ᠥᠪᠥᠷ ᠵᠠᠰᠠᠭ ᠠᠯᠪᠠᠨ ᠲᠠᠷᠬᠠᠭᠠᠭᠰᠠᠨ ﹇2018﹈ 69 ᠳ᠋ᠤᠭᠡᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠶᠢ ᠰᠤᠩᠭᠤᠵᠤ ᠪᠣᠢ ᠪᠣᠯᠭᠠᠬᠤ ᠶᠢᠨ ᠬᠡᠷᠡᠭᠵᠢᠭᠦᠯᠬᠦ ᠠᠷᠭ᠎ᠠ ︵ᠲᠣᠷᠰᠢᠨ ᠬᠡᠷᠡᠭᠵᠢᠭᠦᠯᠬᠦ︶︾ ᠶᠢ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠶᠢ ᠰᠤᠩᠭᠤᠵᠤ ᠪᠣᠢ ᠪᠣᠯᠭᠠᠬᠤ ᠶᠢᠨ ᠬᠡᠷᠡᠭᠵᠢᠭᠦᠯᠬᠦ ᠠᠷᠭ᠎ᠠ ︵ᠲᠣᠷᠰᠢᠨ ᠬᠡᠷᠡᠭᠵᠢᠭᠦᠯᠬᠦ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠢᠲᠡᠭᠡᠯ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠨᠡᠶᠢᠭᠡᠮ ᠤᠨ ᠬᠢᠨ ᠤ ᠦᠨᠡᠨᠴᠢ ᠢᠲᠡᠭᠡᠮᠵᠢᠲᠡᠢ ᠪᠠᠶᠢᠬᠤ ᠦᠵᠡᠯ ᠤᠬᠠᠮᠰᠠᠷ ᠢ ᠨᠢ ᠨᠡᠮᠡᠭᠳᠡᠭᠦᠯᠦᠨ᠂ | ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠨᠦᠬᠦᠴᠡᠯ ᠢ ᠪᠣᠢ ᠪᠣᠯᠭᠠᠵᠤ᠂ ︽ᠢᠲᠡᠭᠡᠮᠵᠢᠲᠦ ᠦᠪᠦᠷ ᠮᠣᠩᠭᠤᠯ︾ | ᠤᠨ ᠪᠠᠶᠢᠭᠤᠯᠤᠯᠲᠠ ᠶᠢ ᠲᠥᠷᠭᠡᠳᠭᠡᠨ ᠠᠬᠢᠭᠤᠯᠬᠤ ᠶᠢᠨ ᠲᠤᠰᠠᠳᠠ᠂ ︽ᠢᠲᠡᠭᠡᠯ ᠵᠢᠷᠤᠮᠯᠠᠭᠰᠠᠳ ᠢ ᠬᠤᠯᠪᠣᠭᠠᠯᠠᠨ | ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠲᠣᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2016﹈ 33 | ᠳ᠋ᠤᠭᠠᠷ ᠲᠣᠭᠠᠲᠤ︶ ᠪᠠ ︽ᠵᠢᠱᠢᠶ᠎ᠡ ᠦᠵᠡᠭᠦᠯᠬᠦ ᠶᠢ ᠡᠭᠦᠳᠦᠨ ᠪᠦᠲᠦᠭᠡᠬᠦ ᠠᠵᠢᠯᠯᠠᠭ᠎ᠠ ᠶᠢ ᠢᠯᠭᠠᠷᠠᠭᠤᠯᠤᠨ | ᠵᠢᠷᠤᠮᠵᠢᠭᠤᠯᠬᠤ ᠲᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠮᠡᠳᠡᠭᠳᠡᠯ︾ ︵ᠲᠢᠩᠭᠢᠮ ᠦᠰᠦᠭ ﹇2018﹈ 5 | ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠦᠪᠡᠷᠲᠡᠭᠡᠨ ᠵᠠᠰᠠᠬᠤ ᠣᠷᠣᠨ ᠤ | ᠪᠣᠲᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠨᠡᠷᠡᠶᠢᠳᠦᠵᠦ ᠪᠠᠶᠢᠭ᠎ᠠ ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠭᠡᠳᠡᠭ ᠨᠢ ᠶᠡᠷᠦᠩᠬᠡᠶᠢᠯᠡᠭᠰᠡᠨ ᠢᠲᠡᠭᠡᠮᠵᠢ ᠪᠠᠷ ᠰᠢᠯᠢᠳᠡᠭ ᠰᠠᠶᠢᠨ ᠪᠣᠶᠣ ᠳᠤᠪᠤᠶᠢᠭᠰᠠᠨ ᠦᠨᠡᠨᠴᠢ | ᠢᠲᠡᠭᠡᠮᠵᠢᠲᠦ ᠦᠢᠯᠡ ᠠᠵᠢᠯᠯᠠᠭ᠎ᠠ ᠲᠠᠢ᠂ ᠨᠡᠶᠢᠭᠡᠮ ᠤᠨ ᠦᠨᠡᠨᠴᠢ ᠢᠲᠡᠭᠡᠮᠵᠢ ᠶᠣᠰᠤ ᠮᠤᠷᠠᠯ ᠤᠨ ᠬᠢᠷᠢ ᠲᠥᠪᠰᠢᠨ ᠢ | ᠳᠡᠭᠡᠭᠰᠢᠯᠡᠭᠦᠯᠬᠦ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ᠂ ᠵᠠᠬ᠎ᠠ ᠳᠡᠯᠭᠡᠭᠦᠷ ᠤᠨ ᠠᠵᠤ | ᠠᠬᠤᠢ ᠶᠢᠨ ᠡᠮᠬᠢ ᠲᠢᠭᠯᠢᠮ ᠢ ᠬᠠᠮᠠᠭᠠᠯᠠᠬᠤ ᠵᠡᠷᠭᠡ ᠳᠤ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ | ᠭᠠᠷᠭᠠᠭᠰᠠᠨ ᠪᠠᠶᠢᠭᠠᠯᠢᠭ ᠬᠦᠮᠦᠨ᠂ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢ | ᠪᠠᠭᠲᠠᠭᠠᠭᠰᠠᠨ ᠨᠡᠶᠢᠭᠡᠮ ᠤᠨ ᠭᠤᠣᠯ ᠴᠤᠭᠴᠠ ᠶᠢ ᠵᠢᠭᠠᠵᠤ ᠪᠣᠢ᠃ | ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠰᠠᠯᠠᠭ᠎ᠠ ᠮᠦᠴᠢᠷ ︵ᠳᠤᠷᠤᠭᠰᠢ ᠪᠠᠨ ᠦᠪᠡᠷᠲᠡᠭᠡᠨ ᠵᠠᠰᠠᠬᠤ ᠣᠷᠣᠨ ᠤ | ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠭᠡᠵᠦ ᠨᠡᠷᠡᠶᠢᠳᠦᠨ᠎ᠡ︶ ᠨᠢ ᠪᠦᠬᠦ ᠣᠷᠣᠨ ᠤ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠤᠩᠭᠤᠵᠤ ᠪᠣᠢ ᠪᠣᠯᠭᠠᠬᠤ ᠳᠤ ᠶᠡᠷᠦᠩᠬᠡᠢ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠪ ᠨᠢ | ᠪᠦᠬᠦ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠳ᠋ᠡᠶᠢᠲ᠋ᠠ ᠶᠢᠨ ᠬᠦᠮᠦᠷᠭᠡ ᠶᠢᠨ ᠪᠠᠶᠢᠭᠤᠯᠬᠤ᠂ | ᠬᠠᠮᠠᠭᠠᠯᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ᠳᠥᠷᠪᠡᠳᠦᠭᠡᠷ ᠵᠦᠢᠯ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠮᠠᠭᠠᠳᠯᠠᠨ ᠲᠣᠭᠲᠠᠭᠠᠬᠤ ᠪᠠ | ᠨᠡᠶᠢᠲᠡᠯᠡᠬᠦ ᠠᠵᠢᠯ ᠨᠢ ᠡᠷᠬᠡᠪᠰᠢ ᠬᠠᠤᠯᠢ ᠶᠤᠰᠤᠭᠠᠷ᠂ ᠪᠤᠰᠤᠳᠴᠢ᠂ ᠲᠥᠪ ᠭᠤᠣᠯᠴᠢ᠂ ᠢᠯᠡ᠂ ᠣᠨᠣᠪᠴᠢᠲᠠᠢ᠂ | ᠴᠠᠭ ᠲᠣᠬᠠᠶᠢᠴᠢ ᠵᠡᠷᠭᠡ ᠵᠠᠷᠴᠢᠮ ᠢ ᠪᠠᠷᠢᠮᠲᠠᠯᠠᠵᠤ᠂ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠪᠣᠯᠣᠨ | ᠬᠤᠪᠢ ᠬᠦᠮᠦᠨ ᠤ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠨᠡᠶᠢᠲᠡᠯᠡᠬᠦ ᠠᠴᠠ ᠪᠠᠨ ᠡᠮᠦᠨ᠎ᠡ ᠴᠢᠬᠤᠯᠠ | ᠪᠦᠬᠦᠢ ᠮᠡᠷᠭᠡᠵᠢᠯ ᠤᠨ ᠰᠢᠢᠳᠪᠦᠷᠢᠯᠡᠯᠲᠡ ᠬᠢᠬᠦ ᠬᠡᠷᠡᠭᠲᠡᠢ᠃ | | ᠬᠤᠶᠠᠳᠤᠭᠠᠷ ᠪᠦᠯᠦᠭ ᠰᠤᠩᠭᠤᠵᠤ ᠪᠣᠢ ᠪᠣᠯᠭᠠᠬᠤ ᠨᠦᠬᠦᠴᠡᠯ | | ᠲᠠᠪᠤᠳᠤᠭᠠᠷ ᠵᠦᠢᠯ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠣᠷᠴᠢᠮ ᠤᠨ | ᠬᠤᠶᠠᠷ ᠵᠢᠯ ᠳᠤ ᠢᠲᠡᠭᠡᠮᠵᠢ ᠶᠢᠨ ᠲᠠᠯ᠎ᠠ ᠪᠠᠷ ᠨᠦᠯᠦᠭᠡ ᠮᠠᠭᠤᠲᠠᠢ ᠲᠡᠮᠲᠡᠭᠯᠡᠯ ᠦᠭᠡᠢ ᠮᠦᠷᠲᠡᠭᠡᠨ ᠳᠣᠣᠷ᠎ᠠ | ᠵᠢᠭᠰᠠᠭᠠᠭᠰᠠᠨ ᠨᠦᠬᠦᠴᠡᠯ ᠤᠨ ᠨᠢᠭᠡᠨ ᠳᠤ ᠨᠢ ᠨᠡᠶᠢᠴᠡᠪᠡᠯ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ | ᠬᠠᠤᠯᠢ ᠴᠠᠭᠠᠵᠠ ᠶᠢᠨ ᠪᠠᠶᠢᠭᠤᠯᠭ᠎ᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ︵ᠲᠤᠷᠤᠭᠰᠢ ᠪᠠᠨ | ᠬᠤᠯᠪᠣᠭᠳᠠᠯ ᠪᠦᠬᠦᠢ ᠨᠢᠭᠡᠴᠢ ᠪᠠ ᠵᠣᠬᠢᠶᠠᠨ ᠪᠠᠶᠢᠭᠤᠯᠤᠯᠲᠠ ᠭᠡᠵᠦ ᠲᠣᠪᠴᠢᠯᠠᠨᠡ︶ ᠠᠴᠠ ᠲᠡᠭᠦᠨ ᠢ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠᠷ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠬᠦᠷᠭᠡᠨ᠎ᠡ᠄ | ︵ᠨᠢᠭᠡ︶ ᠤᠯᠤᠰ ᠤᠨ ᠪᠠᠶᠢᠭᠤᠯᠭ᠎ᠠ ᠪᠤᠶᠤ ᠦᠪᠡᠷᠲᠡᠭᠡᠨ ᠵᠠᠰᠠᠬᠤ ᠣᠷᠣᠨ ᠤ ᠬᠦᠬᠢᠭᠦᠯᠦᠯ ᠱᠠᠩᠨᠠᠯ ᠢ | ᠬᠦᠷᠲᠡᠭᠰᠡᠨ︔ | ︵ᠬᠤᠶᠠᠷ︶ ᠬᠤᠲᠠ ᠶᠢᠨ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ︽ᠭᠡᠷ᠎ᠡ ᠪᠠᠨ ᠮᠦᠷᠳᠡᠵᠦ ᠢᠲᠡᠭᠡᠮᠵᠢ ᠶᠢ ᠴᠢᠬᠤᠯᠠᠴᠢᠯᠠᠭᠰᠠᠨ︾ | ᠴᠤᠯᠠ ᠣᠯᠭᠤᠭᠰᠠᠨ︔ | ︵ᠭᠤᠷᠪᠠ︶ ᠦᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ A ᠳᠡᠰ ᠤᠨ | ᠢᠲᠡᠭᠡᠮᠵᠢᠲᠡᠢ ᠭᠠᠶᠢᠯᠢ ᠲᠤᠰᠢᠶᠠᠭᠴᠢ ᠪᠠᠷ ᠮᠠᠭᠠᠳᠯᠠᠨ ᠲᠣᠭᠲᠠᠭᠠᠭᠳᠠᠭᠰᠠᠨ︔ | ︵ᠳᠥᠷᠪᠡ︶ ᠪᠤᠭᠤᠮᠲᠠ ᠳᠤ ᠳᠡᠭᠡᠳᠦ ᠳᠡᠰ ᠤᠨ ᠭᠡᠷᠡᠴᠢᠯᠡᠬᠦ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠭᠳᠠᠭᠰᠠᠨ︔ | ︵ᠲᠠᠪᠤ︶ ᠦᠪᠡᠷᠲᠡᠭᠡᠨ ᠵᠠᠰᠠᠬᠤ ᠣᠷᠣᠨ ᠤ ᠬᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ | ᠲᠠᠯ᠎ᠠ ᠶᠢᠨ ᠵᠦᠪᠯᠡᠯ ᠠᠴᠠ ︽ᠡᠶ᠎ᠡ ᠵᠣᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ︾ ᠶᠢᠨ ᠴᠤᠯᠠ ᠣᠯᠭᠤᠭᠰᠠᠨ︔ | ︵ᠵᠢᠷᠭᠤᠭ᠎ᠠ︶ ᠦᠪᠡᠷᠲᠡᠭᠡᠨ ᠵᠠᠰᠠᠬᠤ ᠣᠷᠣᠨ ᠤ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠲᠤ ᠠᠵᠢᠯ ᠲᠦᠷᠦᠯ ᠤᠨ ᠬᠠᠮᠢᠶᠠᠷᠤᠯᠲᠠ ᠶᠢᠨ ᠲᠣᠭᠲᠠᠭᠠᠯ ᠶᠤᠰᠤᠭᠠᠷ ᠢᠲᠡᠭᠡᠯ ᠵᠢᠷᠤᠮᠯᠠᠭᠰᠠᠳ ᠢ | ᠬᠤᠯᠪᠣᠭᠠᠯᠠᠨ ᠤᠷᠮᠠᠰᠢᠭᠤᠯᠬᠤ ᠨᠡᠷᠡᠰ ᠢᠶᠠᠷ ᠵᠢᠭᠰᠠᠭᠠᠭᠳᠠᠭᠰᠠᠨ︔ | ︵ᠳᠤᠯᠤᠭ᠎ᠠ︶ ᠬᠠᠤᠯᠢ ᠪᠠᠷ ᠲᠣᠭᠲᠠᠭᠠᠭᠰᠠᠨ ᠲᠦᠯᠦᠭᠡᠯᠡᠬᠦ ᠬᠦᠮᠦᠨ ᠪᠤᠶᠤ ᠭᠤᠣᠯ ᠬᠠᠷᠢᠭᠤᠴᠠᠬᠤ | ᠬᠦᠮᠦᠨ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠦᠴᠢᠷ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠦᠷᠨᠢᠭᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠢ ᠶᠢᠨ ᠬᠠᠨᠳᠢᠪᠯᠠᠬᠤ ᠵᠡᠷᠭᠡ ᠠᠵᠢᠯᠯᠠᠭ᠎ᠠ ᠳᠤ | ᠢᠳᠡᠪᠬᠢᠲᠡᠢ ᠣᠷᠤᠯᠴᠠᠭᠰᠠᠨ︔ | ︵ᠨᠠᠢᠮᠠ︶ ᠬᠠᠤᠯᠢ ᠶᠤᠰᠤᠭᠠᠷ ᠪᠠᠶᠢᠭᠤᠯᠤᠭᠰᠠᠨ ᠭᠤᠷᠪᠠᠳᠡᠬᠢ ᠲᠠᠯ᠎ᠠ ᠶᠢᠨ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠳᠤ A ᠳᠡᠰ ᠠᠴᠠ ᠳᠡᠭᠡᠭᠰᠢᠬᠢ ᠢᠲᠡᠭᠡᠮᠵᠢᠲᠡᠢ ᠠᠵᠤ ᠠᠬᠤᠶᠢᠯᠠᠯ ᠢᠶᠠᠷ ᠦᠨᠡᠯᠡᠨ | ᠲᠣᠭᠲᠠᠭᠠᠭᠳᠠᠭᠰᠠᠨ︔ | ︵ᠶᠢᠰᠦ︶ ᠬᠤᠯᠪᠣᠭᠳᠠᠯ ᠪᠦᠬᠦᠢ ᠨᠢᠭᠡᠴᠢ ᠪᠣᠯᠣᠨ ᠵᠣᠬᠢᠶᠠᠨ ᠪᠠᠶᠢᠭᠤᠯᠤᠯᠲᠠ ᠠᠴᠠ ᠦᠨᠡᠨᠴᠢ ᠢᠲᠡᠭᠡᠮᠵᠢ ᠶᠢᠨ | ᠨᠡᠶᠢᠲᠡᠯᠢᠭ ᠵᠢᠱᠢᠶ᠎ᠡ ᠪᠠᠷ ᠰᠤᠩᠭᠤᠵᠤ ᠪᠣᠢ ᠪᠣᠯᠭᠠᠪᠠᠰᠤ ᠵᠣᠬᠢᠨ᠎ᠠ ᠭᠡᠵᠦ ᠦᠵᠡᠭᠰᠡᠨ ᠪᠤᠰᠤᠳ ᠪᠠᠶᠢᠳᠠᠯ᠃ | ᠵᠢᠷᠭᠤᠳᠤᠭᠠᠷ ᠵᠦᠢᠯ ᠪᠠᠶᠢᠭᠠᠯᠢᠭ ᠬᠦᠮᠦᠨ ᠨᠢ ᠣᠷᠴᠢᠮ ᠤᠨ ᠭᠤᠷᠪᠠᠨ ᠵᠢᠯ ᠳᠤ ᠢᠲᠡᠭᠡᠮᠵᠢ ᠶᠢᠨ ᠲᠠᠯ᠎ᠠ ᠪᠠᠷ | ᠨᠦᠯᠦᠭᠡ ᠮᠠᠭᠤᠲᠠᠢ ᠲᠡᠮᠲᠡᠭᠯᠡᠯ ᠦᠭᠡᠢ ᠮᠦᠷᠲᠡᠭᠡᠨ ᠳᠣᠣᠷᠠᠬᠢ ᠨᠦᠬᠦᠴᠡᠯ ᠤᠨ ᠨᠢᠭᠡᠨ ᠳᠤ ᠨᠢ ᠨᠡᠶᠢᠴᠡᠪᠡᠯ᠂ | ᠬᠤᠯᠪᠣᠭᠳᠠᠯ ᠪᠦᠬᠦᠢ ᠨᠢᠭᠡᠴᠢ ᠪᠣᠯᠣᠨ ᠵᠣᠬᠢᠶᠠᠨ ᠪᠠᠶᠢᠭᠤᠯᠤᠯᠲᠠ ᠠᠴᠠ ᠲᠡᠭᠦᠨ ᠢ ᠦᠨᠡᠨᠴᠢ ᠢᠲᠡᠭᠡᠮᠵᠢ ᠶᠢᠨ | ᠨᠡᠶᠢᠲᠡᠯᠢᠭ ᠵᠢᠱᠢᠶ᠎ᠡ ᠪᠠᠷ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠭᠦᠯᠦᠨ ᠬᠦᠷᠭᠡᠨ᠎ᠡ᠄ | ︵ᠨᠢᠭᠡ︶ ᠤᠯᠤᠰ ᠪᠤᠶᠤ ᠦᠪᠡᠷᠲᠡᠭᠡᠨ ᠵᠠᠰᠠᠬᠤ ᠣᠷᠣᠨ ᠤ ᠶᠤᠰᠣ ᠮᠤᠷᠠᠯ ᠤᠨ ᠵᠢᠱᠢᠶᠡᠴᠢ᠂ | ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ᠂ ᠰᠢᠯᠢᠳᠡᠭ ᠵᠠᠯᠠᠭᠤ ᠰᠠᠶᠢᠨ ᠳᠤᠷᠠᠴᠤᠳ ᠵᠡᠷᠭᠡ ᠢᠷᠠᠭᠤ | ᠠᠯᠳᠠᠷ ᠤᠨ ᠴᠤᠯᠠ ᠬᠦᠷᠲᠡᠭᠰᠡᠨ︔ | ︵ᠬᠤᠶᠠᠷ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠦᠴᠢᠷ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠦᠷᠨᠢᠭᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠦᠨ᠎ᠡ ᠲᠦᠯᠦᠪᠦᠷᠢ ᠦᠭᠡᠢ ᠪᠠᠷ | ᠴᠢᠰᠤ ᠪᠠᠨ ᠬᠠᠨᠳᠢᠪᠯᠠᠬᠤ ᠪᠠ ᠨᠢᠭᠦᠯᠡᠰᠦᠩᠭᠦᠢ ᠶᠢᠨ ᠬᠠᠨᠳᠢᠪᠯᠠᠬᠤ ᠵᠡᠷᠭᠡ ᠠᠵᠢᠯᠯᠠᠭ᠎ᠠ ᠳᠤ ᠢᠳᠡᠪᠬᠢᠲᠡᠢ | ᠣᠷᠤᠯᠴᠠᠭᠰᠠᠨ︔ | ︵ᠭᠤᠷᠪᠠ︶ ᠬᠤᠯᠪᠣᠭᠳᠠᠯ ᠪᠦᠬᠦᠢ ᠨᠢᠭᠡᠴᠢ ᠪᠣᠯᠣᠨ ᠵᠣᠬᠢᠶᠠᠨ ᠪᠠᠶᠢᠭᠤᠯᠤᠯᠲᠠ ᠠᠴᠠ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠰᠤᠩᠭᠤᠵᠤ ᠪᠣᠢ ᠪᠣᠯᠭᠠᠪᠠᠰᠤ ᠵᠣᠬᠢᠬᠤ ᠪᠠᠷ ᠦᠵᠡᠭᠰᠡᠨ ᠪᠤᠰᠤᠳ ᠪᠠᠶᠢᠳᠠᠯ᠃ | | ᠭᠤᠷᠪᠠᠳᠤᠭᠠᠷ ᠪᠦᠯᠦᠭ ᠰᠤᠩᠭᠤᠵᠤ ᠪᠣᠢ ᠪᠣᠯᠭᠠᠬᠤ ᠳᠡᠰ ᠳᠠᠷᠠᠭᠠᠯᠠᠯ | | ᠳᠤᠯᠤᠳᠤᠭᠠᠷ ᠵᠦᠢᠯ ᠬᠤᠯᠪᠣᠭᠳᠠᠯ ᠪᠦᠬᠦᠢ ᠨᠢᠭᠡᠴᠢ ᠪᠣᠯᠣᠨ ᠵᠣᠬᠢᠶᠠᠨ ᠪᠠᠶᠢᠭᠤᠯᠤᠯᠲᠠ ᠨᠢ ᠲᠤᠰ | ᠠᠷᠭ᠎ᠠ ᠶᠢᠨ ᠬᠤᠶᠠᠳᠤᠭᠠᠷ ᠪᠦᠯᠦᠭ ᠲᠤ ᠲᠣᠭᠲᠠᠭᠠᠭᠰᠠᠨ ᠨᠡᠶᠢᠲᠡᠯᠢᠭ ᠵᠢᠱᠢᠶ᠎ᠡ ᠰᠤᠩᠭᠤᠵᠤ ᠪᠣᠢ ᠪᠣᠯᠭᠠᠬᠤ ᠨᠦᠬᠦᠴᠡᠯ | ᠶᠣᠰᠤᠭᠠᠷ᠂ ᠠᠩᠬ᠎ᠠ ᠰᠤᠩᠭᠤᠭᠰᠠᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠨᠡᠷᠡᠰ ᠪᠣᠯᠣᠨ ᠬᠠᠮᠢᠶ᠎ᠠ | ᠪᠦᠬᠦᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠳ ᠢ ᠣᠨ ᠵᠢᠯ ᠢᠶᠠᠷ ᠦᠪᠡᠷᠲᠡᠭᠡᠨ ᠵᠠᠰᠠᠬᠤ ᠣᠷᠣᠨ ᠤ | ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠬᠦᠷᠭᠡᠨ᠎ᠡ︔ ᠪᠠᠶᠢᠭᠠᠯᠢᠭ ᠬᠦᠮᠦᠨ᠂ | ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠨᠢ ᠨᠡᠶᠢᠲᠡᠯᠢᠭ ᠵᠢᠱᠢᠶ᠎ᠡ ᠰᠤᠩᠭᠤᠵᠤ ᠪᠣᠢ | ᠪᠣᠯᠭᠠᠬᠤ ᠨᠦᠬᠦᠴᠡᠯ ᠢᠶᠠᠷ ᠬᠡᠪ ᠪᠠᠷᠢᠮᠵᠢᠶ᠎ᠠ ᠪᠣᠯᠭᠠᠵᠤ ︽ᠢᠲᠡᠭᠡᠮᠵᠢᠲᠦ ᠳᠤᠮᠳᠠᠳᠤ ᠤᠯᠤᠰ ︵ᠦᠪᠦᠷ ᠮᠣᠩᠭᠤᠯ︶︾ | ᠤᠨ ᠰᠦᠯᠵᠢᠶᠡᠨ ᠥᠷᠲᠡᠭᠡ ᠪᠠᠷ ᠳᠠᠮᠵᠢᠨ ᠦᠪᠡᠰᠦᠪᠡᠨ ᠭᠤᠶᠤᠴᠢᠯᠠᠨ ᠮᠡᠳᠡᠭᠦᠯᠵᠦ ᠴᠦ ᠪᠣᠯᠣᠨ᠎ᠠ᠃ | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠲᠠᠪᠴᠠᠩ᠂ ᠦᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ︵ᠦᠪᠦᠷ ᠮᠣᠩᠭᠤᠯ︶᠂ | ᠪᠦᠬᠦ ᠤᠯᠤᠰ ᠤᠨ ᠰᠢᠭᠦᠬᠦ ᠬᠤᠷᠢᠶ᠎ᠠ ᠳᠤ ᠢᠲᠡᠭᠡᠮᠵᠢ ᠠᠯᠳᠠᠭᠰᠠᠳ ᠢᠶᠠᠷ ᠭᠦᠢᠴᠡᠳᠭᠡᠭᠰᠡᠳ ᠤᠨ ᠨᠡᠷᠡᠰ ᠤᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠪᠠ ᠪᠠᠶᠢᠴᠠᠭᠠᠨ ᠯᠠᠪᠯᠠᠬᠤ ᠲᠠᠪᠴᠠᠩ᠂ ᠠᠷᠠᠳ ᠤᠨ ᠪᠠᠶᠢᠴᠠᠭᠠᠬᠤ ᠬᠤᠷᠢᠶᠠᠨ ᠤ ᠬᠡᠭᠡᠯᠢ | ᠲᠦᠯᠬᠢᠭᠰᠡᠨ ᠶᠠᠯᠠᠲᠤ ᠬᠡᠷᠡᠭ ᠤᠨ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠰᠢᠰᠲ᠋ᠧᠮ᠂ ᠠᠷᠠᠳ ᠤᠨ ᠪᠠᠩᠭᠢ ᠶᠢᠨ | ᠮᠦᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠡᠶᠢᠲ᠋ᠠ ᠶᠢᠨ ᠬᠦᠮᠦᠷᠭᠡ ᠪᠣᠯᠣᠨ | ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠢᠰᠲ᠋ᠧᠮ ᠵᠡᠷᠭᠡ | ᠰᠢᠰᠲ᠋ᠧᠮ ᠢᠶᠠᠷ ᠳᠠᠮᠵᠢᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠢᠲᠡᠭᠡᠮᠵᠢ ᠶᠢᠨ ᠪᠠᠶᠢᠳᠠᠯ ᠢ ᠨᠢ | ᠬᠠᠷᠭᠤᠭᠤᠯᠤᠨ ᠪᠠᠶᠢᠴᠠᠭᠠᠬᠤ ᠶᠢᠨ ᠬᠠᠮᠲᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠭᠤᠶᠤᠴᠢᠯᠠᠨ | ᠮᠡᠳᠡᠭᠦᠯᠦᠭᠰᠡᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠨ᠎ᠡ᠃ | ᠶᠢᠰᠦᠳᠦᠭᠡᠷ ᠵᠦᠢᠯ ᠬᠠᠷᠭᠤᠭᠤᠯᠤᠨ ᠪᠠᠶᠢᠴᠠᠭᠠᠳ ᠢᠲᠡᠭᠡᠮᠵᠢ ᠶᠢᠨ ᠲᠠᠯ᠎ᠠ ᠪᠠᠷ ᠨᠦᠯᠦᠭᠡ ᠮᠠᠭᠤᠲᠠᠢ | ᠲᠡᠮᠲᠡᠭᠯᠡᠯ ᠦᠭᠡᠢ ᠮᠦᠷᠲᠡᠭᠡᠨ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠢ ᠪᠣᠯ᠂ ᠦᠪᠡᠷᠲᠡᠭᠡᠨ ᠵᠠᠰᠠᠬᠤ | ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠲᠣᠭᠲᠠᠭᠠᠬᠤ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠠᠩᠬᠠᠨ ᠤ ᠬᠢᠨᠠᠯᠲᠠ ᠶᠢᠨ ᠦᠷ᠎ᠡ ᠳ᠋ᠦᠩ ᠢ ᠳᠠᠬᠢᠨ ᠬᠢᠨᠠᠨ᠎ᠠ᠃ | ᠠᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠨᠢ ᠳᠠᠬᠢᠨ ᠬᠢᠨᠠᠭᠠᠳ ᠬᠢᠷᠢ ᠲᠡᠩᠴᠡᠭᠰᠡᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠨᠡᠷᠡᠰ ᠢ ︽ | ᠢᠲᠡᠭᠡᠮᠵᠢᠲᠦ ᠳᠤᠮᠳᠠᠳᠤ ᠤᠯᠤᠰ ︵ᠦᠪᠦᠷ ᠮᠣᠩᠭᠤᠯ︶︾ ᠤᠨ ᠰᠦᠯᠵᠢᠶᠡᠨ ᠥᠷᠲᠡᠭᠡ ᠪᠠᠷ ᠳᠠᠮᠵᠢᠨ ᠴᠠᠭ | ᠲᠣᠬᠠᠢ ᠳᠤ ᠨᠢ ᠨᠡᠶᠢᠭᠡᠮ ᠨᠡᠶᠢᠲᠡ ᠳᠤ ᠵᠠᠷᠯᠠᠵᠤ᠂ ᠥᠷᠭᠡᠨ ᠢᠶᠠᠷ ᠰᠠᠨᠠᠯ ᠬᠤᠷᠢᠶᠠᠬᠤ ᠶᠢᠨ ᠬᠠᠮᠲᠤ᠂ ᠤᠨᠳᠤᠤ ᠰᠠᠨᠠᠯ | ᠵᠠᠭᠠᠯᠳᠤᠯᠭ᠎ᠠ ᠪᠠᠶᠢᠪᠠᠯ ᠬᠦᠯᠢᠶᠡᠨ ᠠᠪᠴᠤ ᠰᠢᠢᠳᠪᠦᠷᠢᠯᠡᠨ᠎ᠡ᠂ ᠨᠡᠶᠢᠲᠡ ᠳᠤ ᠵᠠᠷᠯᠠᠬᠤ ᠬᠤᠭᠤᠴᠠᠭ᠎ᠠ ᠶᠢ 20 | ᠠᠵᠢᠯᠯᠠᠬᠤ ᠡᠳᠦᠷ ᠲᠤ ᠬᠢᠵᠠᠭᠠᠷᠯᠠᠨ᠎ᠠ᠃ | ᠠᠷᠪᠠᠨ ᠨᠢᠭᠡᠳᠦᠭᠡᠷ ᠵᠦᠢᠯ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠨᠡᠷᠡᠰ ᠢ ᠨᠡᠶᠢᠲᠡ ᠳᠤ | ᠵᠠᠷᠯᠠᠭᠠᠳ ᠣᠨᠳᠣᠣ ᠰᠠᠨᠠᠯ ᠦᠭᠡᠢ ᠪᠣᠯ᠂ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠢᠷᠠᠭᠤ ᠠᠯᠳᠠᠷ ᠤᠨ | ᠴᠤᠯᠠ ᠶᠢ ᠣᠯᠭᠤᠬᠤ ᠶᠢᠨ ᠬᠠᠮᠲᠤ᠂ ᠨᠡᠷᠡᠰ ᠪᠣᠯᠣᠨ ᠬᠠᠮᠢᠶ᠎ᠠ ᠪᠦᠬᠦᠢ ᠮᠡᠳᠡᠭᠡ ᠵᠠᠩᠭᠢ ᠶᠢ ︽ᠢᠲᠡᠭᠡᠮᠵᠢᠲᠦ | ᠳᠤᠮᠳᠠᠳᠤ ᠤᠯᠤᠰ ︵ᠦᠪᠦᠷ ᠮᠣᠩᠭᠤᠯ︶︾ ᠤᠨ ᠰᠦᠯᠵᠢᠶᠡᠨ ᠥᠷᠲᠡᠭᠡ ᠪᠠᠷ ᠳᠠᠮᠵᠢᠨ ᠨᠡᠶᠢᠭᠡᠮ ᠳᠤ ᠨᠢᠭᠡᠲᠦᠯᠲᠡᠢ | ᠨᠡᠶᠢᠲᠡᠯᠡᠨ᠎ᠡ᠃ ᠪᠣᠲᠠᠲᠠᠢ ᠮᠡᠳᠡᠭᠡ ᠵᠠᠩᠭᠢ ᠳᠤ ᠳᠣᠣᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠦᠨᠳᠦᠰᠦᠨ ᠮᠡᠳᠡᠭᠡ ᠵᠠᠩᠭᠢ᠂ ᠡᠭᠦᠨ ᠳᠤ | ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠨᠡᠶᠢᠭᠡᠮ ᠤᠨ ᠢᠲᠡᠭᠡᠮᠵᠢ ᠶᠢᠨ | ᠨᠢᠭᠡᠲᠦᠯᠲᠡᠢ ᠣᠷᠤᠯᠠᠬᠤ ᠨᠣᠮᠧᠷ᠂ ᠪᠠᠶᠢᠭᠠᠯᠢᠭ ᠬᠦᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ︵ | ᠨᠢᠭᠤᠴᠠ ᠶᠢ ᠬᠠᠮᠠᠭᠠᠯᠠᠬᠤ ᠪᠠᠷ ᠰᠢᠢᠳᠪᠦᠷᠢᠯᠡᠬᠦ︶ ᠵᠡᠷᠭᠡ ᠪᠠᠭᠲᠠᠨ᠎ᠠ︔ | ︵ᠬᠤᠶᠠᠷ︶ ᠦᠨᠡᠨᠴᠢ ᠢᠲᠡᠭᠡᠮᠵᠢᠲᠦ ᠠᠵᠢᠯᠯᠠᠭ᠎ᠠ ᠶᠢᠨ ᠮᠡᠳᠡᠭᠡ ᠵᠠᠩᠭᠢ᠂ ᠡᠭᠦᠨ ᠳᠤ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠠᠵᠢᠯᠯᠠᠭ᠎ᠠ᠂ ᠮᠡᠳᠡᠭᠦᠯᠦᠨ ᠬᠦᠷᠭᠡᠭᠰᠡᠨ ᠰᠠᠯᠠᠭ᠎ᠠ ᠮᠦᠴᠢᠷ ᠪᠠ ᠰᠤᠩᠭᠤᠵᠤ | ᠪᠣᠢ ᠪᠣᠯᠭᠠᠭᠰᠠᠨ ᠴᠠᠭ ᠬᠤᠭᠤᠴᠠᠭ᠎ᠠ ᠵᠡᠷᠭᠡ ᠪᠠᠭᠲᠠᠨ᠎ᠠ︔ | ︵ᠭᠤᠷᠪᠠ︶ ᠢᠲᠡᠭᠡᠮᠵᠢ ᠶᠢᠨ ᠲᠡᠮᠲᠡᠭᠯᠡᠯ ᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠪᠠ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠬᠢᠨ ᠤ ᠬᠤᠯᠪᠤᠭᠠᠯᠠᠨ ᠤᠷᠮᠠᠰᠢᠭᠤᠯᠬᠤ ᠶᠢ ᠬᠦᠷᠲᠡᠭᠰᠡᠨ ᠪᠠᠶᠢᠳᠠᠯ ᠢ | ᠪᠠᠭᠲᠠᠭᠠᠭᠰᠠᠨ ᠪᠤᠰᠤᠳ ᠮᠡᠳᠡᠭᠡ ᠵᠠᠩᠭᠢ᠃ | | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | | ᠠᠷᠪᠠᠨ ᠬᠤᠶᠠᠳᠤᠭᠠᠷ ᠵᠦᠢᠯ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠨᠢ ᠤᠷᠲᠤ ᠬᠤᠭᠤᠴᠠᠭ᠎ᠠ ᠪᠠᠷ | ᠬᠦᠴᠦᠨ ᠲᠠᠢ᠂ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠬᠠᠷᠢᠭᠤᠴᠠᠵᠤ ᠪᠠᠶᠢᠩᠭᠤ ᠬᠢᠨᠠᠯᠲᠠ ᠬᠠᠮᠢᠶᠠᠷᠤᠯᠲᠠ ᠬᠢᠨ᠎ᠡ᠃ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠬᠠᠮᠢᠶ᠎ᠠ ᠪᠦᠬᠦᠢ ᠪᠠᠶᠢᠭᠠᠯᠢᠭ ᠬᠦᠮᠦᠨ᠂ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ | ᠪᠠᠶᠢᠭᠤᠯᠤᠯᠲᠠ ᠶᠢᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠢᠷᠠᠭᠤ ᠠᠯᠳᠠᠷ ᠤᠨ ᠴᠣᠯᠠ ᠶᠢ ᠨᠢ | ᠬᠦᠴᠦᠨ ᠦᠭᠡᠢ ᠪᠣᠯᠭᠠᠨ᠎ᠠ᠄ | ︵ᠨᠢᠭᠡ︶ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠱᠠᠭᠠᠷᠳᠠᠯᠭ᠎ᠠ ᠶᠤᠰᠤᠭᠠᠷ ᠰᠢᠨᠡᠳᠭᠡᠭᠰᠡᠨ ᠦᠭᠡᠢ︔ | ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ | ᠣᠯᠭᠤᠭᠰᠠᠨ ᠪᠤᠶᠤ ᠠᠵᠢᠯ ᠲᠦᠷᠦᠯ ᠤᠨ ᠬᠠᠷ᠎ᠠ ᠳᠠᠩᠰᠠ ᠳᠤ ᠣᠷᠤᠭᠤᠯᠤᠭᠰᠠᠨ︔ | ︵ᠭᠤᠷᠪᠠ︶ ᠵᠦᠢ ᠪᠤᠰᠤ ᠦᠢᠯᠡ ᠠᠵᠢᠯᠯᠠᠭ᠎ᠠ ᠠᠴᠠ ᠪᠣᠯᠵᠤ ᠵᠠᠭᠠᠯᠳᠤᠭᠳᠠᠵᠤ ᠢᠯᠡᠴᠢᠯᠡᠭᠳᠡᠭᠰᠡᠨ ᠪᠦᠭᠡᠳ | ᠬᠠᠷᠭᠤᠭᠤᠯᠤᠨ ᠪᠠᠶᠢᠴᠠᠭᠠᠭᠠᠳ ᠦᠨᠡᠨ ᠪᠣᠲᠠᠲᠠᠢ ᠪᠠᠶᠢᠬᠤ︔ | ︵ᠳᠥᠷᠪᠡ︶ ᠬᠦᠴᠦᠨ ᠦᠭᠡᠢ ᠪᠣᠯᠭᠠᠪᠠᠰᠤ ᠵᠣᠬᠢᠬᠤ ᠪᠤᠰᠤᠳ ᠪᠠᠶᠢᠳᠠᠯ᠃ | ᠠᠷᠪᠠᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠦᠴᠢᠷ ᠪᠠ | ᠪᠤᠰᠤᠳ ᠨᠢᠭᠡᠴᠢ ᠨᠢ ᠱᠠᠭᠠᠷᠳᠠᠯᠭ᠎ᠠ ᠶᠤᠰᠤᠭᠠᠷ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠬᠤᠯᠪᠣᠭᠠᠯᠠᠨ | ᠤᠷᠮᠠᠰᠢᠭᠤᠯᠬᠤ ᠶᠢᠨ ᠬᠠᠮᠲᠤ᠂ ᠤᠷᠮᠠᠰᠢᠭᠤᠯᠤᠭᠰᠠᠨ ᠪᠠᠶᠢᠳᠠᠯ ᠢᠶᠠᠨ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠴᠠᠭ ᠲᠣᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ | ᠭᠡᠯᠲᠡᠰ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠤᠷᠢᠶᠠᠨ ᠤ ᠠᠯᠪᠠᠨ ᠭᠡᠷ ᠠᠴᠠ ᠡᠯ᠎ᠡ ᠲᠤᠮᠤ | ᠵᠠᠭᠤᠴᠢᠯᠠᠭᠤᠷ ᠢ ᠵᠣᠬᠢᠶᠠᠨ ᠪᠠᠶᠢᠭᠤᠯᠵᠤ ᠵᠣᠬᠢᠴᠠᠭᠤᠯᠤᠨ᠂ ᠲᠦᠯᠦᠭᠡᠯᠡᠬᠦ ᠴᠢᠨᠠᠷᠲᠠᠢ ᠪᠠ ᠤᠬᠠᠭᠤᠯᠤᠨ ᠳᠡᠯᠭᠡᠷᠡᠭᠦᠯᠬᠦ | ᠦᠨ᠎ᠡ ᠥᠷᠲᠡᠭ ᠲᠠᠢ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠥᠷᠭᠡᠨ ᠳᠡᠯᠭᠡᠷ ᠢᠶᠠᠷ ᠤᠬᠠᠭᠤᠯᠵᠤ | ᠮᠡᠳᠡᠭᠡᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠨᠢ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠰᠤᠩᠭᠤᠵᠤ ᠪᠣᠢ ᠪᠣᠯᠭᠠᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠦᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ | ᠬᠥᠷᠪᠡᠯ ᠬᠦᠬᠢᠭᠦᠯᠦᠨ ᠰᠠᠶᠢᠰᠢᠶᠠᠬᠤ ᠲᠤᠰᠬᠠᠢ ᠳᠤᠭᠤᠶᠢᠯᠠᠩ ᠳᠤ ᠮᠡᠳᠡᠭᠦᠯᠦᠨ ᠬᠦᠷᠭᠡᠨ᠎ᠡ᠃ ᠦᠪᠡᠷᠲᠡᠭᠡᠨ ᠵᠠᠰᠠᠬᠤ | ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠥᠷᠪᠡᠯ ᠬᠦᠬᠢᠭᠦᠯᠦᠨ ᠰᠠᠶᠢᠰᠢᠶᠠᠬᠤ ᠲᠤᠰᠬᠠᠢ | ᠳᠤᠭᠤᠶᠢᠯᠠᠩ ᠨᠢ ᠪᠦᠬᠦ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠰᠤᠩᠭᠤᠵᠤ ᠪᠣᠢ | ᠪᠣᠯᠭᠠᠭᠰᠠᠨ ᠠᠵᠢᠯ ᠢ ᠬᠢᠨᠠᠵᠤ ᠬᠠᠮᠢᠶᠠᠷᠤᠨ᠎ᠠ᠃ | ᠠᠷᠪᠠᠨ ᠵᠢᠷᠭᠤᠳᠤᠭᠠᠷ ᠵᠦᠢᠯ ᠬᠤᠯᠪᠣᠭᠳᠠᠯ ᠪᠦᠬᠦᠢ ᠨᠢᠭᠡᠴᠢ ᠪᠣᠯᠣᠨ ᠵᠣᠬᠢᠶᠠᠨ ᠪᠠᠶᠢᠭᠤᠯᠤᠯᠲᠠ ᠨᠢ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠬᠤ᠂ ᠲᠠᠨᠢᠯᠴᠠᠭᠤᠯᠬᠤ᠂ ᠮᠠᠭᠠᠳᠯᠠᠨ ᠲᠣᠭᠲᠠᠭᠠᠬᠤ ᠪᠠ | ᠬᠤᠯᠪᠣᠭᠠᠯᠠᠨ ᠤᠷᠮᠠᠰᠢᠭᠤᠯᠬᠤ ᠵᠡᠷᠭᠡ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠠᠯᠮᠠᠶᠢᠷᠠᠨ | ᠤᠮᠳᠤᠭᠠᠶᠢᠯᠠᠬᠤ᠂ ᠬᠤᠳᠠᠯ ᠬᠡᠯᠡᠵᠦ ᠬᠤᠯᠤ ᠲᠠᠷᠢᠬᠤ᠂ ᠬᠤᠪᠢ ᠶᠢᠨ ᠨᠠᠶᠢᠷ ᠬᠠᠷᠠᠵᠤ ᠬᠠᠤᠯᠢ ᠶᠤᠰᠣ ᠶᠢ ᠵᠦᠷᠢᠴᠡᠵᠦ᠂ | ᠤᠯᠤᠰ᠂ ᠨᠡᠶᠢᠭᠡᠮ ᠪᠤᠶᠤ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠤᠭᠴᠠ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ | ᠬᠡᠷᠡᠭᠲᠡᠢ᠃ | ᠠᠷᠪᠠᠨ ᠳᠤᠯᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠶᠢ ᠰᠤᠩᠭᠤᠵᠤ ᠪᠣᠢ ᠪᠣᠯᠭᠠᠬᠤ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠪᠣᠯᠬᠤᠷ ᠰᠤᠩᠭᠤᠵᠤ | ᠪᠣᠢ ᠪᠣᠯᠭᠠᠬᠤ ᠶᠠᠪᠤᠴᠠ ᠳᠤ ᠶᠠᠮᠠᠷ ᠴᠦ ᠰᠦᠢᠳᠭᠡᠯ ᠬᠤᠷᠢᠶᠠᠵᠤ ᠪᠣᠯᠬᠤ ᠦᠭᠡᠢ᠃ | | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | | ᠠᠷᠪᠠᠨ ᠨᠠᠢᠮᠠᠳᠤᠭᠠᠷ ᠵᠦᠢᠯ ᠲᠤᠰ ᠠᠷᠭ᠎ᠠ ᠳᠠᠬᠢ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠨᠢ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠪᠤᠰᠤᠳ ᠲᠣᠭᠲᠠᠭᠠᠯ ᠲᠠᠢ | ᠪᠣᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃ | ᠠᠷᠪᠠ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |