12 ᠳ᠋ᠤᠭᠠᠷ ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ᠂ ᠨᠢᠩᠰᠢᠶᠠ ᠶᠢᠨ ᠬᠤᠳᠣᠩ ᠦᠨᠳᠣᠰᠣᠳᠡᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠠᠴᠠ ᠭᠤᠤᠯᠯᠠᠨ ᠡᠷᠬᠢᠯᠡᠭᠰᠡᠨ ᠥᠪᠥᠷ ᠮᠣᠩᠭᠤᠯ ᠨᠢᠩᠰᠢᠶᠠ ᠶᠢᠨ ᠬᠠᠳᠤᠨ ᠭᠤᠤᠯ ᠳᠠᠭᠠᠣ ᠣᠷᠣᠨ ᠤ | ᠰᠣᠶᠣᠯ ᠪᠠ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠤᠷᠠᠯ ᠠᠯᠠᠱᠠ ᠠᠶᠢᠮᠠᠭ ᠲᠤ | ᠬᠤᠷᠠᠯᠳᠤᠪᠠ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ︽ᠥᠪᠥᠷ ᠮᠣᠩᠭᠤᠯ ᠨᠢᠩᠰᠢᠶᠠ ᠶᠢᠨ ᠬᠠᠳᠤᠨ ᠭᠤᠤᠯ ᠳᠠᠭᠠᠣ | ᠣᠷᠣᠨ ᠤ ᠰᠣᠶᠣᠯ ᠪᠣᠯᠤᠨ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠬᠠᠮᠲᠤᠷᠠᠯᠴᠠᠭᠠᠨ ᠤ ᠪᠦᠳᠦᠭᠦᠪᠴᠢ | ᠵᠥᠪᠯᠡᠯᠴᠡᠭᠡᠷ︾᠂ ︽4 + 4 ᠬᠠᠳᠤᠨ ᠭᠤᠤᠯ ᠳᠠᠭᠠᠣ ᠬᠤᠲᠠ ᠶᠢᠨ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ | ᠤ ᠪᠦᠳᠦᠭᠦᠪᠴᠢ ᠵᠥᠪᠯᠡᠯᠴᠡᠭᠡᠷ︾ ᠵᠢᠴᠢ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ | ᠲᠣᠬᠢᠷᠠᠯᠴᠠᠵᠤ᠂ ᠳᠦᠷᠢᠮ ᠤᠨ ᠲᠠᠯ᠎ᠠ ᠪᠠᠷ ᠬᠤᠶᠠᠷ ᠣᠷᠣᠨ ᠤ ᠳᠡᠭᠡᠳᠦ ᠳᠠᠪᠬᠤᠷᠭ᠎ᠠ ᠶᠢᠨ ᠬᠠᠮᠲᠤᠷᠠᠯᠴᠠᠭ᠎ᠠ ᠶᠢ | ᠤᠯᠠᠮ ᠴᠢᠨᠠᠭᠰᠢᠳᠠ ᠠᠬᠢᠭᠤᠯᠪᠠ᠃ ᠡᠬᠦᠨ ᠳᠤ ᠬᠤᠶᠠᠷ ᠲᠠᠯ᠎ᠠ ᠶᠢᠨ 20 ᠭᠠᠷᠤᠶ ᠵᠢᠭᠤᠯᠴᠢᠯᠠᠯ ᠤᠨ ᠠᠵᠤ | ᠠᠬᠤᠶᠢᠯᠠᠯ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ | ᠬᠤᠷᠠᠯ ᠤᠨ ᠵᠣᠷᠢᠯᠭ᠎ᠠ ᠨᠢ ᠬᠤᠶᠠᠷ ᠣᠷᠣᠨ ᠤ ᠬᠠᠳᠤᠨ ᠭᠤᠤᠯ ᠳᠠᠭᠠᠣ ᠣᠷᠣᠨ ᠤ ᠰᠣᠶᠣᠯ ᠤᠨ ᠥᠪ ᠢ | ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠣᠨ᠂ ᠬᠠᠳᠤᠨ ᠭᠤᠤᠯ ᠳᠠᠭᠠᠣ ᠣᠷᠣᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ | ᠵᠠᠬ᠎ᠠ ᠳᠡᠯᠭᠡᠭᠦᠷ᠂ ᠵᠢᠭᠤᠯᠴᠢᠯᠠᠭᠴᠢᠳ ᠤᠨ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠵᠤ᠂ | ᠬᠠᠳᠤᠨ ᠭᠤᠤᠯ ᠤᠨ ᠰᠠᠪᠠ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ | ︽ᠬᠠᠳᠤᠨ ᠭᠤᠤᠯ ᠤᠨ ᠦᠯᠢᠭᠡᠷ︾ ᠢ ᠰᠠᠶᠢᠲᠤᠷ ᠶᠠᠷᠢᠬᠤ ᠶᠢᠨ ᠲᠥᠯᠥᠭᠡ ᠶᠤᠮ᠃ |