ᠰᠢ ᠶᠢᠨ ᠫᠢᠩ ᠴᠠᠭᠠᠨ ᠰᠠᠷ᠎ᠠ ᠠᠴᠠ ᠡᠮᠦᠨᠡᠬᠡᠨ ᠪᠡᠭᠡᠵᠢᠩ ᠤᠨ ᠬᠤᠳᠠ ᠶᠢᠨ ᠬᠠᠮᠠᠭᠠᠯᠠᠯᠳᠠ ᠶᠢᠨ ᠴᠡᠷᠢᠭ ᠤᠨ ᠲᠤᠭᠤᠷᠢᠭ ᠢ ᠰᠤᠳᠤᠯᠤᠨ ᠪᠠᠶᠢᠴᠠᠭᠠᠵᠤ ᠦᠵᠡᠪᠡ
ᠨᠡᠶᠢᠲᠡᠯᠡᠭᠰᠡᠨ ᠴᠠᠭ᠄
2019/2/11
     ᠰᠢ ᠶᠢᠨ ᠫᠢᠩ ᠤᠯᠤᠰ ᠤᠨ ᠲᠤᠭ ᠮᠠᠨᠳᠤᠭᠤᠯᠬᠤ ᠲᠤᠮᠳᠠ ᠠᠩᠬᠢ ᠶᠢᠨ ᠲᠠᠷᠤᠭ᠎ᠠ ᠪᠠᠶᠢᠯᠳᠤᠭᠴᠢᠳ ᠤᠨ ᠲᠤᠭ ᠬᠠᠮᠠᠭᠠᠯᠠᠬᠤ ᠴᠡᠷᠢᠭ ᠤᠨ ᠵᠢᠬᠰᠠᠭᠠᠯ ᠵᠢᠬᠰᠠᠬᠤ ᠪᠤᠯᠪᠠᠰᠤᠷᠠᠯ ᠢ ᠦᠵᠡᠵᠤ ᠪᠠᠶᠢᠭ᠎ᠠ ᠨᠢ      ᠴᠠᠭᠠᠨ ᠰᠠᠷ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 2 ᠳ᠋ᠤᠭᠠᠷ ᠰᠠᠷ᠎ᠠ ᠶᠢᠨ 2᠎ ᠤᠨ ᠡᠳᠤᠷ ᠪᠡᠭᠡᠵᠢᠩ ᠤᠨ ᠬᠤᠳᠠ ᠶᠢᠨ ᠬᠠᠮᠠᠭᠠᠯᠠᠯᠳᠠ ᠶᠢᠨ ᠴᠡᠷᠢᠭ ᠤᠨ ᠲᠤᠭᠤᠷᠢᠭ ᠲᠤ ᠲᠤᠰᠬᠠᠶᠢᠯᠠᠨ ᠬᠦᠷᠴᠦ᠂ ᠦᠨᠳᠤᠰᠤᠨ ᠱᠠᠳᠤᠨ ᠤ ᠲᠠᠰᠤᠭ ᠰᠠᠯᠠᠭ᠎ᠠ ᠳᠤ ᠬᠦᠨᠵᠡᠬᠡᠶᠢᠷᠡᠨ᠂ ᠵᠢᠵᠢᠬᠦᠷᠯᠡᠬᠦ ᠬᠠᠷᠠᠭᠤᠯ ᠤᠨ ᠭᠠᠵᠠᠷ ᠢ ᠪᠠᠶᠢᠴᠠᠭᠠᠨ ᠦᠵᠡᠵᠤ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠭᠴᠢᠳ ᠢ ᠲᠤᠳᠤᠨᠤᠰᠤᠭ ᠢᠶᠠᠷ ᠲᠤᠬᠤᠨᠢᠭᠤᠯᠵᠤ᠂ ᠨᠠᠮ ᠤᠨ ᠲᠦᠪ ᠬᠤᠷᠢᠶ᠎ᠠ ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠬᠦ ᠠᠷᠠᠳ ᠤᠨ ᠴᠢᠯᠦᠬᠡᠯᠡᠬᠦ ᠴᠡᠷᠢᠭ ᠤᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠶᠢᠨ ᠲᠠᠷᠤᠭ᠎ᠠ ᠪᠠᠶᠢᠯᠳᠤᠭᠴᠢ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠦᠮᠦᠰ ᠲᠤ ᠴᠢᠩ ᠰᠡᠳᠬᠢᠯ ᠤᠨ ᠮᠡᠨᠳᠤᠴᠢᠯᠡᠯ ᠪᠠ ᠰᠠᠷ᠎ᠠ ᠰᠢᠨ᠎ᠡ ᠶᠢᠨ ᠵᠦᠩᠨᠡᠯ ᠲᠡᠪᠰᠢᠬᠦᠯᠪᠡ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号