ᠪᠥ᠋ ᠰᠢᠶᠤᠤ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠡᠭᠦᠷ ᠤᠨ ᠢᠶᠠᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠷᠤᠯᠴᠠᠬᠤ ᠳᠤ ᠪᠠᠨ ᠴᠢᠬᠤᠯᠠᠴᠢᠯᠠᠬᠰᠠᠨ ᠨᠢ ᠤᠯᠤᠰ ᠲᠦᠷᠦ ᠶᠢᠨ ᠲᠠᠯ᠎ᠠ ᠪᠠᠷ ᠴᠢᠩᠭ᠎ᠠ ᠪᠠᠶᠢᠵᠤ ᠵᠤᠷᠢᠬᠲᠠᠢ ᠪᠠᠷ ᠡᠭᠦᠷᠭᠡᠯᠡᠯ ᠡᠭᠦᠷᠭᠡᠯᠡᠨ ᠬᠠᠷᠠᠮ ᠦᠭᠡᠢ ᠵᠤᠷᠢᠭᠤᠯᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2019/2/11
     ᠤᠶᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠡᠭᠦᠷ ᠎ ᠤᠨ ᠢᠶᠠᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠱᠦᠵᠢ ᠬᠤᠷᠠᠯ ᠠᠴᠠ ᠡᠮᠦᠨᠡᠬᠢ ᠪᠡᠯᠡᠳᠭᠡᠯ ᠬᠢᠭᠰᠡᠡ ᠪᠠᠶᠢᠳᠠᠯ ᠵᠢᠴᠢ 2017 ᠣᠨ ᠤ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠡᠭᠡᠷ᠎ᠠ ᠪᠠᠶᠢᠴᠠᠭᠠᠵᠤ ᠲᠡᠯᠭᠡᠭᠰᠡᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠮᠡᠳᠡᠭᠲᠡᠵᠤ᠂ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠡᠮᠦᠨ᠎ᠡ ᠠᠴᠠ ᠦᠵᠡᠯ ᠰᠠᠨᠠᠭ᠎ᠠ ᠤᠯᠤᠰ ᠲᠦᠷᠦ᠂ ᠵᠤᠷᠢᠭ ᠰᠠᠨᠠᠭᠠᠨ ᠤ ᠪᠠᠶᠢᠳᠠᠯ᠂ ᠠᠵᠢᠯ ᠤᠨ ᠰᠤᠷᠲᠠᠯ ᠭᠤᠷᠪᠠᠨ ᠲᠠᠯ᠎ᠠ ᠠᠴᠠ ᠬᠠᠷᠭᠤᠭᠤᠯᠤᠨ ᠪᠠᠶᠢᠴᠠᠭᠠᠯᠲᠠ ᠬᠢᠪᠡ᠃ ᠨᠠᠮ ᠤᠨ ᠡᠭᠦᠷ ᠎ ᠤᠨ ᠭᠡᠰᠢᠭᠦᠳ ᠭᠤᠤᠯ ᠰᠡᠳᠦᠪ ᠤᠨ ᠲᠤᠭᠤᠷᠢᠨ ᠳᠤ ᠨᠢᠭᠡᠳ ᠨᠢᠭᠡ ᠪᠠᠷ ᠬᠤᠪᠢ ᠬᠦᠮᠦᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠪᠠ᠃ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠢᠭᠡᠳᠦᠭᠡᠷ ᠰᠢᠮᠳᠠᠭᠤᠯᠤᠨ ᠵᠢᠯᠤᠭᠤᠳᠬᠤ ᠳᠤᠭᠤᠶᠢᠯᠠᠩ ᠪᠦᠬᠦ ᠶᠠᠪᠤᠴᠠ ᠳᠤ ᠤᠷᠤᠯᠴᠠᠨ ᠵᠢᠯᠤᠭᠤᠳᠴᠤ᠂ ᠦᠨᠡᠯᠡᠯᠲᠡ ᠬᠢᠪᠡ᠃      ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ᠂ ᠪᠦ᠋ ᠰᠢᠶᠤᠤ ᠯᠢᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠭᠠᠷᠭᠠᠭᠰᠠᠠ ᠰᠢᠷᠭᠠᠭᠤ ᠴᠢᠷᠮᠠᠶᠢᠯᠭ᠎ᠠ ᠶᠢ ᠭᠦᠢᠴᠡᠳ ᠨᠤᠳᠠᠯᠠᠪᠠ᠃ ᠪᠦ᠋ ᠰᠢᠶᠤᠤ ᠯᠢᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠬᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠠ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠦᠷᠪᠡᠨ ᠤᠬᠠᠮᠰᠠᠷ︾᠎ ᠢᠶᠠᠨ ᠤᠯᠠᠮ ᠴᠢᠨᠠᠬᠰᠢᠲᠠ ᠪᠠᠲᠤ ᠪᠤᠢ ᠪᠤᠯᠭᠠᠵᠤ᠂ ︽ᠳᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠡᠷᠡᠰ ᠬᠠᠮᠠᠭᠠᠯᠠᠬᠤ︾᠎ ᠶᠢ ᠪᠡᠶᠡᠯᠡᠬᠦᠯᠬᠦ ᠬᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠨᠤᠯ ᠤᠨ ᠰᠤᠷᠤᠯᠴᠠᠯᠭ᠎ᠠ ᠪᠤᠯᠤᠨ ᠲᠤᠬᠠᠶᠢᠯᠠᠬᠰᠠᠨ ᠠᠵᠢᠯ ᠢ ᠭᠦᠨᠵᠡᠭᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠰᠢᠨ᠎ᠠ ᠪᠠᠶᠢᠳᠠᠯ᠂ ᠰᠢᠨ᠎ᠠ ᠡᠭᠦᠷᠭᠡ᠂ ᠰᠢᠨ᠎ᠠ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠠᠵᠢᠯ ᠤᠨ ᠰᠡᠳᠭᠢᠮᠵᠢ ᠪᠤᠯᠤᠨ ᠠᠷᠭ᠎ᠠ ᠶᠢᠨ ᠲᠠᠯ᠎ᠠ ᠪᠠᠷ ᠰᠢᠨ᠎ᠠ ᠶᠢ ᠡᠭᠦᠳᠴᠦ᠂ ᠠᠰᠠᠭᠤᠳᠠᠯ ᠢ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠪᠠᠷ ᠦᠨᠳᠦᠰᠦᠨ ᠠᠵᠢᠯ ᠤᠨ ᠠᠷᠭ᠎ᠠ ᠪᠤᠯᠭᠠᠵᠤ᠂ ᠦᠨᠳᠦᠰᠦᠨ ᠱᠠᠲᠤ ᠪᠤᠯᠤᠨ ᠨᠢᠭᠡᠳᠦᠭᠡᠷ ᠹᠷᠤᠨᠲ ᠳᠤ ᠢᠯᠡᠭᠦᠤ ᠬᠦᠷᠴᠦ ᠪᠠᠶᠢᠳᠠᠯ ᠢ ᠤᠶᠢᠯᠠᠭᠠᠵᠤ᠂ ᠰᠢᠢᠳᠪᠦᠷᠢᠲᠦ ᠪᠤᠳᠤᠯᠭ᠎ᠠ ᠲᠤᠬᠲᠠᠭᠠᠬᠤ ᠵᠦᠪᠯᠡᠯᠭᠡ ᠦᠭᠬᠦ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠠᠷᠠᠮ ᠦᠭᠡᠢ ᠵᠤᠷᠢᠭᠤᠯᠵᠤ᠂ ᠠᠵᠢᠯ ᠪᠤᠯᠭᠠᠨ ᠢ ᠨᠠᠷᠢᠨ ᠬᠢᠨᠠᠮᠠᠭᠠᠢ ᠬᠠᠷᠢᠭᠤᠴᠠᠨ ᠰᠠᠶᠢᠲᠤᠷ ᠬᠢᠵᠦ᠂ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号