ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠫᠠᠶᠢᠰᠠ ᠰᠡᠬᠦᠬᠦ ᠵᠢᠴᠢ ᠭᠡᠷ᠎ᠡ ᠲᠣᠭᠲᠠᠬᠤ ᠶᠣᠰᠣᠯᠠᠯ ᠶᠠᠪᠤᠭᠳᠠᠪᠠ ᠠᠢ ᠯᠢ ᠬᠤᠸᠠ ᠤᠷᠤᠯᠴᠠᠵᠠᠢ
ᠨᠡᠶᠢᠲᠡᠯᠡᠭᠰᠡᠨ ᠴᠠᠭ᠄
2019/12/6
     12 ᠰᠠᠷ᠎ᠠ ᠶᠢᠨ 5᠎ ᠤ ᠡᠳᠦᠷ᠂ ᠦᠪᠦᠷ ᠮᠤᠩᠭᠤᠯ ᠤᠨ ᠲᠤᠭᠠᠴᠢᠯᠠᠬᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠫᠠᠶᠢᠰᠠ ᠰᠡᠭᠦᠬᠦ ᠵᠢᠴᠢ ᠭᠡᠷ᠎ᠠ ᠲᠤᠬᠲᠠᠬᠤ ᠶᠤᠰᠤᠯᠠᠯ ᠬᠦᠬᠡᠬᠤᠲᠠ ᠳᠤ ᠶᠠᠪᠤᠬᠳᠠᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠭᠡᠷ᠎ᠠ ᠲᠤᠬᠲᠠᠬᠤ ᠶᠤᠰᠤᠯᠠᠯ ᠳᠤ ᠤᠷᠤᠯᠴᠠᠵᠠᠢ᠃      ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ᠂ ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠦᠯᠦᠭᠡ᠂ ᠰᠠᠨᠰᠠᠷ ᠤᠨ ᠠᠶᠠᠯᠠᠯ ᠤᠨ ᠡᠭᠦᠯᠡᠨ ᠰᠦᠯᠵᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯᠤᠨ ᠦᠪᠦᠷ ᠮᠤᠩᠭᠤᠯ ᠤᠨ ᠲᠤᠮᠤ ᠳ᠋ᠠᠶᠢᠲ᠋ᠠ ᠶᠢᠨ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠦᠵᠦ᠂ ᠦᠪᠦᠷ ᠮᠤᠩᠭᠤᠯ ᠤᠨ ᠲᠤᠭᠠᠴᠢᠯᠠᠬᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠤᠶᠤᠨᠴᠢ ᠦᠢᠯᠡᠳᠭᠡᠯ᠂ ᠰᠦᠯᠵᠢᠶᠡᠨ ᠤ ᠮᠡᠳᠡᠭᠡ ᠵᠠᠩᠬᠢ ᠶᠢᠨ ᠠᠮᠤᠷ ᠲᠦᠪᠰᠢᠨ᠂ ᠠᠵᠤ ᠦᠢᠯᠡᠳᠪᠦᠷᠢ ᠶᠢᠨ ᠡᠭᠦᠯᠡᠨ ᠪᠤᠳᠤᠯᠲᠠ᠂ ᠲᠤᠮᠤ ᠳ᠋ᠠᠶᠢᠲ᠋ᠠ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠦᠷᠨᠢᠭᠦᠯᠬᠦ ᠪᠤᠯᠤᠨ᠎ᠠ᠃      ᠲᠤᠭᠠᠴᠢᠯᠠᠬᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠪᠤᠯ ᠦᠪᠡᠷᠲᠡᠭᠡᠨ ᠵᠠᠰᠠᠬᠤ ᠤᠷᠤᠨ ᠤ ᠲᠤᠭᠠᠴᠢᠯᠠᠬᠰᠠᠨ ᠠᠵᠤ ᠠᠬᠤᠢ ᠶᠢᠨ ᠵᠠᠰᠠᠭ᠂ ᠦᠢᠯᠡᠳᠪᠦᠷᠢᠯᠡᠯ᠂ ᠵᠢᠭᠠᠨ ᠰᠤᠷᠭᠠᠯᠲᠠ᠂ ᠰᠤᠳᠤᠯᠭᠠᠨ᠂ ᠬᠡᠷᠡᠭᠯᠡᠭᠡ ᠶᠢ ᠬᠠᠮᠵᠢᠯᠴᠠᠭᠤᠯᠤᠨ ᠰᠢᠨ᠎ᠠ ᠶᠢ ᠡᠭᠦᠳᠬᠦ ᠲᠤᠬᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠠᠰᠢᠬᠲᠠᠢ ᠰᠦᠪᠡᠭᠴᠢᠯᠡᠯ ᠪᠠᠶᠢᠵᠤ᠂ ᠦᠪᠡᠷᠲᠡᠭᠡᠨ ᠵᠠᠰᠠᠬᠤ ᠤᠷᠤᠨ ᠤ ᠰᠢᠨ᠎ᠠ ᠠᠵᠤ ᠦᠢᠯᠡᠰ᠂ ᠰᠢᠨ᠎ᠠ ᠬᠦᠳᠡᠯᠭᠡᠬᠦ ᠴᠢᠳᠠᠪᠤᠷᠢ᠂ ᠰᠢᠨ᠎ᠠ ᠨᠡᠮᠡᠭᠳᠡᠯ ᠤᠨ ᠲᠦᠢᠯ ᠢ ᠪᠤᠶᠢᠵᠢᠭᠤᠯᠵᠤ᠂ ᠪᠤᠬᠢᠷᠲᠤᠯ ᠦᠭᠡᠢ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠳᠤ ᠰᠢᠨ᠎ᠠ ᠨᠡᠮᠡᠷᠢ ᠬᠦᠴᠦᠨ ᠢ ᠬᠠᠨᠭ᠍ᠭᠠᠬᠤ ᠪᠤᠯᠤᠨ᠎ᠠ᠃ ᠦᠪᠦᠷ ᠮᠤᠩᠭᠤᠯ ᠤᠨ ᠲᠤᠭᠠᠴᠢᠯᠠᠬᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠨᠢ ᠲᠤᠭᠠᠴᠢᠯᠠᠬᠰᠠᠨ ᠠᠵᠤ ᠠᠬᠤᠢ ᠶᠢᠨ ᠮᠡᠷᠭᠡᠵᠢᠯ ᠤᠨ ᠰᠤᠳᠤᠯᠭᠠᠨ᠂ ᠠᠵᠤ ᠦᠢᠯᠡᠰ ᠤᠨ ᠪᠤᠶᠢᠵᠢᠭᠤᠯᠤᠯᠲᠠ᠂ ᠴᠢᠳᠠᠪᠤᠷᠢᠲᠠᠨ ᠤ ᠬᠦᠮᠦᠵᠢᠯ ᠵᠡᠷᠭᠡ ᠠᠵᠢᠯ ᠢ ᠢᠳᠡᠪᠬᠢᠲᠡᠢ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ ᠲᠤᠭᠠᠴᠢᠯᠠᠬᠰᠠᠨ ᠠᠵᠤ ᠠᠬᠤᠢ ᠶᠢᠨ ᠰᠢᠢᠳᠪᠦᠷᠢᠲᠦ ᠪᠤᠳᠤᠯᠭ᠎ᠠ ᠶᠢᠨ ᠯᠠᠪᠯᠠᠭ᠎ᠠ᠂ ᠮᠡᠷᠭᠡᠵᠢᠯ ᠤᠨ ᠦᠢᠯᠡᠳᠭᠦᠨ ᠢ ᠰᠤᠳᠤᠯᠤᠨ ᠨᠡᠭᠡᠭᠡᠬᠦ᠂ ᠮᠡᠷᠭᠡᠵᠢᠯ ᠤᠨ ᠤᠯᠠᠨ ᠨᠡᠶᠢᠲᠡ ᠶᠢᠨ ᠦᠢᠯᠡᠴᠢᠯᠡᠭᠡ᠂ ᠲᠤᠭᠠᠴᠢᠯᠠᠬᠰᠠᠨ ᠠᠵᠤ ᠠᠬᠤᠢ ᠶᠢᠨ ᠴᠢᠳᠠᠪᠤᠷᠢᠲᠠᠨ ᠢ ᠬᠦᠮᠦᠵᠢᠭᠦᠯᠬᠦ ᠵᠡᠷᠭᠡ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠪᠠᠶᠢᠭᠤᠯᠤᠮᠵᠢ ᠶᠢ ᠴᠤᠬᠴᠠᠯᠠᠬᠤ ᠪᠠᠷ ᠵᠤᠷᠢᠯᠭ᠎ᠠ ᠪᠤᠯᠭᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号