ᠯᠢ ᠵᠢᠢ ᠡᡁᠧᠩ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠲᠤᠭᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠵᠥ ᠡᠮᠤᠨ᠎ᠡ ᠹᠷᠤᠨᠲ ᠢ ᠪᠠᠳᠤ ᠰᠠᠬᠢᠭ᠎ᠠ ᠲᠠᠷᠤᠭ᠎ᠠ ᠪᠠᠶᠢᠯᠳᠤᠭᠴᠢ ᠺᠠᠳ᠋ᠷ ᠴᠠᠭᠳᠠᠭ᠎ᠠ ᠶᠢ ᠲᠤᠬᠤᠨᠢᠭᠤᠯᠪᠠ
ᠨᠡᠶᠢᠲᠡᠯᠡᠭᠰᠡᠨ ᠴᠠᠭ᠄
2019/2/1
     1 ᠳ᠋ᠦ᠋ᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ ᠬᠥᠬᠡᠬᠤᠲᠠ ᠳᠤ ᠴᠠᠭᠠᠨ ᠰᠠᠷ᠎ᠠ ᠶᠢᠨ ᠬᠤᠭᠤᠴᠠᠭᠠᠨ ᠤ ᠡᠮᠦᠨ᠎ᠡ ᠹᠷᠣᠨᠲ ᠢ ᠪᠠᠲᠤ ᠰᠠᠬᠢᠭ᠎ᠠ ᠬᠥᠬᠡᠬᠤᠲᠠ ᠶᠢᠨ ᠭᠠᠯ ᠰᠡᠷᠬᠡᠶᠢᠯᠡᠬᠦ ᠭᠠᠯ ᠤᠨᠳᠠᠷᠠᠭᠠᠬᠤ ᠠᠩᠬᠢ ᠶᠢᠨ ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠳᠤᠮᠳᠠ ᠠᠩᠬᠢ ᠶᠢᠨ ᠵᠢᠯᠤᠭᠤᠳᠤᠭᠴᠢ ᠪᠠᠶᠢᠯᠳᠤᠭᠴᠢᠳ ᠢ ᠪᠣᠯᠭᠤᠭᠠᠨ ᠲᠤᠬᠤᠨᠢᠭᠤᠯᠪᠠ᠃      ᠤᠶᠢᠷ᠎ᠠ ᠶᠢᠨ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ ᠪᠦᠯᠬᠦᠮ ᠲᠠᠭᠠᠭᠤᠯᠤᠨ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠲᠤᠭᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠵᠥ᠂ ᠡᠮᠤᠨ᠎ᠡ ᠹᠷᠤᠨᠲ ᠢ ᠪᠠᠳᠤ ᠰᠠᠬᠢᠭ᠎ᠠ ᠵᠡᠪᠰᠡᠭᠳᠤ ᠴᠠᠭᠳᠠᠭᠠᠨ ᠤ ᠲᠠᠷᠤᠭ᠎ᠠ ᠪᠠᠶᠢᠯᠳᠤᠭᠴᠢ ᠪᠤᠯᠤᠨ ᠬᠢᠯᠢ ᠎ ᠶᠢᠨ ᠬᠠᠮᠠᠭᠠᠯᠠᠯᠳᠠ ᠶᠢᠨ ᠪᠠᠶᠢᠴᠠᠭᠠᠯᠳᠠ ᠶᠢᠨ ᠺᠠᠳ᠋ᠷ ᠴᠠᠭᠳᠠᠭ᠎ᠠ᠂ ᠭᠠᠯ ᠰᠡᠷᠬᠡᠶᠢᠯᠡᠬᠦ ᠭᠠᠯ ᠤᠨᠳᠠᠷᠠᠭᠠᠬᠤ ᠵᠢᠯᠤᠭᠤᠳᠤᠭᠴᠢ ᠪᠠᠶᠢᠯᠳᠤᠭᠴᠢ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠲᠤᠬᠤᠨᠢᠭᠤᠯᠵᠥ᠂ ᠲᠡᠳᠡ ᠵᠢᠴᠢ ᠲᠡᠳᠡᠨ ᠤ ᠬᠡᠷ ᠪᠦᠯᠢ ᠶᠢᠨ ᠬᠢᠨ ᠳᠤ ᠴᠢᠩ ᠰᠡᠳᠬᠢᠯ ᠤᠨ ᠮᠡᠨᠳᠤᠴᠢᠯᠡᠯ ᠪᠤᠯᠤᠨ ᠡᠷᠬᠢᠮ ᠲᠡᠬᠡᠳᠤ ᠬᠦᠨᠳᠦᠳᠬᠡᠯ ᠲᠡᠪᠰᠢᠬᠦᠯᠪᠡ᠃      ︽ᠨᠦᠬᠦᠳ ᠨᠠᠷ ᠰᠠᠶᠢᠨ ᠪᠠᠶᠢᠨ᠎ᠠ ᠤᠤ︖ ᠴᠠᠭᠠᠨ ᠰᠠᠷ᠎ᠠ ᠤᠳᠠᠯ ᠦᠭᠡᠢ ᠬᠦᠷᠴᠤ ᠢᠷᠡᠬᠦ ᠪᠤᠯᠤᠯ᠎ᠡ᠂ ᠪᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠤ ᠡᠮᠤᠨ᠎ᠡ ᠠᠴᠠ ᠲᠤᠰᠬᠠᠶᠢᠯᠠᠨ ᠲᠠ ᠨᠠᠷ ᠢ ᠡᠷᠬᠢᠨ ᠦᠵᠡᠬᠦ ᠪᠠᠷ ᠢᠷᠡᠯ᠎ᠡ︾ ᠬᠡᠵᠥ ᠵᠡᠪᠰᠡᠭᠳᠤ ᠴᠠᠭᠳᠠᠭᠠᠨ ᠤ ᠦᠪᠤᠷ ᠮᠤᠩᠭᠤᠯ ᠤᠨ ᠶᠡᠷᠤᠩᠬᠡᠢ ᠠᠩᠬᠢ ᠶᠢᠨ ᠪᠠᠶᠢᠭᠤᠯᠭ᠎ᠠ ᠶᠢᠨ ᠶᠡᠭᠡ ᠲᠢᠩᠬᠢᠮ ᠳᠤ ᠤᠷᠤᠮᠠᠭᠴᠠ ᠪᠠᠨ ᠯᠢ ᠵᠢᠢ ᠡᡁᠧᠩ ᠲᠠᠷᠤᠭ᠎ᠠ ᠪᠠᠶᠢᠯᠳᠤᠭᠴᠢᠳ ᠲᠤ ᠮᠡᠨᠳᠤᠴᠢᠯᠡᠯ ᠬᠦᠷᠬᠡᠪᠡ᠃ ᠲᠡᠷᠡ ᠬᠡᠯᠡᠭᠰᠡᠨ ᠨᠢ᠂ ᠦᠩᠬᠡᠷᠡᠭᠰᠡᠡ ᠨᠢᠬᠡ ᠵᠢᠯ ᠳᠤ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠪᠦᠬᠦ ᠤᠷᠤᠨ ᠤ ᠠᠵᠥ ᠠᠬᠤᠢ ᠨᠡᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠡᠶᠡᠯᠡᠬᠦᠯᠪᠡ᠂ ᠡᠬᠦᠨ ᠳᠤ ᠲᠠ ᠨᠠᠷ ᠤᠨ ᠰᠢᠷᠭᠠᠭᠤ ᠬᠦᠳᠡᠯᠮᠤᠷᠢ ᠠᠭᠤᠯᠤᠬᠳᠠᠵᠥ ᠪᠠᠶᠢᠭ᠎ᠠ ᠶᠤᠮ᠃ ᠰᠢᠨ᠎ᠡ ᠨᠢᠬᠡ ᠵᠢᠯ ᠳᠤ᠂ ᠲᠠ ᠨᠠᠷ ᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠪᠠᠷ ᠴᠡᠷᠢᠭ ᠪᠠᠶᠢᠭᠤᠯᠬᠤ᠂ ᠦᠬᠡᠷᠡᠴᠢᠯᠡᠯᠳᠡ ᠪᠠᠷ ᠴᠡᠷᠢᠭ ᠢ ᠬᠦᠴᠦᠷᠬᠡᠭᠵᠢᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠴᠡᠷᠢᠭ ᠢ ᠮᠠᠨᠳᠤᠭᠤᠯᠬᠤ᠂ ᠬᠠᠤᠯᠢ ᠪᠠᠷ ᠴᠡᠷᠢᠭ ᠢ ᠵᠠᠰᠠᠬᠤ ᠱᠠᠭᠠᠷᠳᠠᠯᠭ᠎ᠠ ᠶᠤᠰᠤᠭᠠᠷ᠂ ᠴᠡᠷᠢᠭ ᠠᠩᠬᠢ ᠶᠢᠨ ᠡᠯ᠎ᠡ ᠵᠦᠢᠯ ᠤᠨ ᠪᠠᠶᠢᠭᠤᠯᠤᠯᠳᠠ ᠶᠢ ᠦᠨᠳᠤᠷ ᠪᠠᠷᠢᠮᠵᠢᠶ᠎ᠠ ᠪᠠᠷ ᠴᠢᠨᠠᠷ ᠰᠠᠶᠢᠳᠠᠢ ᠠᠳᠬᠤᠬᠤ ᠶᠢ ᠬᠦᠰᠡᠵᠥ ᠪᠠᠶᠢᠨ᠎ᠠ ᠬᠡᠵᠠᠢ᠃      ᠯᠢ ᠵᠢᠢ ᠡᡁᠧᠩ ᠦᠪᠤᠷ ᠮᠤᠩᠭᠤᠯ ᠤᠨ ᠬᠢᠯᠢ ᠪᠠᠷ ᠤᠷᠤᠭᠤᠯᠵᠥ ᠭᠠᠷᠭᠠᠬᠤ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠬᠤ ᠶᠡᠷᠤᠩᠬᠡᠢ ᠦᠷᠳᠡᠭᠡᠨ ᠤ ᠵᠢᠯᠤᠭᠤᠳᠬᠤ ᠲᠦᠪ ᠲᠤ ᠬᠦᠷᠴᠦ᠂ ᠬᠠᠷᠠᠭᠠᠨ ᠳᠠᠪᠲᠠᠮᠵᠢ ᠶᠢᠨ ᠰᠢᠰᠲ᠋ᠧᠮ ᠎ ᠢᠶᠠᠷ ᠲᠡᠮᠵᠢᠨ ᠬᠦᠯᠥᠨ ᠪᠤᠶᠢᠷ ᠤᠨ ᠬᠢᠯᠢ ᠶᠢᠨ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠡᠩᠬᠡᠬᠠᠳᠠ ᠬᠢᠯᠢ ᠶᠢᠨ ᠲᠤᠮᠢᠯᠠᠬᠰᠠᠠ ᠰᠠᠯᠪᠤᠷᠢ᠂ ᠡᠷᠢᠶᠠᠨ ᠤ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠬᠤ ᠦᠷᠳᠡᠭᠡᠨ ᠤ ᠵᠠᠰᠠᠮᠠᠯ ᠵᠠᠮ ᠤᠨ ᠬᠢᠯᠢ ᠶᠢᠨ ᠪᠤᠭᠤᠮᠳᠠ᠂ ᠴᠡᠭᠡ ᠬᠢᠯᠢ ᠶᠢᠨ ᠪᠤᠭᠤᠮᠳᠠ ᠵᠡᠷᠬᠡ ᠦᠨᠳᠦᠰᠦᠨ ᠱᠠᠳᠤᠨ ᠤ ᠨᠢᠬᠡᠴᠢ ᠶᠢᠨ ᠵᠢᠵᠢᠬᠦᠷᠯᠡᠵᠥ ᠪᠠᠶᠢᠭ᠎ᠠ ᠪᠠᠶᠢᠳᠠᠯ ᠢ ᠰᠤᠭᠤᠴᠢᠨ ᠪᠠᠶᠢᠴᠠᠭᠠᠭᠰᠠᠠ ᠪᠦᠬᠡᠳ ᠵᠢᠵᠢᠬᠦᠷᠯᠡᠵᠥ ᠪᠠᠶᠢᠭ᠎ᠠ ᠬᠦᠮᠥᠰ ᠲᠠᠢ ᠤᠳᠠᠰᠤ ᠪᠠᠷ ᠰᠠᠨᠠᠯ ᠎ ᠢᠶᠠᠨ ᠰᠤᠯᠢᠯᠴᠠᠪᠠ᠃ ᠬᠦᠬᠡᠬᠤᠳᠠ ᠶᠢᠨ ᠭᠠᠯ ᠰᠡᠷᠬᠡᠶᠢᠯᠡᠬᠦ ᠭᠠᠯ ᠤᠨᠳᠠᠷᠠᠭᠠᠬᠤ ᠰᠠᠯᠪᠤᠷᠢ ᠠᠩᠬᠢ ᠶᠢᠨ ᠰᠢᠨ᠎ᠠ ᠬᠤᠳᠠ ᠲᠤᠭᠤᠷᠢᠭ ᠤᠨ ᠨᠢᠬᠡᠳᠤᠭᠡᠷ ᠲᠤᠮᠳᠠ ᠠᠩᠬᠢ ᠳᠤ᠂ ᠯᠢ ᠵᠢᠢ ᠡᡁᠧᠩ ᠵᠢᠵᠢᠬᠦᠷ ᠤᠨ ᠲᠡᠷᠬᠡ ᠵᠢᠴᠢ ᠲᠤᠨᠤᠭ ᠲᠦᠬᠦᠭᠡᠷᠤᠮᠵᠢ ᠶᠢᠨ ᠪᠠᠶᠢᠳᠠᠯ ᠢ ᠪᠠᠶᠢᠴᠠᠭᠠᠵᠥ᠂ ᠴᠢᠮᠡᠭᠡ ᠬᠤᠯᠪᠤᠭᠠᠨ ᠤ ᠲᠠᠰᠤᠭ ᠢ ᠲᠤᠭᠤᠷᠢᠨ ᠦᠵᠡᠵᠥ᠂ ᠲᠡᠳᠡᠨ ᠎ ᠢ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠢ ᠪᠠᠳᠤ ᠴᠡᠬᠡᠵᠢᠯᠡᠨ᠂ ᠨᠠᠮ ᠳᠤ ᠪᠠᠨ ᠦᠨᠡᠨᠴᠢ᠂ ᠰᠠᠬᠢᠯᠭ᠎ᠠ ᠪᠠᠳᠤ ᠴᠢᠩᠭ᠎ᠠ ᠪᠠᠶᠢᠵᠤ᠂ ᠬᠦᠴᠢᠷ ᠪᠡᠷᠬᠡ ᠶᠢ ᠢᠯᠠᠨ ᠲᠠᠪᠠᠵᠤ᠂ ᠠᠷᠠᠳ ᠲᠦᠮᠡᠨ ᠳᠤ ᠪᠦᠬᠦ ᠬᠦᠴᠦ ᠪᠠᠷ ᠎ ᠢᠶᠠᠨ ᠦᠢᠯᠡᠴᠢᠯᠡᠵᠥ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠥᠬᠡ ᠪᠠᠭᠠᠳᠤᠷᠯᠢᠭ ᠢᠶᠠᠷ ᠲᠡᠮᠡᠴᠡᠬᠦ ᠬᠡᠷᠡᠭᠳᠡᠢ ᠬᠡᠵᠥ ᠵᠤᠷᠢᠬᠵᠢᠭᠤᠯᠪᠠ᠃ ᠲᠠᠷᠠᠭ᠎ᠠ ᠨᠢ ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠳᠤ ᠬᠦᠷᠴᠦ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠤᠭᠰᠠᠠ ᠦᠵᠡᠰᠬᠦᠯᠡᠩ ᠢ ᠲᠤᠭᠤᠷᠢᠨ ᠦᠵᠡᠵᠥ᠂ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠬᠠᠷᠬᠢᠰ ᠬᠦᠴᠦᠨ ᠢ ᠠᠷᠢᠯᠭᠠᠬᠤ ᠠᠯᠪᠠᠨ ᠬᠡᠷ ᠤᠨ ᠨᠢᠭᠤᠴᠠ ᠮᠡᠳᠡᠬᠡᠨ ᠤ ᠮᠡᠳᠡᠭᠡ ᠵᠠᠩᠬᠢ ᠶᠢ ᠰᠤᠳᠤᠯᠤᠨ ᠮᠠᠭᠠᠳᠯᠠᠬᠤ ᠲᠦᠪ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠲᠤᠭᠤᠶᠢᠯᠠᠩ ᠵᠡᠷᠬᠡ ᠰᠠᠯᠠᠭ᠎ᠠ ᠮᠦᠴᠢᠷ ᠢᠶᠠᠷ ᠲᠤᠭᠤᠷᠢᠨ ᠦᠵᠡᠵᠥ᠂ ᠴᠠᠭᠠᠨ ᠰᠠᠷ᠎ᠠ ᠶᠢᠨ ᠬᠤᠭᠤᠴᠠᠭᠠᠨ ᠤ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠵᠥ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃      ᠪᠠᠶᠢᠴᠠᠭᠠᠵᠥ ᠲᠤᠬᠤᠨᠢᠭᠤᠯᠬᠤ ᠶᠠᠪᠤᠴᠠ ᠳᠤ ᠪᠠᠨ᠂ ᠯᠢ ᠵᠢᠢ ᠡᡁᠧᠩ ᠪᠦᠬᠦ ᠤᠷᠤᠨ ᠤ ᠦᠷᠬᠡᠨ ᠤᠯᠠᠨ ᠵᠡᠪᠰᠡᠭᠳᠤ ᠴᠠᠭᠳᠠᠭᠠᠨ ᠤ ᠲᠠᠷᠤᠭ᠎ᠠ ᠪᠠᠶᠢᠯᠳᠤᠭᠴᠢ ᠪᠤᠯᠤᠨ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠯᠳᠠ ᠶᠢᠨ ᠺᠠᠳ᠋ᠷ ᠴᠠᠭᠳᠠᠭ᠎ᠠ᠂ ᠭᠠᠯ ᠰᠡᠷᠬᠡᠶᠢᠯᠡᠬᠦ ᠭᠠᠯ ᠤᠨᠳᠠᠷᠠᠭᠠᠬᠤ ᠵᠢᠯᠤᠭᠤᠳᠤᠭᠴᠢ ᠪᠠᠶᠢᠯᠳᠤᠭᠴᠢ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ︽ᠲᠦᠷᠪᠡᠨ ᠤᠬᠠᠮᠰᠠᠷ︾᠎ ᠢ ᠴᠢᠨᠠᠬᠰᠢᠳᠠ ᠪᠠᠳᠤᠵᠢᠭᠤᠯᠵᠤ ︽ᠲᠦᠷᠪᠡᠨ ᠢᠳᠡᠬᠡᠯ︾᠎ ᠢᠶᠠᠨ ᠪᠠᠳᠤᠳᠬᠠᠨ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠥ᠂ ᠨᠠᠮ ᠤᠨ ᠲᠦᠪ ᠬᠤᠷᠢᠶᠡᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠨ ᠨᠢᠮᠪᠠᠢ ᠪᠠᠶᠢᠷᠢᠯᠠᠭᠤᠯᠤᠨ ᠲᠤᠬᠢᠷᠠᠭᠤᠯᠵᠥ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠤᠳᠠᠳᠠᠶᠢᠵᠢᠭᠤᠯᠤᠨ᠂ ᠠᠮᠤᠷ ᠢ ᠬᠠᠮᠠᠭᠠᠯᠠᠬᠤ ᠲᠤᠭᠳᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠴᠢᠩᠭ᠎ᠠ ᠪᠤᠳᠠᠳᠠᠢ ᠨᠠᠷᠢᠯᠢᠭ ᠠᠳᠬᠤᠵᠥ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ ᠪᠠᠷ ᠰᠢᠨᠡᠯᠡᠬᠦ ᠪᠠ ᠠᠵᠥ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠥᠸᠧ ᠶᠦᠩ ᠭᠠᠩ᠂ ᠶᠠᠩ ᠸᠧᠢ ᠳ᠋ᠦᠩ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号