠡᠭ ᠬᠡᠷᠡᠭᠯᠡᠭᠦᠯᠬᠦ ᠳᠦᠷᠢᠮ ᠢ ᠴᠢᠩᠳᠠ ᠬᠢᠨᠠᠯᠲᠠ | ᠲᠠᠯᠪᠢᠵᠤ ᠨᠠᠶᠢᠳᠠᠪᠤᠷᠢᠵᠢᠭᠤᠯᠤᠨ᠎ᠠ᠃ ᠴᠠᠭᠠᠨ ᠢᠳᠡᠭᠡᠨ ᠤ ᠨᠢᠭᠤᠴᠠ ᠪᠠᠷ ᠠᠷᠠᠯᠵᠢᠶᠠᠯᠠᠬᠤ ᠦᠢᠯᠡ ᠠᠵᠢᠯᠯᠠᠭ᠎ᠠ ᠳᠤ | ᠴᠢᠩᠭ᠎ᠠ ᠴᠤᠬᠢᠯᠲᠠ ᠥᠭᠬᠦᠨ᠎ᠡ᠃ | ︵ᠵᠢᠷᠭᠤᠭ᠎ᠠ︶ ᠰᠦ ᠴᠠᠭᠠᠨ ᠢᠳᠡᠭᠡᠨ ᠤ ᠬᠥᠭᠵᠢᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠲᠤᠰ ᠲᠤᠰ ᠤᠨ | ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠵᠣᠬᠢᠴᠠᠭᠤᠯᠤᠨ ᠬᠠᠮᠵᠢᠯᠴᠠᠵᠤ᠂ ᠳᠦᠬᠦᠷ ᠲᠥᠷᠥ ᠶᠢᠨ ᠪᠣᠳᠣᠯᠭ᠎ᠠ | ᠪᠣᠯᠣᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠨ᠂ ᠴᠠᠭᠠᠨ ᠢᠳᠡᠭᠡᠨ ᠤ ᠬᠡᠷᠡᠭᠯᠡᠭᠡ ᠶᠢ ᠢᠳᠡᠪᠬᠢᠲᠡᠢ ᠪᠠᠷ | ᠬᠦᠲᠦᠯᠦᠨ ᠵᠢᠯᠤᠭᠤᠳᠴᠤ᠂ ᠰᠦ ᠴᠠᠭᠠᠨ ᠢᠳᠡᠭᠡᠨ ᠤ ᠦᠢᠯᠡᠰ ᠤᠨ ᠵᠠᠬ᠎ᠠ ᠳᠡᠯᠭᠡᠭᠦᠷ ᠢ ᠥᠷᠭᠡᠳᠭᠡᠨ ᠨᠡᠭᠡᠭᠡᠵᠦ᠂ | ᠰᠦ ᠴᠠᠭᠠᠨ ᠢᠳᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠦᠴᠦᠷᠬᠡᠭ | ᠶᠡᠭᠡ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠢ᠃ ᠬᠢᠨᠠᠯᠲᠠ ᠲᠠᠯᠪᠢᠵᠤ ᠰᠢᠯᠭᠠᠨ ᠬᠢᠨᠠᠬᠤ ᠪᠠᠨ ᠴᠢᠩᠭᠠᠷᠠᠭᠤᠯᠵᠤ᠂ | ᠱᠠᠩᠨᠠᠵᠤ ᠵᠠᠯᠬᠠᠭᠠᠬᠤ ᠲᠣᠭᠲᠠᠴᠠ ᠶᠢ ᠪᠠᠶᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠪᠣᠲᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠮᠠᠨ ᠤ ᠣᠷᠣᠨ ᠤ ᠰᠦ ᠴᠠᠭᠠᠨ ᠢᠳᠡᠭᠡᠨ ᠤ | ᠦᠢᠯᠡᠰ ᠤᠨ ᠪᠦᠬᠦ ᠲᠠᠯ᠎ᠠ ᠪᠠᠷ ᠦᠷᠨᠢᠨ ᠬᠥᠭᠵᠢᠬᠦ ᠶᠢ ᠠᠬᠢᠭᠤᠯᠤᠨ᠎ᠠ᠃ | |