ᠥᠪᠥᠷ ᠵᠠᠰᠠᠭ ᠠᠯᠪᠠᠨ ᠲᠠᠷᠬᠠᠭᠠᠭᠰᠠᠨ ﹇2018﹈ 61 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢᠨ ᠤᠷᠮᠠᠰᠢᠭᠤᠯᠬᠤ ᠲᠣᠭᠲᠠᠴᠠ ᠶᠢ | ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2018﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ | ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠡᠮᠵᠢᠶᠡᠨ ᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ | ᠨᠡᠩ ᠣᠯᠠᠨ ᠪᠦᠭᠡᠳ ᠲᠦᠷᠭᠡᠬᠡᠨ ᠬᠦᠮᠦᠵᠢᠭᠦᠯᠦᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ | ᠡᠳᠦᠭᠡ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢᠨ ᠤᠷᠮᠠᠰᠢᠭᠤᠯᠬᠤ ᠲᠣᠭᠲᠠᠴᠠ ᠶᠢ | ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠳᠣᠣᠷᠠᠬᠢ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ | ᠱᠦᠵᠢ ᠰᠢ ᠶᠢᠨ ᠫᠢᠩ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ᠂ ᠡᠷᠡᠭᠦᠯ ᠬᠠᠮᠠᠭᠠᠯᠠᠯ ᠪᠣᠯᠣᠨ ᠡᠷᠡᠭᠦᠯ ᠡᠩᠬᠡ ᠶᠢᠨ ᠠᠵᠢᠯ ᠤᠨ ᠲᠤᠬᠠᠢ ᠨᠠᠮ ᠤᠨ | ᠴᠢᠭᠯᠡᠯᠲᠡ ᠶᠢ ᠪᠠᠷᠢᠮᠲᠠᠯᠠᠵᠤ᠂ ᠠᠰᠠᠭᠤᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠡᠮᠴᠢᠯᠡᠭᠡᠨ ᠤ ᠠᠨᠠᠭᠠᠬᠤ ᠤᠬᠠᠭᠠᠨ ᠤ | ᠴᠢᠳᠠᠪᠤᠷᠢᠲᠠᠨ ᠤ ᠪᠤᠶᠢᠵᠢᠯᠲᠠ ᠶᠢᠨ ᠵᠢᠮ᠎ᠡ ᠶᠣᠰᠤ ᠶᠢ ᠵᠢᠷᠤᠮᠯᠠᠵᠤ᠂ ᠵᠠᠰᠠᠭ ᠤᠨ ᠣᠷᠳᠣᠨ ᠢᠶᠠᠷ ᠭᠤᠣᠯ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠲᠤᠷᠰᠢᠯᠭ᠎ᠠ ᠶᠢ ᠲᠣᠯᠢᠳᠠᠵᠤ᠂ ᠣᠷᠣᠨ ᠤ ᠦᠨᠳᠦᠰᠦᠨ ᠪᠠᠶᠢᠳᠠᠯ ᠳᠤ | ᠰᠠᠭᠤᠷᠢᠯᠠᠨ᠂ ᠣᠷᠣᠨ ᠨᠤᠲᠤᠭ ᠪᠠ ᠦᠨᠳᠦᠰᠦᠲᠡᠨ ᠤ ᠣᠨᠴᠠᠯᠢᠭᠲᠤ ᠳᠠᠪᠠᠭᠤᠯᠢᠭ ᠢ ᠪᠠᠳᠠᠷᠠᠭᠤᠯᠤᠨ᠂ ᠠᠵᠢᠯ | ᠲᠥᠷᠥᠯ ᠤᠨ ᠣᠨᠴᠠᠯᠢᠭ ᠲᠤ ᠲᠣᠬᠢᠷᠠᠭᠰᠠᠨ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠳᠥᠷᠢᠮ ᠢ | ᠲᠡᠭᠦᠯᠳᠡᠷᠵᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢ ᠬᠡᠷᠡᠭᠯᠡᠬᠦ ᠶᠢᠨ ᠤᠷᠮᠠᠰᠢᠭᠤᠯᠬᠤ ᠲᠣᠭᠲᠠᠴᠠ ᠳᠤ ᠰᠢᠨ᠎ᠡ ᠶᠢ | ᠡᠭᠦᠳᠴᠦ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠶᠡᠷᠦᠩᠬᠡᠢ ᠰᠠᠯᠠᠭᠠᠨ ᠤ ᠠᠨᠠᠭᠠᠬᠤ | ᠤᠬᠠᠭᠠᠨ ᠤ ᠨᠠᠶᠢᠳᠠᠪᠤᠷᠢᠲᠠᠢ ᠴᠢᠳᠠᠪᠤᠷᠢᠲᠡᠨ ᠤ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ᠃ 2020 ᠣᠨ ᠪᠣᠯᠬᠤ ᠳᠤ᠂ ᠠᠵᠢᠯ ᠲᠥᠷᠥᠯ ᠤᠨ ᠣᠨᠴᠠᠯᠢᠭ ᠲᠤ | ᠲᠣᠬᠢᠷᠠᠭᠰᠠᠨ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠳᠥᠷᠢᠮ ᠢ ᠦᠨᠳᠦᠰᠦᠨ ᠳᠤ ᠪᠠᠨ ᠪᠠᠶᠢᠭᠤᠯᠵᠤ᠂ | ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠴᠢᠳᠠᠪᠤᠷᠢᠲᠡᠨ ᠤ ᠬᠦᠭᠵᠢᠯᠲᠡ ᠳᠤ ᠲᠣᠬᠢᠷᠠᠭᠰᠠᠨ ᠤᠷᠮᠠᠰᠢᠭᠤᠯᠬᠤ | ᠲᠣᠭᠲᠠᠴᠠ ᠶᠢ ᠦᠨᠳᠦᠰᠦᠨ ᠳᠤ ᠨᠢ ᠪᠦᠷᠢᠨᠰᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ | ᠲᠠᠲᠠᠬᠤ ᠬᠦᠴᠦᠨ ᠵᠦᠢᠯ ᠢ ᠮᠡᠳᠡᠬᠦ᠋ᠢᠴᠡ ᠳᠡᠭᠡᠭᠰᠢᠯᠡᠭᠦᠯᠦᠨ᠂ ᠬᠤᠲᠠ ᠬᠦᠳᠡᠭᠡ ᠳᠠᠬᠢ ᠲᠠᠷᠬᠠᠯᠲᠠ ᠶᠢ ᠵᠦᠢ | ᠵᠣᠬᠢᠰ ᠲᠠᠢ ᠪᠠᠶᠢᠯᠭᠠᠵᠤ᠂ ᠦᠢᠯᠡᠴᠢᠯᠡᠭᠡᠨ ᠤ ᠴᠢᠳᠠᠪᠤᠷᠢ ᠶᠢ ᠮᠡᠳᠡᠬᠦ᠋ᠢᠴᠡ ᠴᠢᠩᠭᠠᠷᠠᠭᠤᠯᠤᠨ᠂ ᠶᠡᠷᠦᠩᠬᠡᠢ ᠰᠠᠯᠠᠭᠠᠨ ᠤ | ᠡᠮᠴᠢ ᠬᠢᠭᠡᠳ ᠬᠤᠲᠠ ᠬᠦᠳᠡᠭᠡ ᠶᠢᠨ ᠰᠠᠭᠤᠭᠠᠯᠢ ᠠᠷᠠᠳ ᠨᠢ ᠨᠡᠯᠢᠶᠡᠳ ᠲᠣᠭᠲᠠᠭᠤᠨ ᠪᠣᠯᠬᠤ ᠦᠢᠯᠡᠴᠢᠯᠡᠭᠡᠨ ᠤ | ᠬᠠᠷᠢᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠬᠤᠲᠠ ᠬᠦᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ | ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ 2 ᠠᠴᠠ 3 ᠪᠣᠯᠭᠠᠵᠤ᠂ ᠦᠷᠭᠡᠨ ᠣᠯᠠᠨ ᠠᠷᠠᠳ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠨᠡᠯᠢᠶᠡᠳ ᠰᠠᠶᠢᠨ ᠬᠠᠩᠭᠠᠬᠤ ᠪᠣᠯᠭᠠᠨ᠎ᠠ᠃ 2025 ᠣᠨ ᠪᠣᠯᠬᠤ ᠳᠤ᠂ ᠬᠤᠲᠠ | ᠬᠦᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ 3 ᠠᠴᠠ | 4 ᠪᠣᠯᠭᠠᠨ᠎ᠠ᠃ 2030 ᠣᠨ ᠪᠣᠯᠬᠤ ᠳᠤ᠂ ᠠᠵᠢᠯ ᠲᠥᠷᠥᠯ ᠤᠨ ᠣᠨᠴᠠᠯᠢᠭ ᠲᠤ ᠲᠣᠬᠢᠷᠠᠭᠰᠠᠨ ᠶᠡᠷᠦᠩᠬᠡᠢ | ᠰᠠᠯᠠᠭᠠᠨ ᠤ ᠡᠮᠴᠢ ᠶᠢ ᠬᠦᠮᠦᠵᠢᠭᠦᠯᠬᠦ ᠳᠥᠷᠢᠮ ᠨᠢ ᠨᠡᠩ ᠰᠠᠶᠢᠨ ᠪᠦᠷᠢᠨᠰᠢᠵᠥ᠂ ᠬᠡᠷᠡᠭᠯᠡᠬᠦ ᠤᠷᠮᠠᠰᠢᠭᠤᠯᠬᠤ | ᠲᠣᠭᠲᠠᠴᠠ ᠨᠢ ᠨᠡᠩ ᠢᠯᠡᠭᠦᠦ ᠲᠡᠭᠦᠯᠳᠡᠷᠵᠢᠵᠦ᠂ ᠬᠤᠲᠠ ᠬᠦᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ | ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ 5 ᠪᠣᠯᠭᠠᠵᠤ᠂ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠨᠢ | ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤ ᠪᠠᠨ | ᠬᠠᠩᠭᠠᠵᠤ ᠴᠢᠳᠠᠬᠤ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠶᠡᠭᠡ ᠳᠡᠭᠡᠲᠥ ᠰᠤᠷᠭᠠᠭᠤᠯᠢ ᠶᠢᠨ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠰᠤᠷᠭᠠᠨ | ᠬᠦᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠡᠭᠡᠲᠥ ᠵᠡᠷᠭᠡ ᠶᠢᠨ ᠠᠨᠠᠭᠠᠬᠤ ᠤᠬᠠᠭᠠᠨ ᠤ | ᠰᠤᠷᠭᠠᠭᠤᠯᠢ ᠨᠢ ᠪᠦᠬᠦ ᠠᠨᠠᠭᠠᠬᠤ ᠤᠬᠠᠭᠠᠨ ᠤ ᠲᠥᠷᠥᠯ ᠤᠨ ᠲᠤᠰᠬᠠᠢ ᠮᠡᠷᠭᠡᠵᠢᠯ ᠤᠨ ᠰᠤᠷᠤᠭᠴᠢ ᠳᠤ | ᠬᠠᠨᠳᠤᠭᠤᠯᠤᠨ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠰᠤᠷᠭᠠᠨ ᠬᠦᠮᠦᠵᠢᠯ ᠪᠠ ᠶᠡᠷᠦᠩᠬᠡᠢ ᠰᠠᠯᠠᠭᠠᠨ ᠤ | ᠡᠮᠴᠢᠯᠡᠭᠡᠨ ᠤ ᠲᠠᠭᠠᠨ ᠰᠤᠷᠴᠤ ᠳᠠᠳᠤᠯᠭ᠎ᠠ ᠬᠢᠬᠦ ᠶᠢ ᠦᠷᠨᠢᠭᠦᠯᠵᠦ᠂ ᠶᠡᠷᠥᠩᠬᠡᠢ ᠰᠠᠯᠠᠭᠠᠨ ᠤ ᠠᠨᠠᠭᠠᠬᠤ ᠤᠬᠠᠭᠠᠨ ᠤ | ᠵᠢᠭᠠᠨ ᠰᠣᠳᠣᠯᠬᠤ ᠲᠠᠰᠤᠭ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠰᠠᠯᠪᠤᠷᠢ ᠪᠣᠶᠤ ᠶᠡᠷᠦᠩᠬᠡᠢ ᠰᠠᠯᠠᠭᠠᠨ ᠤ | ᠠᠨᠠᠭᠠᠬᠤ ᠤᠬᠠᠭᠠᠨ ᠤ ᠳᠡᠭᠡᠲᠥ ᠰᠤᠷᠭᠠᠭᠤᠯᠢ ᠶᠢ ᠪᠠᠶᠢᠭᠤᠯᠵᠤ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ | ᠤᠳᠤᠷᠢᠳᠬᠠᠯ ᠵᠡᠷᠭᠡ ᠵᠠᠪᠠᠯ ᠰᠤᠷᠬᠤ ᠬᠢᠴᠢᠶᠡᠯ ᠢ ᠡᠬᠢᠯᠡᠭᠦᠯᠬᠦ ᠬᠡᠷᠡᠭᠲᠡᠢ᠃ ᠶᠡᠷᠦᠩᠬᠡᠢ ᠰᠠᠯᠠᠭᠠᠨ ᠤ ᠲᠤᠰᠬᠠᠢ | ᠮᠡᠷᠭᠡᠵᠢᠯ ᠤᠨ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠪᠠ | ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ ᠪᠣᠯᠪᠠᠰᠤᠷᠠᠭᠤᠯᠬᠤ ᠰᠠᠭᠤᠷᠢᠨ ᠭᠠᠵᠠᠷ ᠲᠤ ᠲᠦᠰᠢᠭᠯᠡᠵᠦ᠂ ᠨᠢᠭᠡ | ᠪᠦᠯᠦᠭ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠦᠢᠯᠡᠳᠦᠯᠭᠡ ᠪᠠᠷ ᠵᠢᠭᠠᠨ ᠰᠤᠷᠭᠠᠬᠤ ᠰᠠᠭᠤᠷᠢᠨ ᠭᠠᠵᠠᠷ ᠢ | ᠪᠠᠶᠢᠭᠤᠯᠤᠨ᠎ᠠ᠃ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠪᠠᠶᠢᠭᠤᠯᠤᠯᠲᠠ ᠶᠢᠨ ᠲᠥᠯᠥᠪᠵᠢᠭᠦᠯᠭᠡ ᠲᠣᠭᠲᠠᠭᠠᠵᠤ᠂ ᠠᠵᠢᠯᠲᠠᠨ ᠲᠣᠬᠢᠷᠠᠭᠤᠯᠬᠤ᠂ ᠲᠤᠰᠬᠠᠢ | ᠮᠡᠷᠭᠡᠵᠢᠯ ᠤᠨ ᠴᠤᠯᠡ ᠲᠣᠭᠲᠠᠭᠠᠵᠤ ᠤᠷᠢᠬᠤ᠂ ᠠᠵᠢᠯ ᠤᠨ ᠬᠢᠷᠢ ᠬᠡᠮᠵᠢᠶ᠎ᠡ ᠶᠢ ᠨᠢ ᠰᠢᠯᠭᠠᠨ ᠬᠢᠨᠠᠬᠤ ᠵᠡᠷᠭᠡ | ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠠᠨᠠᠭᠠᠬᠤ ᠤᠬᠠᠭᠠᠨ ᠤ ᠳᠡᠭᠡᠲᠥ ᠰᠤᠷᠭᠠᠭᠤᠯᠢ ᠨᠢ ᠶᠡᠷᠦᠩᠬᠡᠢ ᠰᠠᠯᠠᠭᠠᠨ ᠤ | ᠠᠨᠠᠭᠠᠬᠤ ᠤᠬᠠᠭᠠᠨ ᠤ ᠦᠢᠯᠡᠳᠦᠯᠭᠡ ᠪᠠᠷ ᠵᠢᠭᠠᠨ ᠰᠤᠷᠭᠠᠬᠤ ᠰᠠᠭᠤᠷᠢᠨ ᠭᠠᠵᠠᠷ ᠤᠨ ᠵᠢᠭᠠᠨ ᠰᠤᠷᠭᠠᠬᠤ ᠶᠢᠨ | ᠴᠢᠨᠰᠠᠭ᠎ᠠ ᠲᠠᠢ ᠪᠠᠶᠢᠬᠤ ᠶᠡᠷᠦᠩᠬᠡᠢ ᠰᠠᠯᠠᠭᠠᠨ ᠤ ᠡᠮᠴᠢ ᠶᠢ ᠤᠷᠢᠵᠤ ᠵᠢᠭᠠᠨ ᠰᠤᠷᠭᠠᠬᠤ ᠡᠭᠦᠷᠭᠡ ᠳᠠᠭᠠᠯᠭᠠᠵᠤ᠂ | ᠨᠦᠬᠦᠴᠡᠯ ᠳᠤ ᠨᠡᠶᠢᠴᠡᠭᠰᠡᠨ ᠢ ᠨᠢ ᠪᠠᠭᠰᠢ ᠶᠢᠨ ᠲᠤᠰᠬᠠᠢ ᠮᠡᠷᠭᠡᠵᠢᠯ ᠤᠨ ᠵᠣᠬᠢᠬᠤ ᠲᠤᠰᠢᠶᠠᠯ ᠢᠶᠠᠷ ᠤᠷᠢᠵᠤ | ᠲᠣᠮᠢᠯᠠᠵᠤ ᠪᠣᠯᠣᠨ᠎ᠠ᠃ 2018 ᠣᠨ ᠠᠴᠠ ᠡᠬᠢᠯᠡᠨ᠂ ᠰᠢᠨ᠎ᠡ ᠪᠠᠷ ᠨᠡᠮᠡᠭᠳᠡᠬᠦ ᠡᠮᠴᠢᠯᠡᠭᠡᠨ ᠤ ᠠᠨᠠᠭᠠᠬᠤ ᠤᠬᠠᠭᠠᠨ᠂ | ᠮᠣᠩᠭᠤᠯ ᠡᠮᠨᠡᠯᠭᠡ᠂ ᠬᠢᠲᠠᠳ ᠡᠮᠨᠡᠯᠭᠡ ᠶᠢᠨ ᠮᠠᠭᠢᠰᠲ᠋ᠧᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠤᠯᠡ ᠲᠠᠢ | ᠠᠰᠫᠢᠷᠠᠨᠲ ᠡᠯᠰᠡᠬᠦ ᠲᠥᠯᠥᠪᠯᠡᠭᠡ ᠶᠢ ᠶᠡᠷᠦᠩᠬᠡᠢ ᠰᠠᠯᠠᠭ᠎ᠠ ᠵᠡᠷᠭᠡ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠲᠠᠶᠢᠰᠢ | ᠭᠤᠣᠯᠳᠠᠯᠭ᠎ᠠ ᠲᠠᠢ ᠬᠡᠯᠪᠠᠶᠢᠯᠭᠡᠨ᠎ᠡ᠃ ᠮᠠᠯᠵᠢᠬᠤ ᠲᠠᠷᠢᠶᠠᠯᠠᠬᠤ ᠣᠷᠣᠨ ᠳᠠᠬᠢ ᠵᠠᠬᠢᠶᠠᠯᠠᠭ᠎ᠠ ᠬᠠᠨᠳᠤᠯᠭ᠎ᠠ ᠲᠠᠢ ᠪᠠᠷ | ᠠᠨᠠᠭᠠᠬᠤ ᠤᠬᠠᠭᠠᠨ ᠤ ᠰᠤᠷᠤᠭᠴᠢ ᠶᠢ ᠰᠦᠢᠳᠭᠡᠯ ᠬᠤᠷᠢᠶᠠᠬᠤ ᠦᠭᠡᠢ ᠪᠠᠷ ᠬᠦᠮᠦᠵᠢᠭᠦᠯᠬᠦ ᠶᠢ ᠦᠷᠭᠦᠯᠵᠢᠯᠡᠨ | ᠬᠡᠷᠡᠭᠵᠢᠭᠦᠯᠵᠦ᠂ ᠬᠠᠮᠢᠶ᠎ᠠ ᠪᠦᠬᠦᠢ ᠳᠥᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠡᠷ᠎ᠡ ᠭᠦᠢᠴᠡᠳᠭᠡᠬᠦ | ᠬᠠᠮᠢᠶᠠᠷᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠤᠰ ᠭᠠᠵᠠᠷ ᠤᠨ ᠶᠡᠷᠦᠩᠬᠡᠢ ᠰᠠᠯᠠᠭᠠᠨ ᠤ | ᠴᠢᠳᠠᠪᠤᠷᠢᠲᠠᠨ ᠬᠦᠮᠦᠵᠢᠭᠦᠯᠬᠦ ᠶᠢ ᠠᠬᠢᠭᠤᠯᠤᠨ᠎ᠠ᠃ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠡᠮᠴᠢᠯᠡᠭᠡᠨ ᠤ ᠠᠨᠠᠭᠠᠬᠤ ᠤᠬᠠᠭᠠᠨ᠂ ᠮᠣᠩᠭᠤᠯ ᠡᠮᠨᠡᠯᠭᠡ᠂ ᠬᠢᠲᠠᠳ ᠡᠮᠨᠡᠯᠭᠡ ᠵᠡᠷᠭᠡ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠴᠢᠳᠠᠪᠤᠷᠢᠲᠡᠨ ᠬᠦᠮᠦᠵᠢᠭᠦᠯᠬᠦ ᠵᠠᠭᠪᠤᠷ ᠢ ᠥᠭᠡᠷᠡᠴᠢᠯᠡᠨ ᠲᠡᠭᠦᠯᠳᠡᠷᠵᠢᠭᠦᠯᠵᠦ᠂ ᠮᠣᠩᠭᠤᠯ ᠬᠢᠲᠠᠳ | ᠡᠮᠨᠡᠯᠭᠡ ᠶᠢᠨ ᠰᠤᠷᠠᠭᠠᠨ ᠬᠦᠮᠦᠵᠢᠯ ᠬᠢᠭᠡᠳ ᠪᠠᠭᠰᠢ ᠠᠴᠠ ᠤᠯᠠᠮᠵᠢᠯᠠᠬᠤ ᠰᠤᠷᠭᠠᠨ ᠬᠦᠮᠦᠵᠢᠯ ᠤᠨ ᠤᠶᠠᠯᠳᠤᠬᠤ ᠶᠢ | ᠵᠣᠷᠢᠬᠵᠢᠭᠤᠯᠵᠤ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠪᠠᠷᠢᠮᠵᠢᠶ᠎ᠠ ᠬᠢᠭᠡᠳ ᠶᠡᠷᠦᠩᠬᠡᠢ ᠰᠠᠯᠠᠭᠠᠨ ᠤ | ᠲᠤᠰᠠᠯᠠᠬᠤ ᠡᠮᠴᠢ ᠶᠢ ᠪᠣᠯᠪᠠᠰᠤᠷᠠᠭᠤᠯᠬᠤ ᠪᠠᠷᠢᠮᠵᠢᠶ᠎ᠠ ᠶᠢᠨ ᠤᠷᠭᠠᠨᠢᠭ ᠢᠶᠠᠷ ᠵᠣᠯᠭᠠᠯᠳᠤᠬᠤ ᠶᠢ ᠠᠬᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠬᠠᠷᠢᠭᠤᠴᠠᠵᠤ᠂ ᠨᠢᠭᠡᠳᠦᠭᠡᠷ ᠲᠤ ᠵᠢᠭᠰᠠᠭᠠᠭᠳᠠᠵᠤ ᠪᠠᠶᠢᠭ᠎ᠠ ᠨᠢ ᠲᠥᠷᠥᠭᠦᠯᠡᠬᠦ ᠨᠢᠭᠡᠴᠢ ᠪᠠᠶᠢᠵᠤ᠂ ᠪᠣᠰᠣᠳ ᠨᠢ | ᠬᠠᠮᠵᠢᠯᠴᠠᠬᠤ ᠨᠢᠭᠡᠴᠢ ᠪᠣᠯᠣᠨ᠎ᠠ᠃ ᠳᠣᠷᠣᠭᠰᠢ ᠠᠳᠠᠯᠢ︶ | ︵ᠬᠤᠶᠠᠷ︶ ᠲᠡᠭᠦᠰᠦᠭᠰᠡᠨ ᠤ ᠳᠠᠷᠠᠭᠠᠬᠢ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠰᠤᠷᠭᠠᠨ | ᠬᠦᠮᠦᠵᠢᠯ ᠤᠨ ᠳᠥᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠲᠤᠰᠬᠠᠢ ᠮᠡᠷᠭᠡᠵᠢᠯ ᠤᠨ ᠰᠠᠬᠢᠨ ᠡᠮᠨᠡᠬᠦ ᠶᠡᠭᠡ | ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠪᠠᠷ ᠡᠯᠰᠡᠬᠦ ᠲᠤᠭ᠎ᠠ ᠶᠢ ᠵᠦᠢ ᠵᠣᠬᠢᠰᠲᠠᠢ ᠬᠤᠪᠢᠶᠠᠷᠢᠯᠠᠨ | ᠲᠣᠬᠢᠷᠠᠭᠤᠯᠵᠤ᠂ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠨ | ᠪᠣᠯᠪᠠᠰᠤᠷᠠᠭᠤᠯᠬᠤ ᠪᠠᠷ ᠡᠯᠰᠡᠬᠦ ᠬᠡᠪᠴᠢᠶ᠎ᠡ ᠶᠢ ᠦᠷᠭᠡᠳᠭᠡᠨ᠂ 2020 ᠣᠨ ᠪᠣᠯᠬᠤ ᠳᠤ ᠶᠡᠷᠦᠩᠬᠡᠢ ᠰᠠᠯᠠᠭᠠᠨ ᠤ | ᠲᠤᠰᠬᠠᠢ ᠮᠡᠷᠭᠡᠵᠢᠯ ᠤᠨ ᠡᠯᠰᠡᠬᠦ ᠲᠤᠭ᠎ᠠ ᠶᠢ ᠲᠤᠰ ᠵᠢᠯ ᠤᠨ ᠶᠡᠷᠦᠩᠬᠡᠢ ᠡᠯᠰᠡᠬᠦ ᠲᠥᠯᠥᠪᠯᠡᠭᠡ ᠶᠢᠨ 20% ᠳᠤ | ᠬᠦᠷᠤᠭᠦᠯᠬᠦ ᠶᠢᠨ ᠬᠠᠮᠲᠤ᠂ ᠵᠢᠯ ᠳᠠᠷᠠᠭᠠᠯᠠᠨ ᠨᠡᠮᠡᠭᠳᠡᠭᠦᠯᠦᠨ᠎ᠡ᠃ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ | ᠡᠯᠰᠡᠬᠦ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠨ | ᠪᠣᠯᠪᠠᠰᠤᠷᠠᠭᠤᠯᠬᠤ ᠰᠠᠭᠤᠷᠢᠨ ᠭᠠᠵᠠᠷ ᠢ ᠰᠢᠯᠭᠠᠨ ᠬᠢᠨᠠᠬᠤ ᠳᠤ ᠣᠷᠣᠭᠤᠯᠬᠤ ᠶᠢᠨ ᠬᠠᠮᠲᠤ᠂ ᠡᠳ᠋ ᠤᠨ ᠵᠠᠰᠠᠭ ᠤᠨ | ᠨᠦᠬᠦᠪᠦᠷᠢ ᠶᠢᠨ ᠪᠡᠯᠡ ᠮᠦᠩᠭᠦ ᠯᠦᠭᠡ ᠬᠤᠯᠪᠣᠭᠳᠠᠭᠤᠯᠤᠨ᠎ᠠ᠃ ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ | ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭ᠎ᠠ | ᠬᠠᠨᠳᠤᠯᠭ᠎ᠠ ᠲᠠᠢ ᠪᠠᠷ ᠰᠦᠢᠳᠭᠡᠯ ᠬᠤᠷᠢᠶᠠᠬᠤ ᠦᠭᠡᠢ ᠪᠠᠷ ᠬᠦᠮᠦᠵᠢᠭᠦᠯᠦᠭᠰᠡᠨ ᠵᠢᠩᠬᠢᠨᠢ ᠠᠩᠭᠢ ᠶᠢᠨ ᠠᠨᠠᠭᠠᠬᠤ | ᠤᠬᠠᠭᠠᠨ ᠤ ᠰᠤᠷᠤᠭᠴᠢᠳ ᠲᠡᠭᠦᠰᠦᠭᠰᠡᠨ ᠤ ᠳᠠᠷᠠᠭ᠎ᠠ ᠪᠦᠭᠦᠡ ᠢ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ | ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ᠃ ᠨᠢᠭᠡᠴᠢ ᠨᠢ | ᠲᠣᠮᠢᠯᠠᠵᠤ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠪᠠ ᠶᠡᠷᠦᠩᠬᠡᠢ ᠰᠠᠯᠠᠭᠠᠨ ᠤ | ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠬᠦᠮᠦᠰ ᠲᠠᠢ᠂ ᠲᠣᠮᠢᠯᠠᠭᠰᠠᠨ ᠨᠢᠭᠡᠴᠢ ᠨᠢ | ᠵᠦᠪᠯᠡᠯᠴᠡᠭᠡᠷ ᠲᠣᠭᠲᠠᠭᠠᠵᠤ᠂ ᠪᠣᠯᠪᠠᠰᠤᠷᠠᠭᠤᠯᠬᠤ ᠬᠤᠭᠤᠴᠠᠭᠠᠨ ᠳᠠᠬᠢ ᠣᠯᠭᠤᠮᠵᠢ᠂ ᠪᠣᠯᠪᠠᠰᠤᠷᠠᠭᠤᠯᠤᠯ | ᠳᠠᠭᠤᠰᠤᠭᠰᠠᠨ ᠤ ᠳᠠᠷᠠᠭᠠᠬᠢ ᠦᠢᠯᠡᠴᠢᠯᠡᠬᠦ ᠣᠨ ᠵᠢᠯ᠂ ᠭᠡᠷ᠎ᠡ ᠵᠦᠷᠢᠴᠡᠭᠰᠡᠨ ᠢ ᠰᠢᠢᠳᠪᠦᠷᠢᠯᠡᠬᠦ ᠠᠷᠭ᠎ᠠ ᠵᠡᠷᠭᠡ ᠶᠢ | ᠪᠣᠯᠵᠤᠨ ᠲᠣᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠪᠠᠭᠰᠢ ᠶᠢᠨ | ᠪᠣᠯᠪᠠᠰᠤᠷᠠᠭᠤᠯᠬᠤ ᠰᠠᠭᠤᠷᠢᠨ ᠭᠠᠵᠠᠷ ᠢ 2 ᠠᠴᠠ 3 ᠶᠢ ᠰᠤᠩᠭᠤᠨ ᠪᠠᠶᠢᠭᠤᠯᠵᠤ᠂ ᠶᠡᠷᠦᠩᠬᠡᠢ ᠰᠠᠯᠠᠭᠠᠨ ᠤ ᠠᠨᠠᠭᠠᠬᠤ | ᠤᠬᠠᠭᠠᠨ ᠤ ᠪᠠᠭᠰᠢ ᠶᠢ ᠪᠣᠯᠪᠠᠰᠤᠷᠠᠭᠤᠯᠬᠤ ᠪᠠᠷᠢᠮᠵᠢᠶ᠎ᠠ ᠶᠣᠰᠤᠭᠠᠷ᠂ ᠭᠤᠣᠯᠯᠠᠬᠤ ᠪᠠᠭᠰᠢ ᠶᠢᠨ ᠪᠣᠯᠪᠠᠰᠤᠷᠠᠭᠤᠯᠤᠯ ᠢ | ᠴᠢᠩᠭᠠᠷᠠᠭᠤᠯᠵᠤ᠂ ᠳᠠᠭᠠᠭᠤᠯᠤᠨ ᠵᠢᠭᠠᠬᠤ ᠪᠠᠭᠰᠢ ᠶᠢᠨ ᠵᠢᠭᠠᠨ ᠰᠤᠷᠭᠠᠬᠤ ᠤᠬᠠᠮᠰᠠᠷ ᠪᠠ ᠳᠠᠭᠠᠭᠤᠯᠤᠨ ᠵᠢᠭᠠᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠤᠣᠰ ᠵᠢᠯᠣᠭᠤᠳᠤᠭᠴᠢ ᠪᠠᠭᠰᠢ ᠶᠢᠨ ᠳᠥᠷᠢᠮ ᠢ ᠬᠡᠷᠡᠭᠵᠢᠭᠦᠯᠵᠦ᠂ ᠵᠢᠭᠠᠨ | ᠰᠤᠷᠭᠠᠬᠤ ᠠᠵᠢᠯ ᠤᠨ ᠠᠮᠵᠢᠯᠲᠠ ᠶᠢ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠤᠭᠤᠯᠵᠤ᠂ ᠳᠠᠭᠠᠭᠤᠯᠤᠨ | ᠵᠢᠭᠠᠬᠤ ᠶᠠᠪᠤᠴᠠ ᠪᠣᠯᠣᠨ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠮᠡᠷᠭᠡᠵᠢᠯ ᠤᠨ ᠴᠤᠯᠡ ᠳᠡᠪᠰᠢᠬᠦ᠂ ᠲᠡᠷᠢᠭᠦᠨ ᠤ | ᠪᠠ ᠰᠢᠯᠢᠳᠡᠭ ᠢ ᠰᠢᠯᠭᠠᠷᠠᠭᠤᠯᠬᠤ ᠶᠢᠨ ᠴᠢᠬᠤᠯᠠ ᠬᠦᠴᠦᠨ ᠵᠦᠢᠯ ᠪᠣᠯᠭᠠᠨ᠎ᠠ᠃ ᠡᠮᠴᠢᠯᠡᠭᠡᠨ ᠤ ᠠᠨᠠᠭᠠᠬᠤ ᠤᠬᠠᠭᠠᠨ᠂ | ᠮᠣᠩᠭᠤᠯ ᠡᠮᠨᠡᠯᠭᠡ᠂ ᠬᠢᠲᠠᠳ ᠡᠮᠨᠡᠯᠭᠡ ᠶᠢᠨ ᠮᠠᠭᠢᠰᠲ᠋ᠧᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠤᠯᠡ ᠣᠯᠭᠤᠬᠤ | ᠬᠢᠷᠢ ᠬᠡᠮ ᠲᠠᠢ ᠶᠡᠭᠡ ᠰᠤᠷᠭᠠᠭᠤᠯᠢ ᠬᠢᠭᠡᠳ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ | ᠰᠠᠭᠤᠷᠢᠨ ᠭᠠᠵᠠᠷ ᠢ ᠬᠤᠷᠰᠢᠨ ᠬᠢᠴᠢᠶᠡᠯᠯᠡᠬᠦ ᠬᠠᠷᠢᠴᠠᠭ᠎ᠠ ᠲᠠᠢ ᠪᠣᠯᠭᠠᠵᠤ᠂ ᠶᠡᠷᠦᠩᠬᠡᠢ ᠰᠠᠯᠠᠭᠠᠨ ᠤ ᠲᠤᠰᠬᠠᠢ | ᠮᠡᠷᠭᠡᠵᠢᠯ ᠤᠨ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠬᠦᠮᠦᠰ ᠲᠤ ᠮᠠᠬᠢᠰᠲ᠋ᠧᠷ ᠤᠨ | ᠲᠤᠰᠬᠠᠢ ᠮᠡᠷᠭᠡᠵᠢᠯ ᠤᠨ ᠡᠷᠳᠡᠮ ᠤᠨ ᠴᠤᠯᠡ ᠣᠯᠭᠤᠬᠤ ᠠᠷᠭ᠎ᠠ ᠶᠢ ᠢᠳᠡᠪᠬᠢᠲᠡᠢ ᠰᠦᠪᠡᠭᠴᠢᠯᠡᠨ | ᠲᠡᠭᠦᠯᠳᠡᠷᠵᠢᠭᠦᠯᠦᠨ᠎ᠡ᠃ ᠤᠯᠤᠰ ᠤᠨ ᠪᠠᠶᠢᠷᠢᠯᠠᠭᠤᠯᠤᠯᠲᠠ ᠶᠣᠰᠤᠭᠠᠷ᠂ ᠶᠡᠷᠦᠩᠬᠡᠢ ᠰᠠᠯᠠᠭᠠᠨ ᠤ ᠲᠤᠰᠬᠠᠢ | ᠮᠡᠷᠭᠡᠵᠢᠯ ᠤᠨ ᠲᠤᠰᠬᠠᠢ ᠰᠠᠯᠠᠭᠠᠨ ᠤ ᠶᠡᠭᠡ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠳᠥᠷᠢᠮ ᠤᠨ | ᠲᠤᠷᠰᠢᠯᠲᠠ ᠶᠢᠨ ᠴᠡᠭ ᠲᠠᠢ ᠪᠣᠯᠬᠤ ᠪᠠᠷ ᠢᠳᠡᠪᠬᠢᠲᠡᠢ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ᠂ ᠬᠦᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | ︵ᠭᠤᠷᠪᠠ︶ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠦᠮᠦᠵᠢᠯ ᠢ | ᠪᠠᠬᠢᠵᠢᠭᠦᠯᠦᠨ ᠲᠡᠭᠦᠯᠳᠡᠷᠵᠢᠭᠦᠯᠦᠨ᠎ᠡ᠃ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ | ᠬᠦᠮᠦᠵᠢᠯ ᠤᠨ ᠵᠦᠭᠯᠡᠭᠦᠷ ᠢ ᠲᠣᠭᠲᠠᠭᠠᠵᠤ᠂ ᠰᠦᠯᠵᠢᠶᠡᠨ ᠤ ᠲᠣᠭᠠᠵᠢᠭᠰᠠᠨ ᠬᠢᠴᠢᠶᠡᠯ᠂ ᠵᠢᠭᠠᠨ ᠰᠤᠷᠭᠠᠯᠲᠠ ᠶᠢᠨ | ᠵᠦᠭᠡᠯᠡᠨ ᠬᠡᠷᠡᠭᠰᠡᠯ ᠵᠢᠴᠢ ᠵᠢᠭᠠᠬᠤ ᠮᠠᠲ᠋ᠧᠷᠢᠶᠠᠯ ᠢ ᠨᠡᠭᠡᠭᠡᠬᠦ ᠪᠠ ᠬᠡᠷᠡᠭᠯᠡᠬᠦ ᠶᠢ ᠲᠦᠷᠭᠡᠳᠭᠡᠵᠦ᠂ ᠠᠯᠤᠰ ᠠᠴᠠ ᠵᠢᠭᠠᠬᠤ | ᠦᠷᠭᠦᠯᠵᠢᠯᠡᠭᠰᠡᠨ ᠰᠤᠷᠭᠠᠨ ᠬᠦᠮᠦᠵᠢᠯ ᠢ ᠶᠡᠭᠡ ᠪᠠᠷ ᠬᠦᠭᠵᠢᠭᠦᠯᠵᠦ᠂ ᠶᠡᠷᠦᠩᠬᠡᠢ ᠰᠠᠯᠠᠭᠠᠨ ᠤ ᠲᠣᠬᠢᠷᠠᠬᠤ ᠮᠡᠷᠭᠡᠵᠢᠯ ᠢ | ᠲᠥᠭᠡᠮᠡᠯᠵᠢᠭᠦᠯᠦᠨ᠂ ᠶᠡᠷᠦᠩᠬᠡᠢ ᠰᠠᠯᠠᠭᠠᠨ ᠤ ᠡᠮᠴᠢ ᠶᠢᠨ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ | ᠬᠦᠮᠦᠵᠢᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠶᠢᠨ | ᠳᠠᠪᠲᠡᠨ ᠪᠣᠯᠪᠠᠰᠤᠷᠠᠬᠤ ᠪᠣᠯᠪᠠᠰᠤᠷᠠᠭᠤᠯᠤᠯ ᠪᠠ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠰᠤᠷᠭᠠᠨ ᠬᠦᠮᠦᠵᠢᠯ ᠢ | ᠢᠳᠡᠪᠬᠢᠲᠡᠢ ᠲᠠᠢ ᠪᠠᠷ ᠦᠷᠨᠢᠭᠦᠯᠦᠨ᠎ᠡ᠃ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠦᠮᠦᠵᠢᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠶᠡᠷᠦᠩᠬᠡᠢ | ᠰᠠᠯᠠᠭᠠᠨ ᠤ ᠡᠮᠴᠢ ᠶᠢᠨ ᠳᠠᠪᠲᠠᠨ ᠪᠣᠯᠪᠠᠰᠤᠷᠠᠬᠤ ᠪᠣᠯᠪᠠᠰᠤᠷᠠᠭᠤᠯᠤᠯ ᠳᠠᠬᠢ ᠬᠤᠰᠢᠭᠤ ᠰᠢᠶᠠᠨ ᠤ ᠱᠠᠲᠤᠨ ᠤ | ᠡᠮᠨᠡᠯᠭᠡ ᠶᠢᠨ ᠬᠤᠷᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ | ᠶᠡᠷᠦᠩᠬᠡᠢ ᠰᠠᠯᠠᠭᠠᠨ ᠤ ᠡᠮᠴᠢ ᠶᠢ ᠵᠣᠷᠢᠬᠵᠢᠭᠤᠯᠵᠤ ᠪᠠᠶᠢᠭᠠᠳ ︽ᠡᠸᠦ᠋ᠷᠦᠫᠡ ᠡᠮᠨᠡᠯᠭᠡ ᠨᠢ ᠮᠣᠩᠭᠤᠯ ᠡᠮᠨᠡᠯᠭᠡ ᠠᠴᠠ | ᠰᠤᠷᠬᠤ︾ ︽ᠡᠸᠦ᠋ᠷᠦᠫᠡ ᠡᠮᠨᠡᠯᠭᠡ ᠨᠢ ᠬᠢᠲᠠᠳ ᠡᠮᠨᠡᠯᠭᠡ ᠠᠴᠠ ᠰᠤᠷᠬᠤ︾ ᠰᠢᠰᠲ᠋ᠧᠮ ᠲᠠᠢ ᠰᠤᠷᠭᠠᠨ ᠬᠦᠮᠦᠵᠢᠯ ᠳᠤ | ᠣᠷᠣᠯᠴᠠᠭᠤᠯᠵᠤ᠂ ᠶᠡᠷᠦᠩᠬᠡᠢ ᠰᠠᠯᠠᠭᠠᠨ ᠤ ᠡᠮᠴᠢ ᠳᠤ ᠮᠣᠩᠭᠤᠯ ᠬᠢᠲᠠᠳ ᠡᠮ ᠡᠮᠨᠡᠯᠭᠡ ᠪᠠ ᠡᠷᠡᠭᠦᠯᠵᠢᠭᠦᠯᠬᠦ ᠶᠢᠨ | ᠠᠨᠠᠭᠠᠬᠤ ᠤᠬᠠᠭᠠᠨ ᠤ ᠮᠡᠳᠡᠯᠭᠡ ᠬᠢᠭᠡᠳ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠮᠣᠩᠭᠤᠯ | ᠡᠮ ᠡᠮᠨᠡᠯᠭᠡ ᠪᠠ ᠬᠢᠲᠠᠳ ᠡᠮ ᠡᠮᠨᠡᠯᠭᠡ ᠶᠢ ᠲᠡᠳᠡᠭᠡᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠴᠢᠬᠤᠯᠠ | ᠠᠭᠤᠯᠭ᠎ᠠ ᠪᠣᠯᠭᠠᠵᠤ᠂ ᠮᠣᠩᠭᠤᠯ ᠡᠮᠨᠡᠯᠭᠡ ᠶᠢᠨ ᠣᠨᠣᠰᠢᠯᠠᠨ ᠡᠮᠨᠡᠬᠦ᠂ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ᠂ | ᠪᠡᠶ᠎ᠡ ᠰᠣᠪᠢᠯᠠᠬᠤ ᠡᠷᠡᠭᠦᠯᠵᠢᠯ ᠪᠠ ᠡᠷᠡᠭᠦᠯᠵᠢᠭᠦᠯᠬᠦ᠂ ᠡᠷᠡᠭᠦᠯ ᠡᠩᠬᠡ ᠨᠠᠰᠤᠵᠢᠯ ᠵᠡᠷᠭᠡ ᠦᠢᠯᠡᠴᠢᠯᠡᠭᠡ ᠬᠠᠩᠭᠠᠬᠤ ᠶᠢ | ᠵᠣᠷᠢᠬᠵᠢᠭᠤᠯᠤᠨ᠎ᠠ᠃ | ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠤᠨ ᠬᠡᠷᠡᠭᠵᠢᠭᠦᠯᠬᠦ | ᠬᠡᠪᠴᠢᠶ᠎ᠡ ᠶᠢ ᠨᠢ ᠦᠷᠭᠡᠳᠭᠡᠨ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ | ᠬᠤᠯᠪᠣᠭᠳᠠᠯ ᠪᠦᠬᠦᠢ ᠶᠡᠷᠦᠩᠬᠡᠢ ᠰᠠᠯᠠᠭᠠᠨ ᠤ ᠡᠮᠴᠢ ᠶᠡᠷᠦᠩᠬᠡᠢ ᠰᠠᠯᠠᠭᠠᠨ ᠤ ᠶᠡᠭᠡ ᠡᠮᠴᠢ ᠶᠢ ᠵᠣᠷᠢᠬᠵᠢᠭᠤᠯᠵᠤ | ᠪᠠᠶᠢᠭᠠᠳ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ᠃ ᠬᠦᠳᠡᠭᠡ ᠲᠤᠰᠬᠤᠨ ᠤ ᠡᠮᠴᠢ | ᠪᠦᠬᠦᠨ ᠳᠤ ᠶᠡᠷᠦᠩᠬᠡᠢ ᠰᠠᠯᠠᠭᠠᠨ ᠤ ᠦᠨᠳᠦᠰᠦᠨ ᠮᠡᠳᠡᠯᠭᠡ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠶᠢ | ᠬᠡᠷᠡᠭᠵᠢᠭᠦᠯᠬᠦ ᠶᠢᠨ ᠬᠠᠮᠲᠤ᠂ ᠬᠦᠳᠡᠭᠡ ᠲᠤᠰᠬᠤᠨ ᠤ ᠡᠮᠴᠢ ᠶᠢ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ | ᠬᠤᠷᠢᠶ᠎ᠠ ᠵᠡᠷᠭᠡ ᠳᠡᠭᠡᠲᠥ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠳᠠᠪᠲᠠᠨ ᠪᠣᠯᠪᠠᠰᠤᠷᠠᠵᠤ | ᠰᠤᠷᠤᠯᠴᠠᠭᠤᠯᠬᠤ ᠪᠠᠷ ᠲᠥᠯᠥᠪᠯᠡᠭᠡ ᠲᠠᠢ ᠲᠣᠬᠢᠷᠠᠭᠤᠯᠵᠤ᠂ ᠡᠮᠴᠢᠯᠡᠬᠦ ᠠᠵᠢᠯ ᠡᠷᠬᠢᠯᠡᠬᠦ ︵ᠲᠤᠰᠠᠯᠠᠬᠤ︶ ᠶᠡᠭᠡ | ᠡᠮᠴᠢ ᠶᠢᠨ ᠬᠢᠷᠢ ᠬᠡᠮ ᠲᠠᠢ ᠬᠦᠳᠡᠭᠡ ᠲᠤᠰᠬᠤᠨ ᠤ ᠡᠮᠴᠢ ᠶᠢ ᠵᠣᠷᠢᠬᠵᠢᠭᠤᠯᠵᠤ ᠪᠠᠶᠢᠭᠠᠳ ᠶᠡᠷᠦᠩᠬᠡᠢ ᠰᠠᠯᠠᠭᠠᠨ ᠤ | ᠡᠮᠴᠢ ᠶᠢᠨ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ | ᠬᠠᠷᠢᠭᠤᠴᠠᠨ᠎ᠠ︶ | ︵ᠳᠥᠷᠪᠡ︶ ᠶᠡᠷᠦᠩᠬᠡᠢ ᠰᠠᠯᠠᠭᠠᠨ ᠤ ᠡᠮᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠰᠠᠭᠤᠷᠢᠨ | ᠭᠠᠵᠠᠷ ᠵᠢᠴᠢ ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ ᠪᠣᠯᠪᠠᠰᠤᠷᠠᠭᠤᠯᠬᠤ ᠰᠠᠭᠤᠷᠢᠨ ᠭᠠᠵᠠᠷ ᠢᠶᠠᠷ | ᠲᠣᠭᠲᠠᠭᠠᠭᠰᠠᠨ ᠡᠸᠦ᠋ᠷᠦᠫᠡ ᠡᠮᠨᠡᠯᠭᠡ᠂ ᠮᠣᠩᠭᠤᠯ ᠡᠮᠨᠡᠯᠭᠡ ᠪᠣᠯᠣᠨ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠨᠢ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠶᠡᠷᠦᠩᠬᠡᠢ ᠰᠠᠯᠠᠭᠠᠨ ᠤ ᠡᠮᠴᠢᠯᠡᠭᠡ ᠶᠢᠨ ᠣᠨᠣᠰᠢᠯᠠᠨ ᠡᠮᠨᠡᠬᠦ ᠬᠢᠴᠢᠶᠡᠯ ᠲᠥᠷᠥᠯ ᠢ | ᠨᠡᠮᠡᠵᠦ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠰᠠᠯᠠᠭ᠎ᠠ ᠶᠢ ᠲᠤᠰᠠᠭᠠᠷ ᠪᠠᠶᠢᠭᠤᠯᠵᠤ᠂ ᠴᠢᠳᠠᠪᠤᠷᠢᠲᠡᠨ ᠢ | ᠬᠦᠮᠦᠵᠢᠭᠦᠯᠬᠦ ᠪᠠᠷ ᠵᠣᠷᠢᠯᠭ᠎ᠠ ᠪᠣᠯᠭᠠᠨ᠂ ᠶᠡᠷᠦᠩᠬᠡᠢ ᠰᠠᠯᠠᠭᠠᠨ ᠤ ᠡᠮᠴᠢᠯᠡᠭᠡ᠂ ᠵᠢᠭᠠᠨ ᠰᠤᠷᠭᠠᠬᠤ ᠪᠠ ᠡᠷᠳᠡᠮ | ᠰᠢᠨᠵᠢᠯᠡᠭᠡᠨ ᠤ ᠠᠵᠢᠯ ᠢ ᠦᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠯᠤᠭ᠎ᠠ ᠬᠤᠯᠪᠣᠭᠠᠯᠠᠨ ᠶᠡᠷᠦᠩᠬᠡᠢ ᠰᠠᠯᠠᠭᠠᠨ ᠤ ᠡᠮᠴᠢ ᠶᠢ ᠬᠥᠮᠥᠵᠢᠭᠦᠯᠦᠨ᠎ᠡ᠃ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠤᠨ ᠳᠣᠲᠣᠭᠠᠳᠤ ᠶᠢᠨ ᠲᠣᠬᠢᠷᠠᠭᠤᠯᠤᠯᠲᠠ ᠳᠤ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ | ᠡᠮᠨᠡᠯᠭᠡ ᠶᠢᠨ ᠠᠵᠢᠯᠲᠡᠳ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠢᠷᠢ ᠲᠦᠪᠰᠢᠨ ᠢ ᠵᠦᠢ ᠵᠣᠬᠢᠰᠲᠠᠢ | ᠲᠣᠭᠲᠠᠭᠠᠵᠤ᠂ ᠠᠮᠵᠢᠯᠲᠠ ᠪᠦᠲᠦᠮᠵᠢ ᠶᠢᠨ ᠴᠠᠯᠢᠩ ᠢ ᠨᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠡᠮᠨᠡᠯᠭᠡ ᠶᠢᠨ | ᠬᠤᠷᠢᠶ᠎ᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠬᠤᠰᠢᠭᠤ ᠰᠢᠶᠠᠨ ᠤ | ᠱᠠᠲᠤᠨ ᠤ ᠡᠮᠨᠡᠯᠭᠡ ᠶᠢᠨ ᠬᠤᠷᠢᠶ᠎ᠠ ᠪᠠᠷ ᠭᠤᠣᠯᠳᠠᠯᠭ᠎ᠠ ᠪᠣᠯᠭᠠᠵᠤ᠂ ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ | ᠪᠣᠯᠪᠠᠰᠤᠷᠠᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ ᠵᠢᠭᠠᠨ | ᠰᠤᠷᠭᠠᠬᠤ ᠪᠡᠯᠡᠳᠭᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠤᠷᠤᠭᠴᠢᠳ ᠤᠨ ᠣᠷᠣᠨ ᠰᠠᠭᠤᠴᠠ ᠶᠢᠨ | ᠨᠦᠬᠦᠴᠡᠯ ᠢ ᠨᠢ ᠰᠠᠶᠢᠵᠢᠷᠠᠭᠤᠯᠤᠨ᠎ᠠ᠃ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠬᠦᠳᠡᠯᠦᠩᠭᠦᠢ ᠬᠠᠮᠢᠶᠠᠷᠤᠯᠲᠠ ᠶᠢ | ᠴᠢᠩᠭᠠᠷᠠᠭᠤᠯᠤᠨ᠂ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢ ᠪᠣᠯᠪᠠᠰᠤᠷᠠᠭᠤᠯᠬᠤ ᠰᠠᠭᠤᠷᠢᠨ ᠭᠠᠵᠠᠷ ᠢ | ᠰᠢᠯᠭᠠᠨ ᠬᠢᠨᠠᠵᠤ ᠦᠨᠡᠯᠡᠨ ᠵᠢᠱᠢᠬᠦ ᠶᠢᠨ ᠭᠤᠣᠯ ᠭᠦᠢᠴᠡᠳᠭᠡᠯ ᠲᠤᠭ᠎ᠠ ᠪᠣᠯᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠲᠠᠪᠤ︶ ᠶᠡᠷᠦᠩᠬᠡᠢ ᠰᠠᠯᠠᠭᠠᠨ ᠤ ᠡᠮᠴᠢ ᠶᠢᠨ ᠵᠦᠪᠰᠢᠶᠡᠷᠡᠨ ᠣᠷᠣᠬᠤ ᠳᠥᠷᠢᠮ ᠢ ᠠᠬᠢᠭᠤᠯᠤᠨ | ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠤᠭᠠᠷ᠂ ᠶᠡᠷᠦᠩᠬᠡᠢ | ᠰᠠᠯᠠᠭᠠᠨ ᠤ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠢᠶᠠᠷ ᠳᠠᠮᠵᠢᠵᠤ᠂ ᠶᠡᠷᠦᠩᠬᠡᠢ ᠰᠠᠯᠠᠭᠠᠨ ᠤ | ᠲᠤᠰᠬᠠᠢ ᠮᠡᠷᠭᠡᠵᠢᠯ ᠤᠨ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ | ᠦᠨᠡᠮᠯᠡᠯ ᠣᠯᠭᠤᠨ᠎ᠠ︔ ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠢᠶᠠᠷ ᠳᠠᠮᠵᠢᠵᠤ᠂ | ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠠᠯ ᠣᠯᠭᠤᠨ᠎ᠠ︔ | ᠡᠮᠴᠢᠯᠡᠭᠡ᠂ ᠮᠤᠩᠭᠤᠯ ᠡᠮᠨᠡᠯᠭᠡ᠂ ᠬᠢᠲᠡᠳ ᠡᠮᠨᠡᠯᠭᠡ ᠶᠢᠨ ᠡᠮᠴᠢᠯᠡᠬᠦ ᠠᠵᠢᠯ ᠡᠷᠬᠢᠯᠡᠬᠦ ︵ᠲᠤᠰᠠᠯᠠᠬᠤ︶ ᠶᠡᠭᠡ | ᠡᠮᠴᠢ ᠨᠢ ᠶᠡᠷᠦᠩᠬᠡᠢ ᠰᠠᠯᠠᠭᠠᠨ ᠤ ᠶᠡᠭᠡ ᠡᠮᠴᠢ ᠶᠢᠨ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠳᠤ | ᠣᠷᠣᠯᠴᠠᠵᠤ ᠬᠢᠷᠢ ᠲᠡᠩᠴᠡᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠦᠪᠯᠡᠯ ᠪᠣᠶᠤ ᠥᠪᠡᠷᠲᠡᠭᠡᠨ ᠵᠠᠰᠠᠬᠤ ᠣᠷᠣᠨ ᠤ ᠮᠣᠩᠭᠤᠯ ᠬᠢᠲᠡᠳ ᠡᠮ ᠡᠮᠨᠡᠯᠭᠡ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠣᠯᠭᠤᠭᠰᠠᠨ ︽ᠶᠡᠷᠦᠩᠬᠡᠢ ᠰᠠᠯᠠᠭᠠᠨ ᠤ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠤᠨ ᠬᠢᠷᠢ | ᠲᠡᠩᠴᠡᠭᠰᠡᠨ ᠦᠨᠡᠮᠯᠡᠯ︾᠂ ︽ᠶᠡᠷᠦᠩᠬᠡᠢ ᠰᠠᠯᠠᠭᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠬᠢᠷᠢ | ᠲᠡᠩᠴᠡᠭᠰᠡᠨ ᠦᠨᠡᠮᠯᠡᠯ︾ ᠪᠣᠶᠤ ︽ᠮᠣᠩᠭᠤᠯ ᠬᠢᠲᠠᠳ ᠡᠮᠨᠡᠯᠭᠡ ᠶᠢᠨ ᠶᠡᠷᠦᠩᠬᠡᠢ ᠰᠠᠯᠠᠭᠠᠨ ᠤ ᠶᠡᠭᠡ ᠡᠮᠴᠢ ᠶᠢᠨ | ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ︾ ᠢ ᠣᠯᠣᠭᠰᠠᠨ ᠤ ᠳᠠᠷᠠᠭ᠎ᠠ᠂ | ᠳᠠᠩᠰᠠᠯᠠᠨ ᠲᠡᠮᠳᠡᠭᠯᠡᠭᠦᠯᠬᠦ ᠶᠢ ᠵᠥᠪᠰᠢᠶᠡᠷᠡᠬᠦ ᠪᠣᠶᠤ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠲᠤᠰᠬᠠᠢ | ᠮᠡᠷᠭᠡᠵᠢᠯ ᠢ ᠨᠡᠮᠡᠵᠦ ᠲᠣᠳᠣᠷᠬᠠᠶᠢᠯᠠᠨ᠂ ᠲᠡᠳᠡᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠶᠡᠷᠦᠩᠬᠡᠢ ᠰᠠᠯᠠᠭᠠᠨ ᠤ ᠡᠮᠴᠢᠯᠡᠵᠦ | ᠦᠢᠯᠡᠴᠢᠯᠡᠬᠦ ᠶᠢ ᠵᠦᠪᠰᠢᠶᠡᠷᠡᠨ᠎ᠡ᠃ | ᠡᠮᠴᠢᠯᠡᠭᠡ᠂ ᠮᠣᠩᠭᠤᠯ ᠡᠮᠨᠡᠯᠭᠡ᠂ ᠬᠢᠲᠡᠳ ᠡᠮᠨᠡᠯᠭᠡ ᠶᠢᠨ ᠬᠦᠳᠡᠭᠡ ᠲᠤᠰᠬᠤᠨ ᠤ ᠶᠡᠷᠦᠩᠬᠡᠢ ᠰᠠᠯᠠᠭᠠᠨ ᠤ | ᠡᠮᠴᠢᠯᠡᠬᠦ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠬᠢᠬᠦ ᠶᠢ ᠪᠦᠬᠦ ᠲᠠᠯ᠎ᠠ ᠪᠠᠷ | ᠠᠬᠢᠭᠤᠯᠤᠨ᠂ ᠡᠮᠴᠢᠯᠡᠭᠡ ᠪᠠ ᠬᠢᠲᠡᠳ ᠡᠮᠨᠡᠯᠭᠡ ᠶᠢᠨ ᠲᠥᠷᠥᠯ ᠢᠯᠭᠠᠯ ︵ᠮᠣᠩᠭᠤᠯ ᠡᠮᠨᠡᠯᠭᠡ ᠶᠢᠨ ᠲᠤᠰᠬᠠᠢ | ᠮᠡᠷᠭᠡᠵᠢᠯ ᠢ ᠪᠠᠭᠲᠠᠭᠠᠨ᠎ᠠ︶ ᠤᠨ ᠬᠦᠳᠡᠭᠡ ᠲᠤᠰᠬᠤᠨ ᠤ ᠶᠡᠷᠦᠩᠬᠡᠢ ᠰᠠᠯᠠᠭᠠᠨ ᠤ ᠡᠮᠴᠢᠯᠡᠬᠦ ᠠᠵᠢᠯ ᠡᠷᠬᠢᠯᠡᠬᠦ | ᠲᠤᠰᠠᠯᠠᠭᠴᠢ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠭᠡᠨ᠂ ᠮᠣᠩᠭᠤᠯ | ᠡᠮᠨᠡᠯᠭᠡ ᠶᠢᠨ ᠲᠤᠰᠬᠠᠢ ᠮᠡᠷᠭᠡᠵᠢᠯ ᠤᠨ ᠬᠦᠳᠡᠭᠡ ᠲᠤᠰᠬᠤᠨ ᠤ ᠶᠡᠷᠦᠩᠬᠡᠢ ᠰᠠᠯᠠᠭᠠᠨ ᠤ ᠡᠮᠴᠢᠯᠡᠬᠦ ᠠᠵᠢᠯ ᠡᠷᠬᠢᠯᠡᠬᠦ | ᠲᠤᠰᠠᠯᠠᠭᠴᠢ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠶᠢ ᠡᠬᠢᠯᠡᠭᠦᠯᠬᠦ ᠪᠠᠷ ᠴᠢᠷᠮᠠᠶᠢᠨ᠎ᠠ᠃ ᠦᠨᠳᠦᠰᠦᠨ | ᠱᠠᠲᠤᠨ ᠤ ᠶᠡᠭᠡ ᠡᠮᠴᠢ ᠶᠢ ᠵᠣᠷᠢᠬᠵᠢᠭᠤᠯᠵᠤ ᠪᠠᠶᠢᠭᠠᠳ ᠱᠠᠪᠢ ᠪᠣᠯᠵᠤ ᠰᠤᠷᠬᠤ ᠪᠠᠷ ᠳᠠᠮᠵᠢᠵᠤ ᠮᠣᠩᠭᠤᠯ ᠬᠢᠲᠠᠳ | ᠡᠮᠨᠡᠯᠭᠡ ᠶᠢᠨ ᠡᠮᠴᠢ ᠠᠴᠠ ᠤᠯᠠᠮᠵᠢᠯᠠᠬᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠵᠤ᠂ ᠤᠯᠤᠰ ᠤᠨ ᠮᠣᠩᠭᠤᠯ | ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠡᠮᠴᠢᠯᠡᠬᠦ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ | ᠬᠡᠮ ᠤᠨ ᠰᠢᠯᠭᠠᠯᠲᠠ ᠳᠤ ᠣᠷᠣᠯᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠦᠪᠯᠡᠯ ᠬᠠᠷᠢᠭᠤᠴᠠᠨ᠎ᠠ︶ | ︵ᠵᠢᠷᠭᠤᠭ᠎ᠠ︶ ᠶᠡᠷᠦᠩᠬᠡᠢ ᠰᠠᠯᠠᠭᠠᠨ ᠤ ᠡᠮᠴᠢ ᠶᠢᠨ ᠴᠠᠯᠢᠩ ᠬᠦᠯᠦᠰᠦ ᠶᠢᠨ ᠳᠥᠷᠢᠮ ᠢ ᠥᠭᠡᠷᠡᠴᠢᠯᠡᠨ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠤᠨ᠂ | ᠶᠡᠷᠦᠩᠬᠡᠢ ᠰᠠᠯᠠᠭᠠᠨ ᠤ ᠡᠮᠴᠢ ᠶᠢ ᠪᠠᠭᠲᠠᠭᠠᠭᠰᠠᠨ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠬᠦᠳᠡᠯᠮᠦᠷᠢ | ᠦᠢᠯᠡᠴᠢᠯᠡᠭᠡ ᠶᠢᠨ ᠦᠨ᠎ᠡ ᠦᠷᠲᠡᠭ ᠢ ᠢᠯᠡᠷᠡᠭᠦᠯᠦᠨ᠎ᠡ᠃ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠢ ᠲᠣᠬᠢᠷᠠᠭᠤᠯᠵᠤ ᠡᠵᠡᠮᠰᠢᠬᠦ ᠬᠢᠷᠢ | ᠲᠦᠪᠰᠢᠨ ᠠᠴᠠ ᠳᠠᠪᠠᠭᠤᠯᠬᠤ ᠶᠢ ᠵᠦᠪᠰᠢᠶᠡᠷᠡᠵᠦ᠂ ᠡᠮᠴᠢᠯᠡᠭᠡ ᠶᠢᠨ ᠦᠢᠯᠡᠴᠢᠯᠡᠭᠡ ᠶᠢᠨ ᠣᠷᠣᠯᠭ᠎ᠠ ᠳᠤ ᠥᠪᠡᠷ ᠤᠨ | ᠥᠷᠲᠡᠭ ᠢ ᠨᠢ ᠰᠠᠭᠤᠯᠭᠠᠨ ᠠᠪᠬᠤ ᠶᠢᠨ ᠬᠠᠮᠲᠤ ᠲᠣᠭᠲᠠᠭᠠᠯ ᠶᠣᠰᠤᠭᠠᠷ ᠡᠯ᠎ᠡ ᠵᠦᠢᠯ ᠤᠨ ᠰᠠᠭᠤᠷᠢ ᠮᠦᠩᠭᠦ ᠶᠢ | ᠭᠠᠷᠭᠠᠵᠤ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠤ ᠱᠠᠩᠨᠠᠯ ᠳᠤ ᠬᠡᠷᠡᠭᠯᠡᠬᠦ ᠶᠢ ᠵᠦᠪᠰᠢᠶᠡᠷᠡᠬᠦ︾ | ᠱᠠᠭᠠᠷᠳᠠᠯᠭ᠎ᠠ ᠶᠣᠰᠤᠭᠠᠷ᠂ ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠡᠷᠬᠢᠯᠡᠭᠰᠡᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ ᠶᠢ ᠵᠦᠢ ᠵᠣᠬᠢᠰᠲᠠᠢ | ᠬᠠᠷᠭᠤᠭᠤᠯᠤᠨ ᠲᠣᠭᠲᠠᠭᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠶᠡᠷᠦᠩᠬᠡᠢ ᠰᠠᠯᠠᠭᠠᠨ ᠤ ᠡᠮᠴᠢ ᠶᠢᠨ ᠴᠠᠯᠢᠩ ᠤᠨ ᠬᠢᠷᠢ ᠲᠦᠪᠰᠢᠨ ᠢ ᠳᠡᠭᠡᠭᠰᠢᠯᠡᠭᠦᠯᠵᠦ ᠪᠠᠶᠢᠭᠠᠳ ᠴᠠᠯᠢᠩ ᠤᠨ ᠬᠢᠷᠢ | ᠲᠦᠪᠰᠢᠨ ᠢ ᠨᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠠᠳᠠᠯᠢ | ᠨᠦᠬᠦᠴᠡᠯ ᠲᠠᠢ ᠡᠮᠴᠢᠯᠡᠭᠡᠨ ᠤ ᠶᠡᠭᠡ ᠡᠮᠴᠢ ᠶᠢᠨ ᠴᠠᠯᠢᠩ ᠤᠨ ᠬᠢᠷᠢ ᠲᠦᠪᠰᠢᠨ ᠯᠦᠭᠡ ᠵᠣᠯᠭᠠᠯᠳᠤᠭᠤᠯᠤᠨ᠎ᠠ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠡᠮᠨᠡᠬᠦ | ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠢᠶᠠᠷ ᠳᠠᠮᠵᠢᠵᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ | ᠤᠷᠢᠵᠤ ᠬᠡᠷᠡᠭᠯᠡᠬᠦᠯᠦᠨ᠎ᠠ᠂ ᠡᠯ᠎ᠡ ᠭᠠᠵᠠᠷ ᠣᠷᠣᠨ ᠨᠢ ᠪᠣᠳᠠᠲᠠᠢ ᠪᠠᠨ ᠦᠨᠳᠦᠰᠦᠯᠡᠨ᠂ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠢ ᠲᠤᠭ᠎ᠠ ᠶᠢ ᠬᠠᠷᠭᠤᠭᠤᠯᠤᠨ ᠲᠣᠭᠲᠠᠭᠠᠬᠤ ᠳᠤ ᠤᠯᠠᠮ ᠨᠢᠭᠡ ᠠᠯᠬᠤᠮ ᠬᠠᠷᠠᠭᠠᠯᠵᠠᠯ | ᠦᠵᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ | ᠪᠦᠲᠦᠮᠵᠢ ᠶᠢᠨ ᠴᠠᠯᠢᠩ ᠤᠨ ᠬᠢᠷᠢ ᠲᠦᠪᠰᠢᠨ ᠤ ᠬᠡᠪ ᠤᠨ ᠪᠠᠶᠢᠳᠠᠯ ᠢᠶᠠᠷ ᠨᠡᠮᠡᠭᠳᠡᠬᠦ ᠲᠣᠭᠲᠠᠴᠠ ᠶᠢ ᠪᠠᠶᠢᠭᠤᠯᠤᠨ᠎ᠠ᠃ | ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠳ ᠤᠨ ᠠᠵᠢᠯ ᠤᠨ ᠢᠳᠡᠪᠬᠢᠵᠢᠯ ᠢ | ᠳᠠᠶᠢᠴᠢᠯᠠᠵᠤ᠂ ᠳᠣᠲᠣᠭᠠᠳᠤ ᠳᠠᠬᠢ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠳᠤ ᠶᠡᠷᠦᠩᠬᠡᠢ | ᠰᠠᠯᠠᠭᠠᠨ ᠤ ᠡᠮᠴᠢ ᠶᠢᠨ ᠡᠮᠨᠡᠯᠭᠡ ᠶᠢ ᠲᠣᠬᠢᠷᠠᠭᠤᠯᠵᠤ ᠪᠣᠯᠣᠨ᠎ᠠ᠃ | ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠠᠵᠤ ᠦᠢᠯᠡᠴᠢᠯᠡᠬᠦ ᠶᠢ ᠠᠬᠢᠭᠤᠯᠤᠨ᠂ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠭᠠᠵᠤ ᠦᠢᠯᠡᠴᠢᠯᠡᠬᠦ ᠨᠢ ᠵᠣᠬᠢᠬᠤ ᠬᠡᠮᠵᠢᠶᠡᠨ ᠳᠤ ᠬᠦᠷᠦᠭᠰᠡᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ | ᠲᠤᠭ᠎ᠠ ᠶᠢ ᠬᠠᠷᠭᠤᠭᠤᠯᠤᠨ ᠲᠣᠭᠲᠠᠭᠠᠬᠤ ᠳᠤ ᠨᠢ ᠬᠠᠷᠠᠭᠠᠯᠵᠠᠯ ᠦᠵᠡᠭᠦᠯᠵᠦ᠂ ᠭᠡᠷ᠎ᠡ ᠲᠣᠭᠲᠠᠭᠠᠵᠤ ᠦᠢᠯᠡᠴᠢᠯᠡᠬᠦ | ᠵᠠᠷᠤᠳᠠᠯ ᠤᠨ ᠵᠣᠬᠢᠬᠤ ᠬᠠᠷᠢᠴᠠᠯ ᠢᠶᠠᠷ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ ᠶᠢ ᠨᠢ | ᠨᠡᠮᠡᠭᠳᠡᠭᠦᠯᠵᠦ᠂ ᠦᠢᠯᠡᠴᠢᠯᠡᠭᠦᠯᠬᠦ ᠬᠦᠮᠦᠰ ᠤᠨ ᠡᠷᠡᠭᠦᠯ ᠮᠡᠨᠳᠦ ᠶᠢᠨ ᠪᠠᠶᠢᠳᠠᠯ ᠪᠣᠯᠣᠨ ᠰᠠᠭᠤᠭᠠᠯᠢ ᠠᠷᠠᠳ ᠤᠨ | ᠬᠠᠨᠤᠮᠵᠢᠲᠠᠢ ᠪᠠᠶᠢᠬᠤ ᠬᠡᠮᠵᠢᠶ᠎ᠡ ᠶᠢ ᠰᠢᠯᠭᠠᠨ ᠬᠢᠨᠠᠬᠤ ᠭᠦᠢᠴᠡᠳᠭᠡᠯ ᠲᠣᠭᠠᠨ ᠳᠤ ᠣᠷᠤᠭᠤᠯᠵᠤ᠂ ᠭᠡᠷ᠎ᠡ ᠲᠣᠭᠲᠠᠭᠠᠵᠤ | ᠦᠢᠯᠡᠴᠢᠯᠡᠬᠦ ᠴᠢᠨᠠᠷ ᠴᠢᠨᠰᠠᠭ᠎ᠠ ᠳᠤ ᠰᠢᠯᠭᠠᠨ ᠬᠢᠨᠠᠬᠤ ᠶᠢ ᠴᠢᠩᠭᠠᠳᠬᠠᠨ᠂ ᠰᠢᠯᠭᠠᠨ ᠬᠢᠨᠠᠭᠰᠠᠨ ᠦᠷ᠎ᠡ ᠳ᠋ᠦᠩ ᠢ ᠭᠡᠷ | ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ᠬᠢᠨ ᠤ ᠭᠡᠷ᠎ᠡ ᠲᠣᠭᠲᠠᠭᠠᠵᠤ ᠦᠢᠯᠡᠴᠢᠯᠡᠭᠰᠡᠨ ᠣᠷᠣᠯᠭ᠎ᠠ ᠯᠤᠭ᠎ᠠ | ᠬᠤᠯᠪᠣᠭᠳᠠᠭᠤᠯᠵᠤ᠂ ᠭᠡᠷ᠎ᠡ ᠲᠣᠭᠲᠠᠭᠠᠵᠤ ᠦᠢᠯᠡᠴᠢᠯᠡᠬᠦ ᠴᠢᠨᠠᠷ ᠴᠢᠨᠰᠠᠭ᠎ᠠ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠳᠣᠯᠤᠭ᠎ᠠ︶ ᠶᠡᠷᠦᠩᠬᠡᠢ ᠰᠠᠯᠠᠭᠠᠨ ᠤ ᠡᠮᠴᠢ ᠶᠢ ᠤᠷᠢᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ | ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠠᠴᠠ ᠡᠷᠬᠢᠯᠡᠭᠰᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠢ ᠬᠠᠷᠭᠤᠭᠤᠯᠤᠨ ᠲᠣᠭᠲᠠᠭᠠᠭᠰᠠᠨ ᠣᠷᠣᠨ ᠲᠣᠭᠠᠨ ᠤ ᠳᠣᠲᠣᠷ᠎ᠠ ᠪᠠᠨ ᠶᠡᠷᠦᠩᠬᠡᠢ | ᠰᠠᠯᠠᠭᠠᠨ ᠤ ᠡᠮᠴᠢ ᠲᠣᠬᠢᠷᠠᠭᠤᠯᠬᠤ ᠶᠢ ᠪᠠᠲᠤᠯᠠᠵᠤ᠂ ᠵᠢᠩᠬᠢᠨᠢ ᠠᠩᠭᠢ ᠵᠢᠴᠢ ᠡᠭᠦᠨ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠠᠨᠠᠭᠠᠬᠤ ᠤᠬᠠᠭᠠᠨ ᠤ ᠲᠡᠭᠦᠰᠦᠭᠰᠡᠳ ᠪᠣᠶᠤ ᠰᠠᠬᠢᠨ ᠡᠮᠨᠡᠬᠦ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ ᠡᠩ ᠲᠡᠷᠢᠭᠦᠨ ᠳᠤ | ᠲᠣᠬᠢᠷᠠᠭᠤᠯᠵᠤ᠂ ᠡᠯᠰᠡᠨ ᠤᠷᠢᠬᠤ ᠳᠡᠰ ᠳᠠᠷᠠᠭᠠᠯᠠᠯ ᠢ ᠳᠥᠭᠦᠮᠴᠢᠯᠡᠵᠦ᠂ ᠰᠢᠭᠤᠳ ᠰᠢᠯᠭᠠᠨ ᠪᠠᠶᠢᠴᠠᠭᠠᠬᠤ ᠵᠡᠷᠭᠡ | ᠠᠷᠭ᠎ᠠ ᠮᠠᠶ᠋ᠢᠭ ᠢ ᠬᠡᠷᠡᠭᠯᠡᠵᠦ ᠡᠯᠰᠡᠨ ᠤᠷᠢᠵᠤ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭ᠎ᠠ | ᠬᠠᠨᠳᠤᠯᠭ᠎ᠠ ᠲᠠᠢ ᠰᠦᠢᠳᠭᠡᠯ ᠬᠤᠷᠢᠶᠠᠬᠤ ᠦᠭᠡᠢ ᠪᠠᠷ ᠬᠦᠮᠦᠵᠢᠭᠦᠯᠦᠭᠰᠡᠨ ᠠᠨᠠᠭᠠᠬᠤ ᠤᠬᠠᠭᠠᠨ ᠤ ᠭᠡᠷ᠎ᠡ ᠪᠠᠨ | ᠭᠦᠢᠴᠡᠳᠭᠡᠭᠰᠡᠨ ᠲᠡᠭᠦᠰᠦᠭᠰᠡᠳ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ | ᠶᠣᠰᠤᠭᠠᠷ ᠴᠠᠭ ᠲᠤᠬᠠᠢ ᠳᠤ ᠨᠢ ᠠᠵᠢᠯ ᠣᠯᠭᠤᠵᠤ ᠲᠦᠪᠬᠢᠨᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽5 + | 3︾ ᠶᠢᠨ ᠵᠠᠭᠪᠤᠷ ᠲᠠᠢ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠵᠦ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠳᠤ ᠣᠴᠢᠵᠤ ᠡᠮᠴᠢᠯᠡᠬᠦ ᠠᠵᠢᠯ ᠡᠷᠬᠢᠯᠡᠭᠰᠡᠨ | ᠶᠡᠷᠦᠩᠬᠡᠢ ᠰᠠᠯᠠᠭᠠᠨ ᠤ ᠡᠮᠴᠢ ᠳᠤ᠂ ︽ᠰᠢᠶᠠᠨ ᠠᠴᠠ ᠬᠠᠮᠢᠶᠠᠷᠴᠤ ᠰᠢᠶᠠᠩ ᠳᠤ ᠬᠡᠷᠡᠭᠯᠡᠬᠦ︾ ︵ᠬᠤᠰᠢᠭᠤ ᠰᠢᠶᠠᠨ ᠤ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠤᠷᠢᠵᠤ ᠬᠡᠷᠡᠭᠯᠡᠬᠦ ᠶᠢ ᠬᠠᠮᠢᠶᠠᠷᠬᠤ᠂ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠡᠷᠡᠭᠯᠡᠬᠦ︶ ᠶᠢ ᠬᠡᠷᠡᠭᠵᠢᠭᠦᠯᠵᠦ ᠪᠣᠯᠣᠨ᠎ᠠ᠃ ︽3 + | 2︾ ᠶᠢᠨ ᠵᠠᠭᠪᠤᠷ ᠲᠠᠢ ᠶᠡᠷᠦᠩᠬᠡᠢ ᠰᠠᠯᠠᠭᠠᠨ ᠤ ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠵᠦ | ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠵᠢᠯᠯᠠᠭᠰᠠᠨ ᠶᠡᠷᠦᠩᠬᠡᠢ ᠰᠠᠯᠠᠭᠠᠨ ᠤ ᠲᠤᠰᠠᠯᠠᠬᠤ | ᠡᠮᠴᠢ ᠳᠤ᠂ ︽ᠰᠢᠶᠠᠩ ᠠᠴᠠ ᠬᠠᠮᠢᠶᠠᠷᠴᠤ ᠲᠤᠰᠬᠤᠨ ᠳᠤ ᠬᠡᠷᠡᠭᠯᠡᠬᠦ︾ ︵ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠨᠢ ᠤᠷᠢᠵᠤ ᠬᠡᠷᠡᠭᠯᠡᠬᠦ ᠶᠢ ᠬᠠᠮᠢᠶᠠᠷᠬᠤ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠬᠡᠷᠡᠭᠯᠡᠬᠦ︶ ᠶᠢ ᠬᠡᠷᠡᠭᠵᠢᠭᠦᠯᠵᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠤᠯᠤᠮᠵᠢ ᠣᠷᠣᠨ ᠲᠤᠭ᠎ᠠ ᠶᠢᠨ | ᠵᠦᠪᠯᠡᠯ ᠤᠨ ᠠᠯᠪᠠᠨ ᠭᠡᠷ᠂ ᠡᠷᠡᠭᠦᠯ ᠬᠠᠮᠠᠭᠠᠯᠠᠯ ᠲᠥᠯᠥᠪᠯᠡᠭᠡᠲᠥ ᠦᠷᠡᠵᠢᠯ ᠤᠨ ᠵᠦᠪᠯᠡᠯ ᠬᠠᠷᠢᠭᠤᠴᠠᠨ᠎ᠠ︶ | ︵ᠨᠠᠢᠮᠠ︶ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠬᠦᠭᠵᠢᠯᠲᠡ ᠶᠢᠨ ᠬᠡᠳᠦ ᠶᠢᠨ | ᠲᠥᠯᠥᠪ ᠶᠢ ᠦᠷᠭᠡᠳᠭᠡᠨ᠎ᠡ᠃ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ ᠤ ᠬᠠᠮᠲᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠴᠢᠯᠡᠬᠦ | ᠠᠵᠢᠯ ᠡᠷᠬᠢᠯᠡᠭᠰᠡᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠶᠡᠷᠦᠩᠬᠡᠢ ᠰᠠᠯᠠᠭᠠᠨ ᠤ ᠡᠮᠴᠢ ᠳᠤ ᠶᠢ | ᠡᠯᠰᠡᠨ ᠤᠷᠢᠬᠤ᠂ ᠮᠡᠷᠭᠡᠵᠢᠯ ᠤᠨ ᠴᠤᠯᠡ ᠳᠡᠪᠰᠢᠬᠦ᠂ ᠠᠵᠢᠯ ᠤᠨ ᠪᠠᠶᠢᠷᠢᠨ ᠳᠤ ᠤᠷᠢᠵᠤ ᠬᠡᠷᠡᠭᠯᠡᠬᠦ ᠵᠡᠷᠭᠡ ᠲᠠᠯ᠎ᠠ ᠪᠠᠷ | ᠡᠮᠴᠢᠯᠡᠭᠡ ᠶᠢᠨ ᠠᠨᠠᠭᠠᠬᠤ ᠤᠬᠠᠭᠠᠨ᠂ ᠮᠣᠩᠭᠤᠯ ᠡᠮᠨᠡᠯᠭᠡ᠂ ᠬᠢᠲᠡᠳ ᠡᠮᠨᠡᠯᠭᠡ ᠶᠢᠨ ᠮᠠᠬᠢᠰᠲ᠋ᠧᠷ ᠤᠨ ᠲᠤᠰᠬᠠᠢ | ᠮᠡᠷᠭᠡᠵᠢᠯ ᠤᠨ ᠡᠷᠳᠡᠮ ᠤᠨ ᠴᠤᠯᠡ ᠲᠠᠢ ᠠᠰᠫᠢᠷᠠᠨᠲ ᠯᠤᠭ᠎ᠠ ᠨᠢᠭᠡ ᠠᠳᠠᠯᠢ ᠪᠠᠷ ᠬᠠᠨᠳᠤᠵᠤ᠂ ᠴᠠᠯᠢᠩ ᠵᠡᠷᠭᠡ ᠬᠠᠮᠢᠶ᠎ᠠ | ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠲᠤᠰᠬᠠᠢ ᠮᠡᠷᠭᠡᠵᠢᠯ ᠤᠨ ᠳᠤᠮᠳᠠ ᠳᠡᠭᠡᠲᠥ | ᠵᠡᠷᠭᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠳᠡᠭᠡᠭᠰᠢᠯᠡᠭᠦᠯᠬᠦ ᠲᠤᠬᠠᠢ ᠬᠤᠯᠪᠣᠭᠳᠠᠯ ᠪᠦᠬᠦᠢ | ᠳᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠬᠠᠮᠲᠤ᠂ ᠶᠡᠷᠦᠩᠬᠡᠢ ᠰᠠᠯᠠᠭᠠᠨ ᠤ | ᠲᠤᠰᠬᠠᠢ ᠮᠡᠷᠭᠡᠵᠢᠯ ᠤᠨ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠪᠠ ᠶᠡᠷᠦᠩᠬᠡᠢ | ᠰᠠᠯᠠᠭᠠᠨ ᠤ ᠲᠤᠰᠬᠠᠢ ᠮᠡᠷᠭᠡᠵᠢᠯ ᠤᠨ ᠲᠤᠰᠬᠠᠢ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠳᠤ ᠬᠠᠷᠠᠭᠠᠯᠵᠠᠯ ᠦᠵᠡᠭᠦᠯᠦᠨ᠎ᠡ᠃ ᠵᠢᠩᠬᠢᠨᠢ ᠠᠩᠭᠢ ᠵᠢᠴᠢ ᠡᠭᠦᠨ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠴᠦ᠂ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠬᠢᠨ | ᠡᠮᠨᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠦᠭᠡᠳ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯᠯᠠᠭᠰᠠᠨ ᠪᠣᠯ᠂ ᠰᠢᠭᠤᠳ ᠳᠤᠮᠳᠠ ᠵᠡᠷᠭᠡ ᠶᠢᠨ | ᠮᠡᠷᠭᠡᠵᠢᠯ ᠤᠨ ᠴᠤᠯᠡ ᠶᠢᠨ ᠰᠢᠯᠭᠠᠯᠲᠠ ᠳᠤ ᠣᠷᠣᠯᠴᠠᠵᠤ᠂ ᠰᠢᠯᠭᠠᠯᠲᠠ ᠪᠠᠷ ᠳᠠᠮᠵᠢᠵᠤ ᠰᠢᠭᠤᠳ ᠳᠤᠮᠳᠠ ᠵᠡᠷᠭᠡ ᠶᠢᠨ | ᠮᠡᠷᠭᠡᠵᠢᠯ ᠤᠨ ᠴᠤᠯᠡ ᠪᠠᠷ ᠤᠷᠢᠨ ᠲᠣᠮᠢᠯᠠᠵᠤ ᠪᠣᠯᠣᠨ᠎ᠠ᠃ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ | ᠡᠮᠴᠢ ᠨᠢ ᠳᠤᠮᠳᠠ ᠵᠡᠷᠭᠡ ᠶᠢᠨ ᠮᠡᠷᠭᠡᠵᠢᠯ ᠤᠨ ᠴᠤᠯᠡ ᠶᠢᠨ ᠰᠢᠯᠭᠠᠯᠲᠠ ᠳᠤ ᠣᠷᠣᠯᠴᠠᠬᠤ ᠪᠣᠶᠤ ᠳᠡᠭᠡᠲᠦ ᠵᠡᠷᠭᠡ ᠶᠢᠨ | ᠮᠡᠷᠭᠡᠵᠢᠯ ᠤᠨ ᠴᠤᠯᠡ ᠭᠤᠶᠤᠴᠢᠯᠠᠨ ᠮᠡᠳᠡᠭᠦᠯᠬᠦ ᠳᠤ᠂ ᠭᠠᠳᠠᠭᠠᠳᠤ ᠬᠡᠯᠡ ᠶᠢᠨ ᠬᠢᠷᠢ ᠪᠦᠲᠦᠮᠵᠢ ᠶᠢ ᠭᠤᠶᠤᠴᠢᠯᠠᠨ | ᠮᠡᠳᠡᠭᠦᠯᠬᠦ ᠨᠦᠬᠦᠴᠡᠯ ᠪᠣᠯᠭᠠᠬᠤ ᠦᠭᠡᠢ ᠪᠠᠶᠢᠵᠤ᠂ ᠦᠭᠦᠯᠡᠯ᠂ ᠡᠷᠳᠡᠮ ᠰᠢᠨᠵᠢᠯᠡᠭᠡ ᠳᠤ ᠴᠢᠩᠭ᠎ᠠ ᠲᠣᠭᠲᠠᠭᠠᠯ | ᠲᠣᠭᠲᠠᠭᠠᠬᠤ ᠦᠭᠡᠢ᠂ ᠭᠤᠣᠯᠳᠠᠭᠤ ᠡᠮᠴᠢᠯᠡᠭᠡ ᠶᠢᠨ ᠠᠵᠢᠯ ᠤᠨ ᠴᠢᠳᠠᠪᠤᠷᠢ ᠶᠢ ᠨᠢ ᠦᠨᠡᠯᠡᠵᠦ᠂ ᠭᠡᠷ᠎ᠡ | ᠲᠣᠭᠲᠠᠭᠠᠭᠰᠠᠨ ᠰᠠᠭᠤᠭᠠᠯᠢ ᠠᠷᠠᠳ ᠤᠨ ᠲᠤᠭ᠎ᠠ᠂ ᠬᠦᠯᠢᠶᠡᠨ ᠠᠪᠴᠤ ᠡᠮᠴᠢᠯᠡᠭᠰᠡᠨ ᠬᠡᠮᠵᠢᠶ᠎ᠡ᠂ ᠦᠢᠯᠡᠴᠢᠯᠡᠭᠰᠡᠨ | ᠴᠢᠨᠠᠷ ᠴᠢᠨᠰᠠᠭ᠎ᠠ᠂ ᠣᠯᠠᠨ ᠲᠦᠮᠡᠨ ᠳᠤ ᠲᠠᠭᠠᠰᠢᠶᠠᠭᠳᠠᠭᠰᠠᠨ ᠬᠡᠮᠵᠢᠶ᠎ᠡ ᠵᠡᠷᠭᠡ ᠶᠢ ᠮᠡᠷᠭᠡᠵᠢᠯ ᠤᠨ ᠴᠤᠯᠡ ᠬᠢᠨᠠᠨ | ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠨ᠎ᠠ︔ ᠳᠡᠭᠡᠲᠦ ᠵᠡᠷᠭᠡ ᠶᠢᠨ ᠮᠡᠷᠭᠡᠵᠢᠯ ᠤᠨ ᠴᠤᠯᠡ ᠭᠤᠶᠤᠴᠢᠯᠠᠨ | ᠮᠡᠳᠡᠭᠦᠯᠪᠡᠯ ᠲᠤᠰᠠᠭᠠᠷ ᠲᠤᠭᠤᠶᠢᠯᠠᠩ ᠬᠤᠪᠢᠶᠠᠵᠤ᠂ ᠲᠤᠰ ᠲᠤᠰ ᠲᠤ ᠨᠢ ᠬᠢᠨᠠᠨ ᠲᠣᠭᠲᠠᠭᠠᠬᠤ ᠶᠢ ᠬᠡᠷᠡᠭᠵᠢᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠬᠠᠷᠢᠭᠤᠴᠠᠨ᠎ᠠ︶ | ︵ᠶᠢᠰᠦ︶ ᠨᠡᠶᠢᠭᠡᠮ ᠤᠨ ᠬᠦᠴᠦᠨ ᠤ ᠬᠢᠨ ᠤ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠡᠷᠬᠢᠯᠡᠬᠦ ᠶᠢ | ᠵᠣᠷᠢᠬᠵᠢᠭᠤᠯᠤᠨ᠎ᠠ᠃ ᠨᠡᠶᠢᠭᠡᠮ ᠠᠴᠠ ᠡᠮᠨᠡᠯᠭᠡ ᠡᠷᠬᠢᠯᠡᠬᠦ ᠶᠢ ᠲᠦᠷᠭᠡᠳᠭᠡᠨ ᠬᠦᠭᠵᠢᠭᠦᠯᠬᠦ ᠶᠢ ᠠᠬᠢᠭᠤᠯᠬᠤ ᠲᠤᠬᠠᠢ | ᠤᠯᠤᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠮᠴᠢᠯᠡᠭᠡ ᠶᠢᠨ | ᠪᠠᠶᠢᠭᠤᠯᠤᠮᠵᠢ ᠶᠢᠨ ᠬᠠᠮᠢᠶ᠎ᠠ ᠪᠦᠬᠦᠢ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠳᠤ ᠪᠠᠨ ᠶᠡᠷᠦᠩᠬᠡᠢ ᠰᠠᠯᠠᠭᠠᠨ ᠤ | ᠡᠮᠴᠢᠯᠡᠬᠦ ᠭᠠᠵᠠᠷ ᠪᠠᠶᠢᠭᠤᠯᠬᠤ ᠶᠢ ᠬᠢᠵᠠᠭᠠᠷᠯᠠᠵᠤ ᠪᠣᠯᠬᠤ ᠦᠭᠡᠢ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠶᠢ | ᠬᠡᠷᠡᠭᠵᠢᠭᠦᠯᠦᠨ᠎ᠡ᠃ ᠨᠦᠬᠦᠴᠡᠯ ᠳᠤ ᠨᠡᠶᠢᠴᠡᠭᠰᠡᠨ ᠶᠡᠷᠦᠩᠬᠡᠢ ᠰᠠᠯᠠᠭᠠᠨ ᠤ ᠡᠮᠴᠢ ᠬᠤᠪᠢ ᠪᠠᠷ ᠢᠶᠠᠨ ᠪᠣᠶᠤ | ᠬᠤᠷᠰᠢᠯᠴᠠᠵᠤ ᠪᠠᠶᠢᠭᠠᠳ ᠬᠤᠲᠠ ᠬᠦᠳᠡᠭᠡ ᠪᠠᠷ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠨᠡᠬᠡᠭᠡᠨ ᠡᠷᠬᠢᠯᠡᠬᠦ ᠶᠢ | ᠳᠡᠮᠵᠢᠵᠦ᠂ ᠰᠠᠭᠤᠭᠠᠯᠢ ᠠᠷᠠᠳ ᠲᠤ ᠣᠶᠢᠷ᠎ᠠ ᠬᠠᠪᠢ ᠳᠤ ᠪᠠᠨ ᠡᠮᠴᠢᠯᠡᠭᠡᠨ ᠡᠷᠡᠭᠦᠯᠵᠢᠯ ᠤᠨ ᠦᠢᠯᠡᠴᠢᠯᠡᠭᠡ ᠬᠦᠷᠲᠡᠬᠦ | ᠪᠣᠯᠭᠠᠨ᠎ᠠ᠃ ᠬᠤᠶᠠᠳᠤᠭᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠬᠠᠷᠢᠶᠠᠯᠠᠭᠳᠠᠬᠤ | ᠲᠣᠭᠤᠷᠢᠭ ᠲᠠᠬᠢ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠯᠤᠭ᠎ᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ | ᠲᠣᠭᠲᠠᠴᠠ ᠪᠠᠶᠢᠭᠤᠯᠬᠤ ᠶᠢ ᠵᠣᠷᠢᠬᠵᠢᠭᠤᠯᠵᠤ᠂ ᠰᠢᠯᠵᠢᠭᠦᠯᠦᠨ ᠡᠮᠨᠡᠬᠦ ᠠᠷᠭ᠎ᠠ ᠵᠠᠮ ᠢ ᠰᠢᠯᠤᠭᠤᠳᠬᠠᠨ᠎ᠠ᠃ | ᠵᠠᠰᠠᠭ ᠤᠨ ᠣᠷᠳᠣᠨ ᠤ ᠬᠢᠨᠠᠠ ᠬᠠᠮᠢᠶᠠᠷᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠬᠢᠭᠡᠳ | ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠨ᠂ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠤᠨ | ᠵᠢᠷᠤᠮᠵᠢᠨ ᠬᠦᠭᠵᠢᠬᠦ ᠶᠢ ᠠᠬᠢᠭᠤᠯᠤᠨ᠎ᠠ᠃ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ ᠪᠣᠰᠤ | ᠴᠢᠨᠠᠷ ᠲᠠᠢ ᠶᠡᠷᠦᠩᠬᠡᠢ ᠰᠠᠯᠠᠭᠠᠨ ᠤ ᠡᠮᠴᠢᠯᠡᠬᠦ ᠭᠠᠵᠠᠷ ᠤᠨ ᠴᠢᠳᠠᠪᠤᠷᠢᠲᠠᠨ ᠬᠦᠮᠦᠵᠢᠭᠦᠯᠬᠦ ᠵᠡᠷᠭᠡ ᠲᠠᠯ᠎ᠠ ᠳᠤ | ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠡᠷᠬᠢᠯᠡᠬᠦ ᠯᠦᠭᠡ ᠨᠢᠭᠡ ᠠᠳᠠᠯᠢ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠵᠤ᠂ ᠲᠡᠳᠡᠨ ᠢ ᠬᠦᠳᠦᠯᠦᠨ ᠵᠢᠯᠣᠭᠤᠳᠴᠦ | ᠪᠠᠶᠢᠭᠠᠳ ᠲᠣᠰ ᠭᠠᠵᠠᠷ ᠤᠨ ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠠᠩᠭᠠᠬᠤ ᠵᠢᠴᠢ ᠵᠠᠰᠠᠭ ᠤᠨ ᠣᠷᠳᠣᠨ ᠤ ᠪᠠᠭᠤᠯᠭᠠᠭᠰᠠᠨ ᠬᠠᠮᠢᠶ᠎ᠠ ᠪᠦᠬᠦᠢ ᠡᠭᠦᠷᠭᠡ ᠶᠢ ᠳᠠᠭᠠᠭᠠᠨ | ᠠᠪᠬᠤ ᠳᠤ ᠣᠷᠣᠯᠴᠠᠭᠤᠯᠬᠤ ᠶᠢᠨ ᠬᠠᠮᠲᠤ᠂ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠪᠠᠨ ᠠᠯᠬᠤᠮ ᠠᠯᠬᠤᠮ ᠢᠶᠠᠷ | ᠦᠷᠭᠡᠳᠭᠡᠨ᠎ᠡ︔ ᠨᠦᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠤᠭᠠᠷ ᠡᠮᠴᠢᠯᠡᠭᠡ ᠶᠢᠨ ᠳᠠᠭᠠᠳᠬᠠᠯ ᠤᠨ | ᠲᠣᠭᠲᠠᠭᠰᠠᠨ ᠴᠡᠭ ᠤᠨ ᠬᠦᠷᠢᠶ᠎ᠡ ᠬᠡᠪᠴᠢᠶᠡᠨ ᠳᠤ ᠣᠷᠤᠭᠤᠯᠤᠨ᠎ᠠ︔ ᠨᠦᠬᠦᠴᠡᠯ ᠪᠦᠷᠢᠯᠳᠦᠭᠰᠡᠨ ᠪᠠᠶᠢᠪᠠᠯ᠂ | ᠶᠡᠷᠦᠩᠬᠡᠢ ᠰᠠᠯᠠᠭᠠᠨ ᠤ ᠡᠮᠴᠢ ᠶᠢᠨ ᠦᠨᠳᠦᠰᠦᠨ ᠱᠠᠲᠤᠨ ᠳᠠᠬᠢ ᠦᠢᠯᠡᠳᠦᠯᠭᠡ ᠬᠢᠬᠦ ᠰᠠᠭᠤᠷᠢᠨ ᠭᠠᠵᠠᠷ ᠢᠶᠠᠷ | ᠲᠣᠭᠲᠠᠭᠠᠵᠤ᠂ ᠶᠡᠷᠦᠩᠬᠡᠢ ᠰᠠᠯᠠᠭᠠᠨ ᠤ ᠡᠮᠴᠢ ᠬᠦᠮᠦᠵᠢᠭᠦᠯᠬᠦ ᠡᠭᠦᠷᠭᠡ ᠶᠢ ᠡᠭᠦᠷᠭᠡᠯᠡᠭᠦᠯᠦᠨ᠎ᠡ᠃ ᠶᠡᠷᠦᠩᠬᠡᠢ | ᠰᠠᠯᠠᠭᠠᠨ ᠤ ᠡᠮᠴᠢᠯᠡᠬᠦ ᠭᠠᠵᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ | ᠵᠡᠷᠭᠡ ᠬᠦᠭᠵᠢᠯᠲᠡ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠳᠤ᠂ ᠨᠦᠬᠦᠴᠡᠯ ᠲᠠᠢ ᠭᠠᠵᠠᠷ ᠣᠷᠣᠨ ᠨᠢ ᠡᠳ᠋ ᠤᠨ | ᠵᠠᠰᠠᠭ ᠤᠨ ᠨᠦᠬᠦᠪᠦᠷᠢ ᠵᠡᠷᠭᠡ ᠠᠷᠭ᠎ᠠ ᠮᠠᠶ᠋ᠢᠭ ᠢᠶᠠᠷ ᠵᠣᠬᠢᠬᠤ ᠬᠡᠮᠵᠢᠶᠡᠨ ᠤ ᠳᠡᠮᠵᠢᠯᠭᠡ ᠦᠵᠡᠭᠦᠯᠵᠦ ᠪᠣᠯᠣᠨ᠎ᠠ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | ︵ᠠᠷᠪᠠ︶ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠥᠩᠭᠡ ᠭᠡᠷᠡᠯᠲᠦ ᠰᠡᠳᠭᠢᠭᠳᠡᠯ ᠢ ᠨᠢ | ᠴᠢᠩᠭᠠᠷᠠᠭᠤᠯᠤᠨ᠎ᠠ᠃ ᠤᠶᠤᠨ ᠤ ᠲᠠᠯ᠎ᠠ ᠪᠠᠷ ᠱᠠᠩᠨᠠᠨ ᠬᠦᠬᠢᠭᠦᠯᠬᠦ ᠪᠠ ᠪᠣᠳᠠᠰ ᠶᠢᠨ ᠲᠠᠯ᠎ᠠ ᠪᠠᠷ ᠱᠠᠩᠨᠠᠨ | ᠬᠦᠬᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠱᠠᠩᠨᠠᠨ ᠬᠦᠬᠢᠭᠦᠯᠬᠦ ᠪᠠᠷ ᠤᠳᠤᠷᠢᠳᠤᠮᠵᠢ | ᠪᠣᠯᠭᠠᠬᠤ᠂ ᠨᠢᠭᠡᠴᠢ ᠶᠢᠨ ᠬᠢᠨ ᠤ ᠱᠠᠩᠨᠠᠨ ᠬᠦᠬᠢᠭᠦᠯᠬᠦ ᠪᠠᠷ ᠭᠤᠣᠯ ᠴᠣᠭᠴᠠ ᠪᠣᠯᠭᠠᠬᠤ᠂ ᠨᠡᠶᠢᠭᠡᠮ ᠤᠨ ᠬᠢᠨ ᠤ | ᠱᠠᠩᠨᠠᠨ ᠬᠦᠬᠢᠭᠦᠯᠬᠦ ᠪᠠᠷ ᠨᠥᠬᠦᠪᠦᠷᠢᠯᠡᠬᠦ ᠮᠡᠲᠦ ᠶᠢᠨ ᠶᠡᠷᠦᠩᠬᠡᠢ ᠰᠠᠯᠠᠭᠠᠨ ᠤ ᠡᠮᠴᠢ ᠶᠢ ᠱᠠᠩᠨᠠᠨ ᠬᠦᠬᠢᠭᠦᠯᠬᠦ | ᠠᠷᠭ᠎ᠠ ᠶᠢ ᠬᠡᠷᠡᠭᠵᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠮᠡᠷᠭᠡᠵᠢᠯ ᠤᠨ ᠥᠩᠭᠡ ᠭᠡᠷᠡᠯᠲᠦ ᠰᠡᠳᠭᠢᠭᠳᠡᠯ | ᠪᠠ ᠨᠡᠶᠢᠭᠡᠮ ᠤᠨ ᠪᠠᠶᠢᠷᠢ ᠰᠠᠭᠤᠷᠢ ᠶᠢ ᠨᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠳᠤ ᠤᠷᠲᠤ | ᠬᠤᠭᠤᠴᠠᠭ᠎ᠠ ᠪᠠᠷ ᠨᠤᠲᠤᠭᠰᠢᠨ᠂ ᠳᠣᠪᠤᠶᠢᠮ᠎ᠡ ᠬᠤᠪᠢ ᠨᠡᠮᠡᠷᠢ ᠦᠵᠡᠭᠦᠯᠦᠭᠰᠡᠨ ᠶᠡᠷᠦᠩᠬᠡᠢ ᠰᠠᠯᠠᠭᠠᠨ ᠤ ᠡᠮᠴᠢ ᠶᠢ | ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠰᠠᠶᠢᠰᠢᠶᠠᠨ ᠬᠦᠬᠢᠭᠦᠯᠵᠦ ᠱᠠᠩᠨᠠᠨ᠎ᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠣᠨᠴᠠ ᠨᠡᠮᠡᠭᠦᠷᠢ ᠮᠦᠩᠭᠦ ᠶᠢ ᠬᠦᠷᠲᠡᠵᠦ ᠪᠠᠶᠢᠭ᠎ᠠ ᠬᠦᠮᠦᠰ ᠪᠠ ᠪᠦᠬᠦ ᠤᠯᠤᠰ᠂ ᠪᠦᠬᠦ ᠣᠷᠣᠨ ᠤ | ᠭᠠᠷᠮᠠᠭᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠲᠡᠷᠢᠭᠦᠨ ᠤ ᠠᠵᠢᠯᠲᠡᠨ᠂ ︽5.1︾ ᠤ ᠬᠦᠳᠡᠯᠮᠦᠷᠢ ᠶᠢᠨ | ᠮᠧᠳᠠᠯ᠂ ᠡᠪ ᠬᠠᠮᠲᠤ ᠨᠠᠮ ᠤᠨ ᠰᠢᠯᠢᠳᠡᠭ ᠭᠡᠰᠢᠭᠦᠨ ᠢᠶᠠᠷ ᠳᠡᠪᠰᠢᠭᠦᠯᠦᠨ ᠰᠣᠩᠭᠤᠬᠤ ᠵᠡᠷᠭᠡ ᠰᠢᠯᠭᠠᠷᠠᠭᠤᠯᠬᠤ | ᠠᠵᠢᠯ ᠢ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠲᠠᠶᠢᠰᠢ ᠬᠡᠯᠪᠠᠶᠢᠯᠭᠡᠨ᠎ᠡ᠃ ᠡᠯ᠎ᠡ ᠭᠠᠵᠠᠷ ᠣᠷᠣᠨ ᠢ | ᠵᠣᠷᠢᠬᠵᠢᠭᠤᠯᠵᠤ ᠪᠠᠶᠢᠭᠠᠳ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠶᠡᠷᠦᠩᠬᠡᠢ ᠰᠠᠯᠠᠭᠠᠨ ᠤ ᠡᠮᠴᠢ ᠶᠢ | ᠰᠠᠶᠢᠰᠢᠶᠠᠨ ᠬᠦᠬᠢᠭᠦᠯᠵᠦ ᠱᠠᠩᠨᠠᠬᠤ ᠠᠵᠢᠯ ᠢ ᠦᠷᠨᠢᠭᠦᠯᠦᠨ᠎ᠡ᠃ ᠶᠡᠷᠦᠩᠬᠡᠢ ᠰᠠᠯᠠᠭᠠᠨ ᠤ ᠤᠷ᠎ᠠ ᠴᠢᠳᠠᠪᠤᠷᠢ ᠶᠢᠨ | ᠮᠥᠷᠦ᠋ᠢᠴᠡᠭᠡᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠶᠡᠷᠦᠩᠬᠡᠢ ᠰᠠᠯᠠᠭᠠᠨ ᠤ ᠰᠢᠯᠢᠳᠡᠭ | ᠡᠮᠴᠢ ᠶᠢ ᠵᠣᠬᠢᠬᠤ ᠬᠡᠮᠵᠢᠶ᠎ᠡ ᠪᠠᠷ ᠱᠠᠩᠨᠠᠨ ᠬᠦᠬᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠦᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠡᠳ᠋ ᠤᠨ | ᠵᠠᠰᠠᠭ ᠤᠨ ᠲᠢᠩᠬᠢᠮ ᠬᠠᠷᠢᠭᠤᠴᠠᠨ᠎ᠠ︶ | ︵ᠠᠷᠪᠠᠨ ᠨᠢᠭᠡ︶ ᠶᠠᠳᠠᠭᠤ ᠬᠦᠴᠢᠷᠳᠡᠯᠲᠡᠢ ᠭᠠᠵᠠᠷ ᠣᠷᠣᠨ ᠳᠠᠬᠢ ᠶᠡᠷᠦᠩᠬᠡᠢ ᠰᠠᠯᠠᠭᠠᠨ ᠤ ᠡᠮᠴᠢ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠶᠠᠳᠠᠭᠤ ᠬᠦᠴᠢᠷᠳᠡᠯᠲᠡᠢ᠂ ᠬᠢᠯᠢ ᠬᠢᠵᠠᠭᠠᠷ᠂ ︽ᠭᠤᠷᠪᠠᠨ | ᠴᠦᠬᠡᠨ ᠲᠣᠭᠠᠲᠤ ᠦᠨᠳᠦᠰᠦᠲᠡᠨ︾ ᠤ ᠭᠠᠵᠠᠷ ᠣᠷᠣᠨ ᠳᠠᠬᠢ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢ | ᠲᠥᠷᠭᠡᠬᠡᠨ ᠪᠣᠵᠠᠭᠠᠶᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠵᠠᠬᠢᠶᠠᠯᠠᠭ᠎ᠠ ᠬᠠᠨᠳᠤᠯᠭ᠎ᠠ ᠲᠠᠢ ᠠᠨᠠᠭᠠᠬᠤ | ᠤᠬᠠᠭᠠᠨ ᠤ ᠰᠤᠷᠤᠭᠴᠢ ᠶᠢ ᠰᠦᠢᠳᠭᠡᠯ ᠬᠤᠷᠢᠶᠠᠬᠤ ᠦᠭᠡᠢ ᠬᠦᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠦᠨᠳᠦᠷ | ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠠᠨᠠᠭᠠᠬᠤ ᠶᠢᠨ ᠰᠤᠷᠤᠭᠴᠢ ᠶᠢ ᠵᠠᠬᠢᠶᠠᠯᠠᠭ᠎ᠠ | ᠬᠠᠨᠳᠤᠯᠭ᠎ᠠ ᠲᠠᠢ ᠰᠦᠢᠳᠭᠡᠯ ᠬᠤᠷᠢᠶᠠᠬᠤ ᠦᠭᠡᠢ ᠪᠠᠷ ᠬᠦᠮᠦᠵᠢᠭᠦᠯᠵᠦ᠂ ᠲᠡᠭᠦᠰᠦᠭᠰᠡᠳ ᠨᠢ ᠶᠡᠷᠦᠩᠬᠡᠢ ᠰᠠᠯᠠᠭᠠᠨ ᠤ | ᠲᠤᠰᠠᠯᠠᠬᠤ ᠡᠮᠴᠢ ᠶᠢᠨ ᠪᠣᠯᠪᠠᠰᠤᠷᠠᠯ ᠳᠤ ᠬᠢᠷᠢ ᠲᠡᠩᠴᠡᠭᠰᠡᠨ ᠤ ᠳᠠᠷᠠᠭ᠎ᠠ᠂ ᠭᠤᠣᠯᠳᠠᠯᠭ᠎ᠠ ᠲᠠᠢ ᠪᠠᠷ ᠶᠠᠳᠠᠭᠤ | ᠬᠦᠴᠢᠷᠲᠡᠯᠲᠡᠢ᠂ ᠬᠢᠯᠢ ᠬᠢᠵᠠᠭᠠᠷ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ ᠭᠠᠵᠠᠷ ᠣᠷᠣᠨ ᠳᠠᠬᠢ | ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠣᠨ ᠬᠦᠴᠢᠷ ᠪᠡᠷᠬᠡᠰᠢᠶᠡᠯᠲᠡᠢ ᠬᠢᠯᠢ ᠬᠢᠵᠠᠭᠠᠷ ᠪᠤᠶᠢᠲᠠ | ᠪᠦᠭᠯᠡᠭᠦᠦ ᠭᠠᠵᠠᠷ ᠣᠷᠣᠨ ᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠡᠨ ᠢ | ᠨᠦᠬᠦᠪᠦᠷᠢᠯᠡᠨ᠎ᠡ᠃ ᠠᠯᠤᠰ ᠰᠤᠷᠭᠠᠨ ᠬᠦᠮᠦᠵᠢᠯ ᠵᠡᠷᠭᠡ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ | ᠠᠰᠢᠭᠯᠠᠵᠤ᠂ ᠶᠠᠳᠠᠭᠤ ᠬᠦᠴᠢᠷᠳᠡᠯᠲᠡᠢ᠂ ᠬᠢᠯᠢ ᠬᠢᠵᠠᠭᠠᠷ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ | ᠭᠠᠵᠠᠷ ᠣᠷᠣᠨ ᠳᠤ ᠬᠠᠨᠳᠤᠭᠤᠯᠵᠤ ᠤᠯᠤᠰ ᠤᠨ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠦᠮᠦᠵᠢᠯ ᠤᠨ | ᠲᠥᠷᠥᠯ ᠵᠦᠢᠯ ᠢ ᠰᠦᠢᠳᠭᠡᠯ ᠬᠤᠷᠢᠶᠠᠬᠤ ᠦᠭᠡᠢ ᠪᠠᠷ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠰᠲ᠋ᠧᠮ ᠢᠶᠠᠷ ᠬᠠᠪᠰᠤᠷᠤᠨ ᠳᠡᠮᠵᠢᠬᠦ ᠡᠷᠴᠢᠮ ᠢᠶᠠᠨ ᠴᠢᠩᠭᠠᠳᠬᠠᠵᠤ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠯᠤᠰ | ᠰᠤᠷᠭᠠᠨ ᠬᠦᠮᠦᠵᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠪᠠᠶᠢᠭᠠᠳ ᠦᠨᠳᠦᠰᠦᠨ ᠱᠠᠲᠤᠨ ᠳᠤ ᠮᠡᠷᠭᠡᠵᠢᠯ ᠤᠨ | ᠵᠢᠯᠣᠭᠤᠳᠤᠯᠭ᠎ᠠ ᠪᠠ ᠪᠣᠯᠪᠠᠰᠤᠷᠠᠭᠤᠯᠤᠯ ᠬᠢᠬᠦ ᠶᠢ ᠴᠢᠩᠭᠠᠳᠬᠠᠨ᠎ᠠ᠃ | ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠤᠭᠠᠷ᠂ ᠶᠡᠷᠦᠩᠬᠡᠢ ᠰᠠᠯᠠᠭᠠᠨ ᠤ | ᠡᠮᠴᠢ ᠶᠢᠨ ᠲᠠᠯ᠎ᠠ ᠪᠠᠷ ᠬᠢ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠲᠠᠢ ᠲᠤᠷᠰᠢᠯᠲᠠ ᠶᠢᠨ ᠴᠡᠭ ᠤᠨ | ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ | ᠦᠷᠭᠡᠳᠭᠡᠨ᠂ 2020 ᠣᠨ ᠪᠣᠯᠬᠤ ᠳᠤ᠂ ᠬᠢᠯᠢ ᠬᠢᠵᠠᠭᠠᠷ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ | ᠭᠠᠵᠠᠷ ᠣᠷᠣᠨ ᠳᠠᠬᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠲᠤᠷᠰᠢᠯᠲᠠ ᠶᠢᠨ | ᠴᠡᠭ ᠤᠨ ᠬᠦᠷᠢᠶ᠎ᠡ ᠬᠡᠪᠴᠢᠶ᠎ᠡ ᠳᠤ ᠠᠯᠬᠤᠮ ᠠᠯᠬᠤᠮ ᠢᠶᠠᠷ ᠣᠷᠤᠭᠤᠯᠵᠤ᠂ ᠬᠡᠷᠡᠭᠯᠡᠬᠦ ᠪᠡᠯᠡ ᠮᠦᠩᠭᠦ ᠶᠢ ᠲᠥᠪ ᠤᠨ | ᠡᠳ᠋ ᠤᠨ ᠵᠠᠰᠠᠭ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠲᠤ ᠳᠤ ᠪᠠᠨ ᠡᠭᠦᠷᠭᠡᠯᠡᠬᠦ ᠶᠢᠨ | ᠬᠠᠮᠲᠤ ᠨᠥᠬᠦᠪᠦᠷᠢᠯᠡᠬᠦ ᠪᠠᠷᠢᠮᠵᠢᠶ᠎ᠠ ᠶᠢ ᠵᠣᠬᠢᠰᠲᠠᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠰᠠᠯᠠᠭᠠᠨ ᠤ ᠡᠮᠴᠢ ᠶᠢᠨ | ᠲᠠᠯ᠎ᠠ ᠪᠠᠷ ᠬᠢ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠶᠢ ᠴᠠᠭ ᠲᠤ ᠨᠢ ᠲᠣᠬᠢᠷᠠᠭᠤᠯᠤᠨ ᠡᠬᠢᠯᠡᠭᠦᠯᠵᠦ᠂ | ᠰᠢᠯᠢᠳᠡᠭ ᠴᠢᠳᠠᠪᠤᠷᠢᠲᠠᠳ ᠦᠨᠳᠦᠰᠦᠨ ᠱᠠᠲᠤᠨ ᠳᠤ ᠣᠴᠢᠬᠤ ᠶᠢ ᠬᠦᠳᠦᠯᠦᠨ ᠵᠢᠯᠣᠭᠤᠳᠬᠤ ᠪᠠ | ᠵᠣᠷᠢᠬᠵᠢᠭᠤᠯᠤᠨ᠎ᠠ᠃ | ᠮᠡᠷᠭᠡᠵᠢᠯ ᠤᠨ ᠴᠤᠯᠡ ᠳᠡᠪᠰᠢᠭᠦᠯᠬᠦ ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠢ᠂ ᠬᠢᠯᠢ ᠬᠢᠵᠠᠭᠠᠷ᠂ | ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ ᠭᠠᠵᠠᠷ ᠣᠷᠣᠨ ᠳᠠᠬᠢ ᠶᠡᠷᠦᠩᠬᠡᠢ ᠰᠠᠯᠠᠭᠠᠨ ᠤ ᠡᠮᠴᠢ ᠲᠠᠶᠢᠰᠢ | ᠤᠯᠠᠮ ᠨᠢᠭᠡ ᠠᠯᠬᠤᠮ ᠬᠡᠯᠪᠠᠶᠢᠯᠭᠡᠨ᠎ᠡ᠃ ᠶᠠᠳᠠᠭᠤ ᠬᠦᠴᠢᠷᠲᠡᠯᠲᠡᠢ᠂ ᠬᠢᠯᠢ ᠬᠢᠵᠠᠭᠠᠷ᠂ ︽ᠭᠤᠷᠪᠠᠨ ᠴᠦᠬᠡᠨ | ᠲᠣᠭᠠᠲᠤ ᠦᠨᠳᠦᠰᠦᠲᠡᠨ︾ ᠤ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠳᠤ ᠤᠷᠲᠤ ᠬᠤᠭᠤᠴᠠᠭ᠎ᠠ ᠪᠠᠷ | ᠨᠤᠲᠤᠭᠰᠢᠯᠠᠨ ᠠᠵᠢᠯᠯᠠᠵᠤ ᠪᠠᠶᠢᠭ᠎ᠠ ᠶᠡᠷᠦᠩᠬᠡᠢ ᠰᠠᠯᠠᠭᠠᠨ ᠤ ᠡᠮᠴᠢ ᠶᠢ ᠰᠤᠷᠤᠯᠭ᠎ᠠ ᠶᠢᠨ ᠨᠠᠮᠲᠠᠷ ᠵᠡᠷᠭᠡ ᠳᠤ | ᠬᠢᠵᠠᠭᠠᠷᠯᠠᠭᠳᠠᠬᠤ ᠥᠭᠡᠢ ᠪᠠᠷ ᠱᠠᠲᠤ ᠠᠯᠭᠠᠰᠠᠭᠤᠯᠤᠨ ᠮᠡᠷᠭᠡᠵᠢᠯ ᠤᠨ ᠴᠤᠯᠡ ᠶᠢ ᠨᠢ ᠳᠡᠪᠰᠢᠭᠦᠯᠵᠦ ᠪᠣᠯᠣᠨ᠎ᠠ᠃ | ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯ ᠤᠨ ᠰᠠᠬᠢᠨ ᠡᠮᠨᠡᠬᠦ ᠡᠮᠴᠢ ᠶᠢᠨ ᠵᠢᠷᠤᠮᠵᠢᠭᠤᠯᠤᠭᠰᠠᠨ | ᠪᠣᠯᠪᠠᠰᠤᠷᠠᠭᠤᠯᠤᠯ ᠳᠤ ᠬᠢᠷᠢ ᠲᠡᠩᠴᠡᠵᠦ᠂ ᠲᠣᠮᠳᠠ ᠵᠡᠷᠭᠡ ᠶᠢᠨ ᠮᠡᠷᠭᠡᠵᠢᠯ ᠤᠨ ᠴᠤᠯᠡ ᠣᠯᠣᠭᠰᠠᠨ ᠤ ᠳᠠᠷᠠᠭ᠎ᠠ | ᠶᠠᠳᠠᠭᠤ ᠬᠦᠴᠢᠷᠳᠡᠯᠲᠡᠢ᠂ ᠬᠢᠯᠢ ᠬᠢᠵᠠᠭᠠᠷ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ ᠭᠠᠵᠠᠷ | ᠣᠷᠣᠨ ᠤ ᠮᠠᠯᠵᠢᠬᠤ ᠲᠠᠷᠢᠶᠠᠯᠠᠬᠤ ᠣᠷᠣᠨ ᠳᠤ ᠪᠦᠬᠦᠯᠢ 10 ᠵᠢᠯ ᠵᠠᠯᠭᠠᠭ᠎ᠠ ᠪᠠᠷ ᠠᠵᠢᠯᠯᠠᠭᠰᠠᠨ ᠪᠣᠯ᠂ ᠮᠡᠷᠭᠡᠵᠢᠯ ᠤᠨ | ᠴᠤᠯᠡ ᠬᠢᠨᠠᠨ ᠲᠣᠭᠲᠠᠭᠠᠬᠤ ᠵᠦᠪᠯᠡᠯ ᠢᠶᠠᠷ ᠰᠢᠯᠭᠠᠨ ᠬᠢᠨᠠᠵᠤ ᠮᠠᠭᠠᠳᠯᠠᠨ ᠲᠣᠭᠲᠠᠭᠠᠯᠭᠠᠬᠤ ᠪᠠᠷ ᠳᠠᠮᠵᠢᠵᠤ᠂ | ᠦᠨᠳᠦᠰᠦᠨ ᠱᠠᠲᠤᠨ ᠤ ᠳᠡᠳ᠋ ᠳᠡᠭᠡᠲᠥ ᠵᠡᠷᠭᠡ ᠶᠢᠨ ᠮᠡᠷᠭᠡᠵᠢᠯ ᠤᠨ ᠴᠤᠯᠡ ᠣᠯᠭᠤᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠷᠢᠵᠤ ᠲᠣᠮᠢᠯᠠᠬᠤ ᠪᠠᠷ ᠬᠢᠵᠠᠭᠠᠷᠯᠠᠨ᠎ᠠ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠳᠡᠭᠡᠲᠥ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠰᠢᠯᠵᠢᠨ ᠶᠠᠪᠤᠬᠤ ᠳᠤ᠂ ᠮᠣᠵᠢ ︵ᠣᠷᠣᠨ᠂ ᠬᠤᠲᠠ︶ ᠶᠢᠨ ᠨᠢᠭᠡᠳᠦᠯᠲᠡᠢ | ᠵᠦᠪᠰᠢᠶᠡᠷᠡᠨ ᠠᠵᠢᠯᠯᠠᠭᠤᠯᠬᠤ ᠲᠡᠭᠡᠲᠦ ᠵᠡᠷᠭᠡ ᠶᠢᠨ ᠮᠡᠷᠭᠡᠵᠢᠯ ᠤᠨ ᠴᠤᠯᠡ ᠲᠠᠢ ᠪᠣᠯᠣᠭᠰᠠᠨ ᠪᠠᠶᠢᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠶᠠᠳᠠᠭᠤ ᠶᠢ | ᠳᠡᠳᠬᠦᠬᠦ ᠠᠵᠢᠯ ᠤᠨ ᠠᠯᠪᠠᠨ ᠭᠡᠷ᠂ ᠰᠤᠷᠭᠠᠨ ᠬᠦᠮᠦᠵᠢᠯ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | ᠭᠤᠷᠪᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠶᠢᠨ | ᠤᠷᠮᠠᠰᠢᠭᠤᠯᠬᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠲᠡᠭᠦᠨ ᠢ ᠡᠷᠡᠬᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠷᠡᠭᠦᠯ ᠡᠩᠬᠡ ᠪᠠᠷ ᠶᠠᠳᠠᠭᠤ ᠠᠴᠠ | ᠠᠩᠭᠢᠵᠢᠷᠠᠭᠤᠯᠬᠤ᠂ ᠰᠤᠷᠭᠠᠨ ᠬᠦᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢᠨ ᠵᠠᠩᠭᠢᠯᠠᠭ᠎ᠠ ᠪᠣᠯᠬᠤ | ᠭᠤᠭᠴᠤᠭ᠎ᠠ ᠪᠠ ᠴᠢᠬᠤᠯᠠ ᠶᠡᠭᠡ ᠡᠭᠦᠷᠭᠡ ᠪᠣᠯᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠶᠢ ᠥᠨᠡᠨ ᠬᠦ | ᠴᠢᠩᠭᠠᠳᠬᠠᠵᠤ᠂ ᠰᠠᠯᠠᠭ᠎ᠠ ᠮᠦᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠪᠠᠷᠢᠯ ᠤᠨ ᠪᠣᠳᠠᠲᠠᠶᠢᠵᠢᠨ | ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ 2018 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠡᠯ᠎ᠡ ᠠᠶᠢᠮᠠᠭ ᠬᠤᠲᠠ ᠨᠢ ᠲᠤᠰ ᠰᠠᠨᠠᠯ ᠤᠨ ᠵᠣᠷᠢᠭ ᠰᠠᠨᠠᠭ᠎ᠠ ᠪᠠᠷ ᠲᠣᠰ ᠭᠠᠵᠠᠷ ᠣᠷᠣᠨ ᠤ ᠪᠠᠨ | ᠪᠣᠳᠠᠲᠠᠢ ᠲᠠᠢ ᠤᠶᠠᠯᠳᠤᠭᠤᠯᠤᠨ᠂ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠬᠤ ᠬᠡᠷᠡᠭᠲᠡᠢ᠃ | ︵ᠬᠤᠶᠠᠷ︶ ᠡᠮᠴᠢᠯᠡᠭᠡ ᠶᠢᠨ ᠳᠠᠭᠠᠳᠬᠠᠯ ᠤᠨ ᠮᠦᠩᠭᠦ ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠲᠥᠰᠢᠭᠯᠡᠵᠦ ᠡᠭᠦᠳᠡᠨ ᠡᠮᠨᠡᠯᠭᠡ ᠶᠢᠨ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠬᠦᠮᠦᠨ ᠤ ᠲᠤᠭ᠎ᠠ ᠪᠠᠷ ᠨᠢ | ᠮᠦᠩᠭᠦ ᠲᠥᠯᠥᠬᠦ ᠶᠢ ᠬᠡᠷᠡᠭᠵᠢᠭᠦᠯᠦᠨ᠂ ᠨᠦᠬᠦᠴᠡᠯ ᠲᠠᠢ ᠭᠠᠵᠠᠷ ᠣᠷᠣᠨ ᠨᠢ ᠭᠡᠷ᠎ᠡ ᠲᠣᠭᠲᠠᠭᠰᠠᠨ ᠰᠠᠭᠤᠭᠠᠯᠢ | ᠠᠷᠠᠳ ᠤᠨ ᠡᠭᠦᠳᠡᠨ ᠡᠮᠨᠡᠯᠭᠡ ᠶᠢᠨ ᠰᠠᠭᠤᠷᠢ ᠮᠦᠩᠭᠦ ᠶᠢ ᠬᠦᠮᠦᠨ ᠤ ᠲᠤᠭ᠎ᠠ ᠪᠠᠷ ᠨᠢ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠶᠤ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ | ᠲᠤᠰᠢᠶᠠᠨ ᠥᠭᠬᠦ ᠶᠢ ᠰᠦᠪᠡᠭᠴᠢᠯᠡᠵᠦ ᠪᠣᠯᠤᠨ᠎ᠠ᠂ ᠦᠨᠳᠦᠰᠦᠨ ᠱᠠᠲᠤ ᠠᠴᠠ ᠡᠮᠨᠡᠯᠭᠡ ᠶᠢᠨ ᠬᠤᠷᠢᠶ᠎ᠠ ᠳᠤ | ᠡᠮᠴᠢᠯᠡᠭᠦᠯᠬᠦ ᠪᠠᠷ ᠰᠢᠯᠵᠢᠭᠰᠡᠨ ᠡᠪᠡᠳᠴᠢᠲᠡᠨ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠣᠶᠤ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠠᠴᠠ ᠵᠣᠬᠢᠬᠤ ᠬᠡᠮᠵᠢᠶᠡᠨ ᠤ ᠰᠢᠯᠵᠢᠨ | ᠡᠮᠴᠢᠯᠡᠭᠦᠯᠦᠭᠰᠡᠨ ᠵᠠᠷᠤᠳᠠᠯ ᠥᠭᠬᠦ ᠬᠡᠷᠡᠭᠲᠡᠢ᠃ ᠳᠠᠪᠰᠢᠩᠭᠤᠢ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ | ᠲᠣᠯᠢᠳᠠᠵᠤ᠂ ᠳᠡᠭᠡᠲᠦ ᠳᠣᠣᠷᠠᠲᠤ ᠱᠠᠲᠤ ᠪᠠᠷ ᠬᠤᠷᠰᠢᠯᠴᠠᠬᠤ ᠡᠮᠴᠢᠯᠡᠭᠡᠨ ᠤ ᠬᠤᠯᠪᠣᠭᠠᠲᠤ ᠴᠣᠭᠴᠠ ᠵᠡᠷᠭᠡ ᠠᠵᠢᠯ | ᠬᠤᠪᠢᠶᠠᠷᠢᠯᠠᠨ ᠬᠠᠮᠵᠢᠯᠴᠠᠬᠤ ᠵᠠᠭᠪᠣᠷ ᠲᠤ ᠡᠮᠴᠢᠯᠡᠭᠡᠨ ᠤ ᠳᠠᠭᠠᠳᠬᠠᠯ ᠤᠨ ᠪᠦᠬᠦ ᠲᠤᠭ᠎ᠠ ᠪᠠᠷ ᠮᠦᠩᠭᠦ ᠲᠥᠯᠥᠬᠦ ᠶᠢ | ᠬᠡᠷᠡᠭᠵᠢᠭᠦᠯᠬᠦ ᠶᠢᠨ ᠬᠠᠮᠲᠤ᠂ ᠰᠢᠯᠭᠠᠨ ᠬᠢᠨᠠᠬᠤ ᠶᠢ ᠴᠢᠩᠭᠠᠳᠬᠠᠨ᠂ ᠳᠡᠭᠡᠲᠦ ᠳᠣᠣᠷᠠᠲᠤ ᠬᠤᠶᠠᠷ ᠱᠠᠲᠤ ᠲᠠᠶᠢᠰᠢ ᠪᠠᠨ | ᠰᠢᠯᠵᠢᠭᠦᠯᠦᠨ ᠡᠮᠴᠢᠯᠡᠬᠦ ᠶᠢ ᠵᠦᠢ ᠵᠣᠬᠢᠰᠲᠠᠢ ᠬᠦᠳᠦᠯᠦᠨ ᠵᠢᠯᠣᠭᠤᠳᠴᠦ᠂ ᠡᠮᠴᠢᠯᠡᠭᠡ ᠶᠢᠨ ᠳᠠᠭᠠᠳᠬᠠᠯ ᠤᠨ ᠵᠠᠷᠤᠳᠠᠯ | ᠡᠵᠡᠮᠰᠢᠬᠦ ᠲᠠᠯ᠎ᠠ ᠳᠠᠬᠢ ᠶᠡᠷᠦᠩᠬᠡᠢ ᠰᠠᠯᠠᠭᠠᠨ ᠤ ᠡᠮᠴᠢ ᠪᠠ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ︽ | ᠡᠭᠦᠳᠡ ᠰᠠᠬᠢᠬᠴᠢ︾ ᠶᠢᠨ ᠦᠢᠯᠡᠳᠦᠯ ᠢ ᠨᠢ ᠪᠠᠳᠠᠷᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠡᠪᠡᠳᠴᠢᠨ ᠢ ᠡᠮᠨᠡᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠡᠷᠡᠭᠦᠯ ᠮᠡᠨᠳᠦ ᠪᠠᠷ ᠭᠤᠣᠯ ᠪᠣᠯᠭᠠᠬᠤ ᠲᠠᠶᠢᠰᠢ | ᠬᠤᠪᠢᠷᠠᠭᠠᠬᠤ ᠶᠢ ᠠᠬᠢᠭᠤᠯᠤᠨ᠎ᠠ᠃ | ︵ᠭᠤᠷᠪᠠ︶ ᠵᠠᠷᠤᠳᠠᠯ ᠢ ᠪᠠᠲᠤᠯᠠᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠨᠢ | ᠣᠷᠤᠭᠤᠯᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠣᠷᠤᠭᠤᠯᠬᠤ᠂ | ᠨᠢᠭᠡᠴᠢ ᠪᠣᠯᠣᠨ ᠰᠠᠭᠤᠷᠢᠨ ᠭᠠᠵᠠᠷ ᠨᠢ ᠥᠪᠡᠰᠦᠪᠡᠨ ᠴᠤᠭᠯᠠᠭᠤᠯᠬᠤ᠂ ᠨᠡᠶᠢᠭᠡᠮ ᠤᠨ ᠬᠢᠨ ᠤ ᠳᠡᠳᠭᠦᠭᠦ ᠵᠡᠷᠭᠡ ᠣᠯᠠᠨ | ᠠᠷᠭ᠎ᠠ ᠵᠠᠮ ᠢᠶᠠᠷ ᠪᠡᠯᠡ ᠴᠤᠭᠯᠠᠭᠤᠯᠵᠤ᠂ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠬᠢᠭᠡᠳ ᠬᠡᠷᠡᠭᠯᠡᠨ | ᠤᠷᠮᠠᠰᠢᠭᠤᠯᠬᠤ ᠳᠤ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠯ᠎ᠡ ᠵᠦᠢᠯ ᠤᠨ ᠨᠦᠬᠦᠪᠦᠷᠢ | ᠵᠠᠷᠤᠳᠠᠯ ᠤᠨ ᠲᠤᠰᠬᠠᠢ ᠵᠣᠭᠤᠰ ᠢ ᠲᠤᠰᠬᠠᠶᠢᠯᠠᠨ ᠬᠡᠷᠡᠭᠯᠡᠵᠦ᠂ ᠲᠠᠰᠤᠳᠠᠨ ᠥᠯᠡᠳᠡᠭᠡᠬᠦ᠂ ᠨᠡᠭᠦᠯᠭᠡᠨ ᠬᠡᠷᠡᠭᠯᠡᠬᠦ ᠪᠠ | ᠰᠢᠬᠠᠨ ᠡᠵᠡᠯᠡᠵᠦ ᠪᠣᠯᠬᠤ ᠦᠭᠡᠢ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠰᠢᠮᠳᠠᠭᠤᠯᠤᠨ | ᠵᠢᠯᠣᠭᠤᠳᠴᠦ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢ | ᠬᠦᠮᠦᠵᠢᠭᠦᠯᠬᠦ ᠬᠢᠭᠡᠳ ᠬᠡᠷᠡᠭᠯᠡᠨ ᠤᠷᠮᠠᠰᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠳᠤ ᠣᠷᠤᠭᠤᠯᠵᠤ᠂ | ᠬᠡᠪᠰᠢᠵᠢᠭᠦᠯᠦᠭᠰᠡᠨ ᠪᠠ ᠪᠠᠶᠢᠩᠭᠤᠴᠢᠯᠠᠭᠰᠠᠨ ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠬᠤ ᠶᠢ ᠬᠡᠷᠡᠭᠵᠢᠭᠦᠯᠵᠦ᠂ | ᠤᠷᠮᠠᠰᠢᠭᠤᠯᠬᠤ ᠪᠠ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ᠃ | ︵ᠲᠠᠪᠤ︶ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠨ᠎ᠠ᠃ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠪᠠ ᠬᠡᠷᠡᠭᠯᠡᠬᠦ ᠠᠵᠢᠯ ᠤᠨ ᠴᠢᠬᠤᠯᠠ ᠶᠡᠭᠡ ᠠᠴᠢ | ᠬᠤᠯᠪᠣᠭᠳᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠵᠤ᠂ ᠶᠡᠷᠦᠩᠬᠡᠢ | ᠰᠠᠯᠠᠭᠠᠨ ᠤ ᠡᠮᠴᠢ ᠶᠢᠨ ᠴᠢᠳᠠᠪᠤᠷᠢᠲᠡᠨ ᠪᠣᠯᠣᠭᠰᠠᠨ ᠨᠡᠶᠢᠲᠡᠯᠢᠭ ᠥᠢᠯᠡ ᠶᠠᠪᠤᠳᠠᠯ ᠪᠠ ᠦᠨᠳᠦᠰᠦᠨ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠠᠯ᠎ᠠ ᠪᠠᠷ ᠪᠠᠳᠠᠷᠠᠭᠤᠯᠤᠭᠰᠠᠨ ᠴᠢᠬᠤᠯᠠ ᠦᠢᠯᠡᠳᠦᠯ ᠢ ᠨᠢ ᠦᠷᠭᠡᠨ | ᠳᠡᠯᠭᠡᠷ ᠤᠬᠠᠭᠤᠯᠵᠤ᠂ ᠠᠨᠠᠭᠠᠬᠤ ᠤᠬᠠᠭᠠᠨ ᠤ ᠰᠤᠷᠤᠭᠴᠢ᠂ ᠡᠮᠴᠢᠯᠡᠭᠡᠨ ᠤ ᠠᠵᠢᠯᠲᠡᠨ᠂ ᠠᠨᠠᠭᠠᠬᠤ ᠤᠬᠠᠭᠠᠨ ᠤ | ᠰᠤᠷᠭᠠᠨ ᠬᠦᠮᠦᠵᠢᠯ ᠤᠨ ᠠᠵᠢᠯᠳᠠᠳ ᠪᠠ ᠨᠡᠶᠢᠭᠡᠮ ᠨᠡᠶᠢᠲᠡ ᠶᠢᠨ ᠬᠢᠨ ᠳᠤ ᠶᠡᠷᠦᠩᠬᠡᠢ ᠰᠠᠯᠠᠭᠠᠨ ᠤ ᠡᠮᠴᠢ ᠶᠢᠨ | ᠭᠦᠨᠵᠡᠭᠡᠢ ᠣᠶᠢᠯᠠᠭᠠᠭᠤᠯᠵᠤ᠂ ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠶᠢ ᠨᠡᠩ ᠣᠯᠠᠨ ᠪᠦᠭᠡᠳ | ᠲᠥᠷᠭᠡᠬᠡᠨ ᠬᠦᠮᠦᠵᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠣᠢ ᠪᠣᠯᠭᠠᠨ᠎ᠠ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠰᠠᠨᠠᠯ ᠢ ᠬᠡᠷᠡᠭᠵᠢᠭᠦᠯᠬᠦ ᠶᠠᠪᠤᠴᠠ ᠳᠤ᠂ | ᠰᠠᠶᠢᠨ ᠰᠠᠶᠢᠬᠠᠨ ᠠᠷᠭ᠎ᠠ ᠬᠢᠳᠡᠯ ᠪᠠ ᠪᠦᠲᠦᠮᠵᠢᠲᠠᠢ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠬᠦ | ᠬᠡᠷᠡᠭᠲᠡᠢ᠃ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |