ᠥᠪᠥᠷ ᠵᠠᠰᠠᠭ ᠠᠯᠪᠠᠨ ᠲᠠᠷᠬᠠᠭᠠᠭᠰᠠᠨ ﹇2018﹈ 70 ᠳ᠋ᠤᠭᠠᠷ ᠲᠤᠭᠠᠳᠤ | 2018 ᠣᠨ ᠤ 10 ᠳ᠋ᠤᠭᠠᠷ ᠰᠠᠷ᠎ᠠ ᠶᠢᠨ 29 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠦᠬᠦ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠣᠳᠠᠭᠠᠨ ᠤ ᠬᠦᠮᠦᠷᠭᠡᠯᠡᠨ ᠬᠠᠳᠠᠭᠠᠯᠠᠵᠤ | ᠪᠠᠶᠢᠭ᠎ᠠ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠲᠤ ᠶᠡᠭᠡ ᠪᠠᠶᠢᠴᠠᠭᠠᠯᠲᠠ ᠦᠷᠨᠢᠭᠦᠯᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ | 61 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠣᠳᠠᠭᠠᠨ ᠤ ᠬᠦᠮᠦᠷᠭᠡᠯᠡᠨ ᠬᠠᠳᠠᠭᠠᠯᠠᠵᠤ ᠪᠠᠶᠢᠭ᠎ᠠ ᠪᠠᠶᠢᠳᠠᠯ ᠢ ᠪᠦᠬᠦ | ᠲᠠᠯ᠎ᠠ ᠪᠠᠷ ᠡᠵᠡᠮᠰᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠪᠦᠬᠦ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠣᠳᠠᠭᠠᠨ ᠤ ᠬᠦᠮᠦᠷᠭᠡᠯᠡᠨ ᠬᠠᠳᠠᠭᠠᠯᠠᠵᠤ ᠪᠠᠶᠢᠭ᠎ᠠ | ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠲᠤ ᠶᠡᠭᠡ ᠪᠠᠶᠢᠴᠠᠭᠠᠯᠲᠠ ︵ᠳᠣᠷᠣᠭᠰᠢ ᠶᠡᠭᠡ ᠪᠠᠶᠢᠴᠠᠭᠠᠯᠲᠠ ᠭᠡᠵᠦ | ᠲᠣᠪᠴᠢᠯᠠᠨ᠎ᠠ︶ ᠶᠢ ᠵᠣᠬᠢᠶᠠᠨ ᠪᠠᠶᠢᠭᠤᠯᠵᠤ ᠦᠷᠨᠢᠭᠦᠯᠬᠦ ᠪᠠᠷ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠮᠤ ᠪᠤᠳᠠᠭ᠎ᠠ ᠶᠢᠨ ᠠᠮᠤᠷ | ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭᠠᠲᠤ ᠳᠥᠷᠢᠮ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠥᠷᠥ ᠶᠢᠨ ᠪᠤᠳᠤᠯᠭ᠎ᠠ ᠶᠢᠨ ᠴᠢᠨᠠᠷᠳᠠᠢ ᠠᠮᠤ ᠪᠤᠳᠠᠭᠠᠨ ᠤ ᠬᠦᠮᠦᠷᠭᠡᠯᠡᠨ | ᠬᠠᠳᠠᠭᠠᠯᠠᠵᠤ ᠪᠠᠶᠢᠭ᠎ᠠ ᠪᠣᠳᠠᠲᠤ ᠪᠠᠶᠢᠳᠠᠯ ᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ ᠠᠯᠳᠠᠰᠢ ᠭᠠᠷᠬᠤ ᠶᠢ | ᠡᠷᠡᠰ ᠬᠤᠷᠢᠭᠯᠠᠨ᠂ ᠬᠠᠤᠯᠢ ᠪᠠᠷ ᠵᠠᠰᠠᠬᠤ ᠪᠠ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠬᠠᠤᠯᠢ | ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠤᠭᠠᠷ ᠴᠢᠩᠭ᠎ᠠ ᠰᠢᠢᠳᠭᠡᠵᠦ᠂ ᠮᠠᠨ ᠤ | ᠣᠷᠣᠨ ᠤ ᠠᠮᠤ ᠪᠤᠳᠠᠭ᠎ᠠ ᠶᠢᠨ ᠠᠮᠤᠷ ᠲᠥᠪᠰᠢᠨ ᠢ ᠪᠠᠲᠤᠯᠠᠬᠤ ᠬᠡᠷᠡᠭᠲᠡᠢ᠃ | ︵ᠬᠤᠶᠠᠷ︶ ᠲᠣᠳᠣᠯᠠᠨ ᠪᠠᠶᠢᠴᠠᠭᠠᠬᠤ ᠵᠠᠷᠴᠢᠮ᠃ | — ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠨᠠᠭᠠᠲᠤ ᠵᠠᠬ᠎ᠠ ᠶᠢ ᠪᠠᠲᠤᠯᠠᠬᠤ ᠰᠡᠳᠬᠢᠭᠦᠢ ᠲᠠᠢ ᠪᠠᠶᠢᠬᠤ | ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠶᠢᠨ ᠬᠦᠮᠦᠷᠭᠡᠯᠡᠨ ᠬᠠᠳᠠᠭᠠᠯᠠᠬᠤ | ᠬᠠᠮᠢᠶᠠᠷᠤᠯᠲᠠ ᠳᠠᠬᠢ ᠳᠣᠪᠤᠶᠢᠮ᠎ᠡ ᠠᠰᠠᠭᠤᠳᠠᠯ ᠪᠠ ᠠᠨᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠦᠮᠦᠷᠭᠡᠯᠡᠨ ᠬᠠᠳᠠᠭᠠᠯᠠᠬᠤ ᠠᠮᠤ ᠪᠣᠳᠠᠭᠠᠨ ᠤ ᠲᠤᠭ᠎ᠠ ᠬᠡᠮᠵᠢᠶᠡᠨ ᠤ ᠦᠨᠡᠨ ᠪᠣᠳᠠᠲᠠᠢ ᠪᠠᠶᠢᠬᠤ᠂ ᠶᠠᠰᠤ ᠴᠢᠨᠠᠷ ᠨᠢ | ᠰᠢᠯᠢᠳᠡᠭ ᠰᠠᠶᠢᠨ ᠪᠠᠶᠢᠬᠤ᠂ ᠠᠮᠤᠷ ᠲᠦᠪᠰᠢᠨ ᠢᠶᠠᠷ ᠨᠦᠬᠡᠴᠡᠯᠡᠵᠦ ᠪᠠᠶᠢᠭ᠎ᠠ ᠨᠠᠭᠠᠲᠤ ᠵᠠᠬ᠎ᠠ ᠶᠢ ᠪᠠᠲᠤᠯᠠᠬᠤ ᠪᠠᠨ | ᠦᠨᠡᠨ ᠬᠦ ᠡᠵᠡᠮᠰᠢᠬᠦ ᠬᠡᠷᠡᠭᠲᠡᠢ᠃ | — ᠪᠦᠬᠦ ᠲᠠᠯ᠎ᠠ ᠪᠠᠷ ᠲᠣᠳᠣᠯᠠᠨ ᠪᠠᠶᠢᠴᠠᠭᠠᠵᠤ᠂ ᠭᠤᠣᠯᠳᠠᠯᠭ᠎ᠠ ᠪᠠᠨ ᠳᠣᠪᠤᠶᠢᠯᠭᠠᠬᠤ ᠬᠡᠷᠡᠭᠲᠡᠢ᠃ | ᠲᠣᠳᠣᠯᠠᠨ ᠪᠠᠶᠢᠴᠠᠭᠠᠬᠤ ᠬᠡᠪᠴᠢᠶᠡᠨ ᠳᠤ ᠣᠷᠤᠭᠤᠯᠤᠭᠰᠠᠨ ᠠᠵᠤ ᠠᠬᠤᠶᠢᠯᠠᠯ ᠤᠨ ᠠᠮᠤ ᠪᠤᠳᠠᠭ᠎ᠠ ᠬᠥᠮᠦᠷᠭᠡᠯᠡᠡ | ᠬᠠᠳᠠᠭᠠᠯᠠᠬᠤ ᠶᠢ ᠬᠦᠮᠦᠷᠭᠡ ᠲᠠᠢ ᠪᠣᠯ ᠵᠠᠪᠠᠯ ᠬᠦᠮᠦᠷᠭᠡᠯᠡᠨ ᠬᠠᠳᠠᠭᠠᠯᠬᠤ᠂ ᠠᠮᠤ ᠪᠤᠳᠠᠭ᠎ᠠ ᠲᠠᠢ ᠪᠣᠯ ᠵᠠᠪᠠᠯ | ᠪᠠᠶᠢᠴᠠᠭᠠᠬᠤ᠂ ᠳᠠᠩᠰᠠ ᠲᠠᠢ ᠪᠣᠯ ᠵᠠᠪᠠᠯ ᠬᠠᠷᠭᠤᠭᠤᠯᠬᠤ᠂ ᠪᠠᠶᠢᠴᠠᠭᠠᠬᠤ ᠳᠤ ᠬᠦᠷᠪᠡᠯ ᠵᠠᠪᠠᠯ ᠲᠤᠭᠤᠰᠢᠲᠠᠢ | ᠪᠠᠶᠢᠴᠠᠭᠠᠬᠤ ᠪᠠ ᠪᠦᠬᠦ ᠶᠠᠪᠤᠴᠠ ᠳᠤ ᠲᠡᠮᠳᠡᠭᠯᠡᠯ ᠲᠠᠢ ᠪᠠᠶᠢᠬᠤ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ ᠲᠥᠷᠥᠯ | ᠵᠦᠢᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠢ ᠳᠣᠪᠤᠶᠢᠯᠭᠠᠵᠤ᠂ | ᠲᠣᠳᠣᠯᠠᠨ ᠪᠠᠶᠢᠴᠠᠭᠠᠬᠤ ᠡᠷᠴᠢᠮ ᠪᠠ ᠴᠢᠬᠤᠯᠠ ᠠᠰᠠᠭᠤᠳᠠᠯ ᠤᠨ ᠰᠦᠪᠡᠭᠴᠢ ᠪᠠᠷ ᠬᠠᠷᠭᠤᠭᠤᠯᠤᠨ ᠪᠠᠶᠢᠴᠠᠭᠠᠬᠤ | ᠡᠷᠴᠢᠮ ᠢ ᠴᠢᠩᠭᠠᠷᠠᠭᠤᠯᠬᠤ ᠬᠡᠷᠡᠭᠲᠡᠢ᠃ | — ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠴᠢᠩᠭᠠᠳᠬᠠᠬᠤ | ᠬᠡᠷᠡᠭᠲᠡᠢ᠃ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠪᠠᠶᠢᠭᠤᠯᠵᠤ ᠲᠡᠭᠦᠯᠳᠡᠷᠵᠢᠭᠦᠯᠬᠦ ᠪᠠᠨ ᠶᠡᠭᠡ | ᠪᠠᠶᠢᠴᠠᠭᠠᠯᠲᠠ ᠶᠢᠨ ᠪᠦᠬᠦ ᠶᠠᠪᠤᠴᠠ ᠳᠤ ᠨᠡᠶᠢᠳᠡᠮ ᠲᠣᠭᠤᠰᠢᠯᠠᠭᠤᠯᠵᠤ᠂ ᠱᠠᠲᠤ ᠲᠠᠷᠠᠭᠠᠯᠠᠨ ᠠᠵᠢᠯ ᠢᠶᠠᠨ | ᠬᠤᠪᠢᠶᠠᠷᠢᠯᠠᠨ ᠬᠠᠷᠢᠭᠤᠴᠠᠬᠤ ᠳᠥᠷᠢᠮ ᠢ ᠨᠠᠶᠢᠳᠠᠪᠤᠷᠢᠵᠢᠭᠤᠯᠤᠨ᠂ ᠪᠠᠶᠢᠴᠠᠭᠠᠭᠰᠠᠨ ᠦᠷ᠎ᠡ ᠳ᠋ᠦᠩ ᠳᠤ | ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠬᠡᠷᠡᠭᠵᠢᠭᠦᠯᠬᠦ ᠬᠡᠷᠡᠭᠲᠡᠢ︔ ᠨᠦᠬᠡᠴᠡᠯᠡᠬᠦ ᠶᠢ ᠡᠭᠦᠷᠭᠡᠯᠡᠵᠦ ᠪᠠᠶᠢᠭ᠎ᠠ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ | ᠬᠠᠷᠢᠶᠠᠯᠠᠬᠤ ᠭᠠᠵᠠᠷ ᠢᠶᠠᠷ ᠬᠠᠮᠢᠶᠠᠷᠬᠤ ᠬᠠᠷᠢᠭᠤᠴᠠᠯᠭ᠎ᠠ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠤᠨ ᠬᠢᠨᠠᠠ ᠬᠠᠮᠢᠶᠠᠷᠬᠤ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ | ︵ᠭᠤᠷᠪᠠ︶ ᠲᠣᠳᠣᠯᠠᠨ ᠪᠠᠶᠢᠴᠠᠭᠠᠬᠤ ᠬᠦᠷᠢᠶ᠎ᠡ ᠬᠡᠪᠴᠢᠶ᠎ᠡ ᠬᠢᠭᠡᠳ ᠠᠭᠤᠯᠭ᠎ᠠ᠃ | 1. ᠲᠣᠳᠣᠯᠠᠨ ᠪᠠᠶᠢᠴᠠᠭᠠᠬᠤ ᠬᠦᠷᠢᠶ᠎ᠡ ᠬᠡᠪᠴᠢᠶ᠎ᠡ᠃ ᠡᠯ᠎ᠡ ᠲᠥᠷᠥᠯ ᠤᠨ ᠠᠵᠤ ᠠᠬᠤᠶᠢᠯᠠᠯ ᠤᠨ ᠨᠦᠬᠡᠴᠡᠯᠡᠨ | ᠬᠠᠳᠠᠭᠠᠯᠠᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠵᠢᠴᠢ ᠲᠥᠷᠥ ᠶᠢᠨ ᠪᠣᠳᠣᠯᠭ᠎ᠠ ᠶᠢᠨ | ᠴᠢᠨᠠᠷᠲᠠᠢ ᠠᠮᠤ ᠪᠤᠳᠠᠭ᠎ᠠ ᠨᠦᠬᠡᠴᠡᠯᠡᠨ ᠬᠠᠳᠠᠭᠠᠯᠬᠤ ᠠᠵᠤ ᠠᠬᠤᠶᠢᠯᠠᠯ ᠤᠨ ᠲᠠᠸᠠᠷ ᠤᠨ ᠠᠮᠤ ᠪᠤᠳᠠᠭ᠎ᠠ ᠪᠣᠯᠣᠨ᠎ᠠ᠃ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠳᠤ ᠲᠥᠪ ᠤᠨ ᠨᠦᠬᠡᠴᠡᠯᠡᠬᠦ ᠠᠮᠤ ᠪᠣᠳᠠᠭ᠎ᠠ᠂ ᠬᠠᠮᠤᠭ ᠤᠨ | ᠬᠢᠮᠳᠠ ᠦᠨ᠎ᠡ ᠪᠠᠷ ᠬᠤᠳᠠᠯᠳᠤᠨ ᠠᠪᠤᠭᠰᠠᠨ ᠠᠮᠤ ᠪᠣᠳᠠᠭ᠎ᠠ᠂ ᠤᠯᠤᠰ ᠠᠴᠠ ᠲᠦᠷ ᠴᠠᠭ ᠢᠶᠠᠷ ᠨᠦᠬᠡᠴᠡᠯᠡᠨ | ᠬᠠᠳᠠᠭᠠᠯᠠᠬᠤ ᠠᠮᠤ ᠪᠤᠳᠠᠭ᠎ᠠ᠂ ᠤᠯᠤᠰ ᠠᠴᠠ ᠨᠢᠭᠡ ᠤᠳᠠᠭ᠎ᠠ ᠶᠢᠨ ᠴᠢᠨᠠᠷᠲᠠᠢ ᠪᠠᠷ ᠨᠦᠬᠡᠴᠡᠯᠡᠨ ᠬᠠᠳᠠᠭᠠᠯᠠᠬᠤ ᠠᠮᠤ | ᠪᠤᠳᠠᠭ᠎ᠠ ᠪᠣᠯᠣᠨ ᠣᠷᠣᠨ ᠨᠤᠲᠤᠭ ᠤᠨ ᠨᠦᠬᠡᠴᠡᠯᠡᠨ ᠬᠠᠳᠠᠭᠠᠯᠠᠬᠤ ᠠᠮᠤ ᠪᠤᠳᠠᠭ᠎ᠠ ᠵᠡᠷᠭᠡ ᠪᠠᠭᠲᠠᠨ᠎ᠠ᠃ | 2. ᠲᠣᠳᠣᠯᠠᠨ ᠪᠠᠶᠢᠴᠠᠭᠠᠬᠤ ᠠᠭᠤᠯᠭ᠎ᠠ᠃ ᠬᠦᠮᠦᠷᠭᠡᠯᠡᠨ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠲᠤᠭ᠎ᠠ | ᠬᠡᠮᠵᠢᠶ᠎ᠡ᠃ ᠲᠣᠳᠣᠯᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠤᠭᠤᠯᠤᠭᠰᠠᠨ ᠠᠮᠤ ᠪᠤᠳᠠᠭᠠᠨ ᠤ ᠬᠦᠮᠦᠷᠭᠡᠯᠡᠨ | ᠬᠠᠳᠠᠭᠠᠯᠠᠵᠤ ᠪᠠᠶᠢᠭ᠎ᠠ ᠪᠣᠳᠠᠲᠠᠢ ᠲᠤᠭ᠎ᠠ᠂ ᠲᠥᠷᠥᠯ ᠪᠠ ᠠᠮᠤ ᠪᠤᠳᠠᠭᠠᠨ ᠤ ᠡᠷᠬᠡ ᠶᠢᠨ ᠬᠠᠷᠢᠶᠠᠯᠠᠭᠳᠠᠬᠤ ᠪᠠᠶᠢᠳᠠᠯ | ᠵᠢᠴᠢ ᠠᠳᠠᠯᠢ ᠪᠣᠰᠤ ᠣᠨ ᠵᠢᠯ᠂ ᠠᠳᠠᠯᠢ ᠪᠣᠰᠤ ᠰᠢᠨᠵᠢ ᠴᠢᠨᠠᠷ᠂ ᠠᠳᠠᠯᠢ ᠪᠣᠰᠤ ᠲᠥᠷᠥᠯ ᠤᠨ ᠠᠮᠤ ᠪᠤᠳᠠᠭ᠎ᠠ ᠶᠢ | ᠬᠦᠮᠦᠷᠭᠡ ᠬᠤᠪᠢᠶᠠᠨ ︵ᠪᠠᠷᠠᠭᠠᠨ ᠤ ᠪᠠᠶᠢᠷᠢᠯᠠᠯ︶ ᠨᠦᠬᠡᠴᠡᠯᠡᠨ ᠬᠠᠳᠠᠭᠠᠯᠠᠵᠤ ᠪᠠᠶᠢᠭ᠎ᠠ ᠶᠢᠨ ᠬᠠᠮᠢᠶᠠᠷᠤᠯᠲᠠ ᠶᠢᠨ | ᠪᠠᠶᠢᠳᠠᠯ᠃ ᠨᠦᠬᠡᠴᠡᠯᠡᠬᠦ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠤᠨ ᠠᠮᠤ ᠪᠤᠳᠠᠭᠠᠨ ᠤ ᠬᠦᠮᠦᠷᠭᠡᠯᠡᠨ | ᠬᠠᠳᠠᠭᠠᠯᠠᠵᠤ ᠪᠠᠶᠢᠬᠤ ᠪᠣᠳᠠᠲᠤ ᠵᠦᠢᠯ ᠬᠢᠭᠡᠳ ᠬᠠᠳᠠᠭᠠᠯᠠᠨ ᠬᠠᠮᠢᠶᠠᠷᠬᠤ ᠳᠠᠩᠰᠠ᠂ ᠲᠤᠭ᠎ᠠ ᠪᠦᠷᠢᠳᠭᠡᠯ ᠤᠨ | ᠳᠠᠩᠰᠠ᠂ ᠨᠢᠭᠲᠠᠯᠠᠨ ᠪᠣᠳᠣᠬᠤ ᠳᠠᠩᠰᠠ᠂ ᠪᠠᠩᠬᠢ ᠶᠢᠨ ᠪᠡᠯᠡ ᠮᠦᠩᠭᠦᠨ ᠤ ᠡᠬᠡ ᠳᠠᠩᠰᠠ ᠶᠢᠨ ᠳᠠᠩᠰᠠ ᠪᠣᠯᠣᠨ | ᠪᠣᠳᠠᠲᠠᠢ ᠲᠣᠭᠠᠨ ᠤ ᠬᠠᠷᠢᠯᠴᠠᠨ ᠨᠡᠶᠢᠴᠡᠬᠦ᠂ ᠳᠠᠩᠰᠠ ᠪᠣᠯᠣᠨ ᠳᠠᠩᠰᠠ ᠶᠢᠨ ᠬᠤᠭᠤᠷᠣᠨᠳᠤ ᠶᠢᠨ ᠬᠠᠷᠢᠯᠴᠠᠨ | ᠨᠡᠶᠢᠴᠡᠭᠰᠡᠨ ᠪᠠᠶᠢᠳᠠᠯ᠃ | ᠬᠦᠮᠦᠷᠭᠡᠯᠡᠨ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠶᠠᠰᠤ ᠴᠢᠨᠠᠷ᠃ ᠲᠥᠷᠥ ᠶᠢᠨ ᠪᠣᠳᠣᠯᠭ᠎ᠠ ᠶᠢᠨ | ᠴᠢᠨᠠᠷᠲᠠᠢ ᠠᠮᠤ ᠪᠤᠳᠠᠭ᠎ᠠ ᠶᠢᠨ ᠶᠠᠰᠤ ᠴᠢᠨᠠᠷ ᠤᠨ ᠭᠦᠢᠴᠡᠳᠭᠡᠯ ᠲᠤᠭ᠎ᠠ᠂ ᠨᠦᠬᠡᠴᠡᠯᠡᠨ ᠬᠠᠳᠠᠭᠠᠯᠠᠬᠤ ᠴᠢᠨᠠᠷ | ᠴᠢᠨᠰᠠᠭ᠎ᠠ ᠶᠢᠨ ᠭᠦᠢᠴᠡᠳᠭᠡᠯ ᠲᠤᠭ᠎ᠠ ᠵᠢᠴᠢ ᠢᠳᠡᠭᠡᠨ ᠤ ᠵᠦᠢᠯ ᠤᠨ ᠠᠮᠤᠷ ᠲᠦᠪᠰᠢᠨ ᠤ ᠭᠤᠣᠯ ᠭᠦᠢᠴᠡᠳᠭᠡᠯ | ᠲᠤᠭ᠎ᠠ᠃ | ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠤᠯᠤᠰ ᠤᠨ ᠠᠮᠤ ᠪᠤᠳᠠᠭ᠎ᠠ ᠶᠢᠨ ᠬᠤᠳᠠᠯᠳᠤᠨ ᠠᠪᠬᠤ | ᠲᠥᠷᠥ ᠶᠢᠨ ᠪᠣᠳᠣᠯᠭ᠎ᠠ᠂ ᠨᠦᠬᠡᠴᠡᠯᠡᠨ ᠬᠠᠳᠠᠭᠠᠯᠠᠵᠤ ᠪᠠᠶᠢᠭ᠎ᠠ ᠠᠮᠤ ᠪᠤᠳᠠᠭ᠎ᠠ ᠶᠢ ᠡᠭᠡᠯᠵᠢᠯᠡᠨ ᠬᠠᠮᠢᠶᠠᠷᠬᠤ᠂ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠤ ᠰᠠᠩ ᠬᠦᠮᠦᠷᠭᠡ ᠪᠠ ᠵᠢᠭᠡᠯᠡᠯᠭᠡ ᠶᠢ ᠬᠤᠯᠪᠣᠭᠳᠠᠭᠤᠯᠬᠤ᠂ | ᠡᠳ᠋ ᠤᠨ ᠵᠠᠰᠠᠭ ᠤᠨ ᠨᠡᠮᠡᠭᠦᠷᠢ ᠶᠢ ᠰᠠᠯᠭᠠᠨ ᠥᠭᠴᠦ ᠪᠠᠶᠢᠬᠤ ᠵᠡᠷᠭᠡ ᠪᠠᠶᠢᠳᠠᠯ ᠢ ᠵᠡᠷᠭᠡ ᠳᠤ ᠨᠢ ᠪᠠᠶᠢᠴᠠᠭᠠᠵᠦ᠂ | ᠬᠦᠮᠦᠷᠭᠡᠯᠡᠨ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠦᠨᠡᠨ ᠪᠣᠳᠠᠲᠠᠢ ᠪᠦᠭᠡᠳ ᠨᠠᠶᠢᠳᠠᠪᠤᠷᠢᠲᠠᠢ ᠪᠠᠶᠢᠭ᠎ᠠ ᠶᠢ ᠨᠢ | ᠰᠢᠯᠭᠠᠨ ᠭᠡᠷᠡᠴᠢᠯᠡᠨ᠎ᠡ᠃ | ᠬᠤᠶᠠᠷ᠂ ᠲᠣᠳᠣᠯᠠᠨ ᠪᠠᠶᠢᠴᠠᠭᠠᠬᠤ ᠶᠢᠨ ᠠᠯᠬᠤᠮ ᠳᠠᠷᠠᠭ᠎ᠠ | 2019 ᠣᠨ ᠤ 3 ᠳ᠋ᠤᠭᠠᠷ ᠰᠠᠷ᠎ᠠ ᠶᠢᠨ ᠰᠠᠭᠦᠯᠴᠢ ︵ᠪᠦᠷᠢᠳᠭᠡᠵᠦ ᠳ᠋ᠦᠩᠨᠡᠨ ᠮᠡᠳᠡᠭᠦᠯᠬᠦ ᠡᠳᠦᠷ︶ ᠪᠠᠷ | ᠲᠣᠳᠣᠯᠠᠨ ᠪᠠᠶᠢᠴᠠᠭᠠᠬᠤ ᠶᠢᠨ ᠴᠠᠭ ᠪᠣᠯᠭᠠᠵᠤ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠱᠠᠲᠤ ᠬᠤᠪᠢᠶᠠᠨ | ᠬᠠᠷᠢᠭᠤᠴᠠᠬᠤ ᠵᠠᠷᠴᠢᠮ ᠶᠣᠰᠤᠭᠠᠷ᠂ ᠪᠡᠯᠡᠳᠭᠡᠬᠦ᠂ ᠥᠪᠡᠰᠦᠪᠡᠨ ᠪᠠᠶᠢᠴᠠᠭᠠᠬᠤ᠂ ᠨᠡᠶᠢᠳᠡᠮ ᠪᠠᠶᠢᠴᠠᠭᠠᠬᠤ᠂ | ᠰᠢᠮᠳᠠᠭᠤᠯᠤᠨ ᠪᠠᠶᠢᠴᠠᠭᠠᠬᠤ᠂ ᠴᠡᠭᠴᠡᠯᠡᠨ ᠵᠠᠰᠠᠬᠤ ᠲᠠᠪᠤᠨ ᠱᠠᠲᠤ ᠦᠶ᠎ᠡ ᠬᠤᠪᠢᠶᠠᠨ᠂ ᠶᠡᠭᠡ ᠪᠠᠶᠢᠴᠠᠭᠠᠯᠲᠠ ᠶᠢ | ᠥᠷᠨᠢᠭᠦᠯᠬᠦ ᠬᠡᠷᠡᠭᠲᠡᠢ᠃ | ︵ᠨᠢᠭᠡ︶ ᠯᠠᠪᠳᠠᠭᠤᠨ ᠪᠠᠲᠤᠲᠠᠢ ᠪᠡᠯᠡᠳᠭᠡᠬᠦ ᠬᠡᠷᠡᠭᠲᠡᠢ᠃ 2019 ᠣᠨ ᠤ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠤ ᠪᠤᠳᠠᠭᠠᠨ ᠤ | ᠬᠦᠮᠦᠷᠭᠡᠯᠡᠨ ᠬᠠᠳᠠᠭᠠᠯᠠᠵᠤ ᠪᠠᠶᠢᠭ᠎ᠠ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠵᠠᠳᠠᠯᠵᠤ ᠳᠠᠩᠰᠠᠯᠠᠨ | ᠪᠦᠷᠢᠳᠭᠡᠬᠦ᠂ ᠪᠠᠶᠢᠴᠠᠭᠠᠭᠴᠢᠳ ᠢ ᠳᠠᠶᠢᠴᠢᠯᠠᠨ ᠪᠣᠯᠪᠠᠰᠤᠷᠠᠭᠤᠯᠬᠤ᠂ ᠪᠠᠶᠢᠴᠠᠭᠠᠬᠤ ᠪᠠᠭᠠᠵᠢ ᠬᠡᠷᠡᠭᠰᠡᠯ ᠢ | ᠲᠣᠬᠢᠷᠠᠭᠤᠯᠬᠤ᠂ ᠪᠢᠴᠢᠭ ᠮᠠᠲ᠋ᠧᠷᠢᠶᠠᠯ ᠤᠳ ᠢ ᠲᠢᠭᠯᠡᠭᠦᠯᠬᠦ ᠵᠡᠷᠭᠡ ᠪᠡᠯᠡᠳᠭᠡᠯ ᠠᠵᠢᠯ ᠢ ᠰᠠᠶᠢᠲᠤᠷ ᠬᠢᠬᠦ ᠬᠡᠷᠡᠭᠲᠡᠢ᠃ | ᠲᠣᠳᠣᠯᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠤᠭᠤᠯᠤᠭᠰᠠᠨ ᠡᠯ᠎ᠡ ᠲᠥᠷᠥᠯ ᠤᠨ ᠠᠮᠤ ᠪᠤᠳᠠᠭ᠎ᠠ | ᠨᠦᠬᠡᠴᠡᠯᠡᠬᠦ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠨᠢ ᠠᠮᠤ ᠪᠤᠳᠠᠭᠠᠨ ᠤ ᠬᠦᠮᠦᠷᠭᠡᠯᠡᠨ ᠬᠠᠳᠠᠭᠠᠯᠠᠵᠤ ᠪᠠᠶᠢᠭ᠎ᠠ | ᠪᠠᠶᠢᠳᠠᠯ ᠢ ᠦᠨᠡᠨ ᠪᠣᠳᠠᠲᠠᠢ ᠪᠠᠷ ᠲᠤᠰᠬᠠᠵᠤ ᠥᠭᠬᠦ ᠬᠡᠷᠡᠭᠲᠡᠢ᠃ | ︵ᠬᠤᠶᠠᠷ︶ ᠥᠪᠡᠰᠥᠪᠡᠨ ᠬᠢᠨᠠᠮᠠᠭᠠᠢ ᠪᠠᠶᠢᠴᠠᠭᠠᠬᠤ ᠬᠡᠷᠡᠭᠲᠡᠢ᠃ 2019 ᠣᠨ ᠤ 4 ᠳ᠋ᠤᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ | ᠣᠷᠣᠨ ᠳᠠᠬᠢ ᠲᠣᠳᠣᠯᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠤᠭᠤᠯᠤᠭᠰᠠᠨ ᠲᠥᠷᠥ ᠶᠢᠨ ᠪᠣᠳᠣᠯᠭ᠎ᠠ ᠶᠢᠨ | ᠴᠢᠨᠠᠷᠲᠠᠢ ᠠᠮᠤ ᠪᠤᠳᠠᠭ᠎ᠠ ᠶᠢᠨ ᠨᠦᠬᠡᠴᠡᠯᠡᠬᠦ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ︵ᠲᠥᠪ ᠤᠨ ᠬᠢ ᠪᠠ | ᠣᠷᠣᠨ ᠨᠤᠲᠤᠭ ᠤᠨ ᠠᠵᠤ ᠠᠬᠤᠶᠢᠯᠠᠯ ᠢ ᠪᠠᠭᠲᠠᠭᠠᠨ᠎ᠠ︶ ᠤᠳ ᠢ ᠵᠣᠬᠢᠶᠠᠨ ᠪᠠᠶᠢᠭᠤᠯᠤᠨ ᠰᠢᠮᠳᠠᠭᠤᠯᠤᠨ | ᠪᠠᠶᠢᠴᠠᠭᠠᠵᠤ᠂ ᠶᠡᠭᠡ ᠪᠠᠶᠢᠴᠠᠭᠠᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠣᠰᠤᠭᠠᠷ ᠥᠪᠡᠰᠦᠪᠡᠨ ᠪᠠᠶᠢᠴᠠᠭᠠᠬᠤ | ᠠᠵᠢᠯ ᠢ ᠴᠢᠩᠭ᠎ᠠ ᠬᠢᠬᠦ ᠬᠡᠷᠡᠭᠲᠡᠢ᠃ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ | ᠰᠢᠭᠤᠳ ᠬᠠᠷᠢᠶ᠎ᠠ ᠠᠵᠤ ᠠᠬᠤᠶᠢᠯᠠᠯ ᠨᠢ ᠥᠪᠡᠷ ᠤᠨ ᠬᠠᠮᠢᠶᠠᠷᠴᠤ ᠪᠠᠶᠢᠭ᠎ᠠ ᠬᠦᠮᠦᠷᠭᠡ᠂ ᠬᠤᠪᠢᠶᠠᠷᠢ ᠬᠦᠮᠦᠷᠭᠡ ᠵᠢᠴᠢ | ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠲᠤ ᠥᠪᠡᠰᠦᠪᠡᠨ ᠪᠠᠶᠢᠴᠠᠭᠠᠭᠰᠠᠨ ᠥᠷ᠎ᠡ ᠳ᠋ᠦᠩ ᠢ ᠨᠢ ᠬᠢᠨᠠᠨ | ᠬᠠᠷᠭᠤᠭᠤᠯᠬᠤ ᠶᠢᠨ ᠬᠠᠮᠲᠤ᠂ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ ᠥᠪᠥᠷ | ᠮᠣᠩᠭᠤᠯ ᠤᠨ ᠬᠤᠪᠢᠶᠠᠷᠢ ᠺᠤᠮᠫᠠᠨᠢ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ︔ ᠲᠥᠪ ᠤᠨ ᠪᠣᠰᠣᠳ ᠠᠵᠤ | ᠠᠬᠤᠶᠢᠯᠠᠯ ᠪᠠ ᠣᠷᠣᠨ ᠨᠤᠲᠤᠭ ᠤᠨ ᠠᠮᠤ ᠪᠤᠳᠠᠭᠠᠨ ᠤ ᠠᠵᠤ ᠠᠬᠤᠶᠢᠯᠠᠯ ᠨᠢ ᠲᠤᠰ ᠠᠵᠤ ᠠᠬᠤᠶᠢᠯᠠᠯ ᠵᠢᠴᠢ | ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠲᠤ ᠥᠪᠡᠰᠦᠪᠡᠨ ᠪᠠᠶᠢᠴᠠᠭᠠᠭᠰᠠᠨ ᠥᠷ᠎ᠡ ᠳ᠋ᠦᠩ ᠢ ᠨᠢ ᠬᠢᠨᠠᠨ | ᠬᠠᠷᠭᠤᠭᠤᠯᠬᠤ ᠶᠢᠨ ᠬᠠᠮᠲᠤ᠂ ᠳᠡᠭᠡᠲᠦ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠢ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠢ᠃ ᠶᠠᠰᠤ ᠴᠢᠨᠠᠷ ᠤᠨ ᠪᠠᠶᠢᠴᠠᠭᠠᠯᠲᠠ ᠶᠢ ᠠᠵᠤ ᠠᠬᠤᠶᠢᠯᠠᠯ ᠨᠢ ᠬᠦᠮᠦᠷᠭᠡᠯᠡᠨ ᠬᠠᠳᠠᠭᠠᠯᠠᠵᠤ | ᠪᠠᠶᠢᠭ᠎ᠠ ᠠᠮᠤ ᠪᠤᠳᠠᠭᠠᠨ ᠤ ᠪᠠᠶᠢᠷᠢᠯᠠᠯ ᠢᠶᠠᠷ ᠥᠪᠡᠰᠥᠪᠡᠨ ᠬᠠᠳᠬᠤᠭᠤᠷ ᠢᠶᠠᠷ ᠥᠯᠢᠭᠡᠷ ᠠᠪᠴᠤ ᠰᠢᠯᠭᠠᠨ | ᠪᠠᠶᠢᠴᠠᠭᠠᠵᠤ᠂ ᠪᠠᠷᠠᠭᠠᠨ ᠤ ᠪᠠᠶᠢᠷᠢᠯᠠᠯ ᠢᠶᠠᠷ ᠠᠵᠤ ᠠᠬᠤᠶᠢᠯᠠᠯ ᠤᠨ ᠶᠠᠰᠤ ᠴᠢᠨᠠᠷ ᠳᠠᠩᠰᠠ ᠡᠪᠬᠡᠮᠡᠯ ᠤᠨ ᠲᠤᠭ᠎ᠠ | ᠪᠠᠷᠢᠮᠲᠠ ᠶᠢᠨ ᠬᠦᠮᠦᠷᠭᠡ ᠪᠠᠶᠢᠭᠤᠯᠬᠤ ᠬᠡᠷᠡᠭᠲᠡᠢ︔ ᠠᠵᠤ ᠠᠬᠤᠶᠢᠯᠠᠯ ᠨᠢ ᠬᠠᠳᠬᠤᠭᠤᠷ ᠢᠶᠠᠷ ᠵᠠᠭᠪᠤᠷ ᠠᠪᠴᠤ | ᠰᠢᠯᠭᠠᠨ ᠪᠠᠶᠢᠴᠠᠭᠠᠬᠤ ᠴᠢᠳᠠᠪᠤᠷᠢ ᠦᠭᠡᠢ ᠪᠣᠯ᠂ ᠬᠢᠷᠢ ᠬᠡᠮ ᠲᠠᠢ ᠲᠤᠰᠬᠠᠢ ᠰᠢᠯᠭᠠᠨ ᠪᠠᠶᠢᠴᠠᠭᠠᠬᠤ | ᠪᠠᠶᠢᠭᠤᠯᠤᠮᠵᠢ ᠳᠤ ᠨᠠᠶᠢᠳᠠᠵᠤ ᠪᠠᠶᠢᠭᠠᠳ ᠬᠦᠮᠦᠨ ᠲᠣᠮᠢᠯᠠᠨ ᠬᠠᠳᠬᠤᠭᠤᠷ ᠢᠶᠠᠷ ᠵᠠᠭᠪᠤᠷ ᠠᠪᠴᠤ ᠰᠢᠯᠭᠠᠨ | ᠪᠠᠶᠢᠴᠠᠭᠠᠵᠤ ᠪᠣᠯᠣᠨ᠎ᠠ᠃ | ︵ᠭᠤᠷᠪᠠ︶ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ ᠬᠡᠷᠡᠭᠲᠡᠢ᠃ 2019 ᠣᠨ ᠤ 5 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ | ᠵᠣᠬᠢᠶᠠᠨ ᠪᠠᠶᠢᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ | ᠵᠠᠰᠠᠭ ᠵᠠᠬᠢᠷᠭᠠᠨ ᠤ ᠣᠷᠣᠨ ᠳᠠᠬᠢ ᠲᠣᠳᠣᠯᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠤᠭᠤᠯᠤᠭᠰᠠᠨ | ᠨᠦᠬᠡᠴᠡᠯᠡᠬᠦ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠤᠨ ᠬᠦᠮᠦᠷᠭᠡᠯᠡᠨ ᠬᠠᠳᠠᠭᠠᠯᠠᠭᠰᠠᠨ ᠠᠮᠤ ᠪᠤᠳᠠᠭᠠᠨ ᠤ | ᠪᠠᠶᠢᠷᠢᠯᠠᠯ ᠢᠶᠠᠷ ᠨᠢ ᠪᠠᠶᠢᠴᠠᠭᠠᠬᠤ ᠬᠡᠷᠡᠭᠲᠡᠢ᠃ ︽ᠠᠵᠢᠯᠲᠠᠨ ᠢ ᠨᠢᠭᠡᠳᠦᠯᠲᠡᠢ ᠲᠠᠲᠠᠨ ᠰᠢᠯᠵᠢᠭᠦᠯᠵᠦ᠂ ᠨᠡᠶᠢᠯᠡᠭᠦᠯᠦᠨ | ᠲᠤᠭᠤᠶᠢᠯᠠᠩ ᠪᠠᠶᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠵᠤ᠂ ᠶᠡᠷᠦᠩᠬᠡᠢ ᠳᠤ ᠨᠢ ᠰᠣᠯᠢᠪᠴᠢᠯᠠᠭᠤᠯᠤᠨ᠂ ᠲᠤᠰ | ᠭᠠᠵᠠᠷ ᠠᠴᠠ ᠨᠢ ᠵᠠᠶᠢᠯᠠᠭᠤᠯᠤᠨ ᠠᠵᠢᠯᠯᠠᠭᠤᠯᠬᠤ︾ ᠵᠠᠷᠴᠢᠮ ᠶᠣᠰᠤᠭᠠᠷ᠂ ᠠᠵᠢᠯᠲᠠᠨ ᠢᠶᠠᠨ ᠰᠠᠶᠢᠨ ᠢ ᠨᠢ ᠰᠢᠯᠢᠵᠦ | ᠲᠣᠬᠢᠷᠠᠭᠤᠯᠤᠨ ᠪᠠᠶᠢᠴᠠᠭᠠᠬᠤ ᠬᠡᠷᠡᠭᠲᠡᠢ᠃ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ | ᠺᠤᠮᠫᠠᠨᠢ ᠶᠢᠨ ᠰᠢᠭᠤᠳ ᠬᠠᠷᠢᠶ᠎ᠠ ᠬᠦᠮᠦᠷᠭᠡ ᠶᠢᠨ ᠥᠪᠡᠷ ᠤᠨ ᠬᠠᠮᠢᠶᠠᠷᠴᠤ ᠪᠠᠶᠢᠭ᠎ᠠ ᠬᠦᠮᠦᠷᠭᠡ᠂ ᠬᠤᠪᠢᠶᠠᠷᠢ | ᠬᠦᠮᠦᠷᠭᠡ ᠵᠢᠴᠢ ᠲᠥᠷᠢᠶᠡᠰᠦᠯᠡᠨ ᠠᠪᠤᠭᠰᠠᠨ ᠬᠦᠮᠦᠷᠭᠡ ᠴᠡᠭ ᠢ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ | ᠶᠡᠷᠦᠩᠬᠡᠢ ᠺᠤᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠨᠢ ᠳᠠᠭᠠᠭᠤᠯᠤᠨ ᠪᠠᠶᠢᠴᠠᠭᠠᠵᠤ᠂ ᠡᠯ᠎ᠡ | ᠱᠠᠲᠤᠨ ᠤ ᠠᠮᠤ ᠪᠤᠳᠠᠭᠠᠨ ᠤ ᠠᠵᠢᠯ ᠵᠡᠷᠭᠡ ᠰᠠᠯᠠᠭ᠎ᠠ ᠮᠦᠴᠢᠷ ᠣᠷᠣᠯᠴᠠᠨ ᠬᠠᠮᠵᠢᠯᠴᠠᠨ᠎ᠠ︔ ᠣᠷᠣᠨ ᠨᠤᠲᠤᠭ ᠤᠨ | ᠠᠮᠤ ᠪᠤᠳᠠᠭᠠᠨ ᠤ ᠠᠵᠤ ᠠᠬᠤᠶᠢᠯᠠᠯ ᠪᠠ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ | ᠺᠤᠮᠫᠠᠨᠢ ᠠᠴᠠ ᠭᠠᠳᠠᠨ᠎ᠠ ᠲᠥᠪ ᠤᠨ ᠪᠣᠰᠣᠳ ᠠᠵᠤ ᠠᠬᠤᠶᠢᠯᠠᠯ ᠤᠨ ᠬᠠᠮᠢᠶᠠᠷᠴᠤ ᠪᠠᠶᠢᠬᠤ ᠨᠦᠬᠡᠴᠡᠯᠡᠬᠦ ᠶᠢ | ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠵᠢᠴᠢ ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠢ ᠡᠯ᠎ᠡ ᠱᠠᠲᠤᠨ ᠤ | ᠠᠮᠤ ᠪᠤᠳᠠᠭᠠᠨ ᠤ ᠠᠵᠢᠯ ᠵᠡᠷᠭᠡ ᠰᠠᠯᠠᠭ᠎ᠠ ᠮᠦᠴᠢᠷ ᠢᠶᠠᠷ ᠲᠥᠷᠥᠭᠦᠯᠡᠭᠦᠯᠦᠨ ᠪᠠᠶᠢᠴᠠᠭᠠᠵᠤ᠂ ᠳᠤᠮᠳᠠᠲᠤ ᠤᠯᠤᠰ ᠤᠨ | ᠠᠮᠤ ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ ᠰᠢᠰᠲ᠋ᠧᠮ ᠤᠨ ᠬᠢᠨ ᠣᠷᠣᠯᠴᠠᠨ ᠬᠠᠮᠵᠢᠯᠴᠠᠨ᠎ᠠ᠃ ᠨᠡᠶᠢᠳᠡᠮ | ᠪᠠᠶᠢᠴᠠᠭᠠᠬᠤ ᠱᠠᠲᠤᠨ ᠳᠤ ᠠᠮᠤ ᠪᠤᠳᠠᠭᠠᠨ ᠤ ᠶᠠᠰᠤ ᠴᠢᠨᠠᠷ ᠢ ᠬᠠᠳᠬᠤᠭᠤᠷ ᠢᠶᠠᠷ ᠵᠠᠭᠪᠤᠷ ᠠᠪᠴᠤ ᠰᠢᠯᠭᠠᠨ | ᠪᠠᠶᠢᠴᠠᠭᠠᠬᠤ ᠬᠠᠷᠢᠴᠠᠯ ᠢ ᠪᠠᠶᠢᠴᠠᠭᠠᠭᠳᠠᠬᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ | ᠪᠤᠳᠠᠭ᠎ᠠ ᠬᠦᠮᠦᠷᠭᠡᠯᠡᠨ ᠬᠠᠳᠠᠭᠠᠯᠠᠵᠤ ᠪᠠᠶᠢᠭ᠎ᠠ ᠲᠣᠭᠠᠨ ᠤ 10% ᠶᠢᠨ ᠳᠣᠲᠣᠷ᠎ᠠ ᠡᠵᠡᠮᠰᠢᠬᠦ ᠶᠢᠨ ᠬᠠᠮᠲᠤ᠂ | ᠭᠤᠣᠯᠳᠠᠯᠭ᠎ᠠ ᠲᠠᠢ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠪᠠ ᠠᠰᠠᠭᠤᠳᠠᠯ ᠣᠯᠠᠨᠲᠠ ᠭᠠᠷᠬᠤ ᠭᠠᠵᠠᠷ | ᠣᠷᠣᠨ ᠳᠠᠬᠢ ᠶᠠᠰᠤ ᠴᠢᠨᠠᠷ ᠢ ᠲᠣᠪᠤᠶᠢᠮ᠎ᠠ ᠪᠠᠶᠢᠴᠠᠭᠠᠬᠤ ᠬᠡᠷᠡᠭᠲᠡᠢ᠃ ᠵᠠᠭᠪᠤᠷ ᠤᠨ ᠵᠦᠢᠯ ᠢ ᠣᠷᠣᠨ ᠪᠦᠰᠡ | ᠠᠯᠤᠰᠯᠠᠵᠤ ᠰᠣᠯᠢᠪᠴᠢᠯᠠᠨ ᠪᠠᠶᠢᠴᠠᠭᠠᠬᠤ ᠬᠡᠷᠡᠭᠲᠡᠢ᠃ 2019 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ | ᠣᠷᠣᠨ ᠤ ᠠᠮᠤ ᠪᠤᠳᠠᠭᠠᠨ ᠤ ᠲᠣᠪᠴᠢᠶ᠎ᠠ ᠳᠤ ᠲᠤᠰ ᠭᠠᠵᠠᠷ ᠣᠷᠣᠨ ᠤ ᠠᠮᠤ ᠪᠤᠳᠠᠭᠠᠨ ᠤ ᠬᠦᠮᠦᠷᠭᠡᠯᠡᠨ | ᠬᠠᠳᠠᠭᠠᠯᠠᠵᠤ ᠪᠠᠶᠢᠭ᠎ᠠ ᠶᠢ ᠲᠣᠳᠣᠯᠠᠨ ᠪᠠᠶᠢᠴᠠᠭᠠᠭᠰᠠᠨ ᠦᠷ᠎ᠡ ᠳ᠋ᠦᠩ ᠪᠠ ᠠᠵᠢᠯ ᠤᠨ ᠮᠡᠳᠡᠭᠦᠯᠦᠯᠲᠡ ᠪᠠᠨ | ᠲᠤᠰᠢᠶᠠᠬᠤ ᠶᠢᠨ ᠬᠠᠮᠲᠤ᠂ ᠲᠤᠰ ᠵᠠᠰᠠᠭ ᠵᠠᠬᠢᠷᠭᠠᠨ ᠤ ᠣᠷᠣᠨ ᠳᠠᠬᠢ ᠨᠦᠬᠡᠴᠡᠯᠡᠬᠦ ᠶᠢ ᠡᠭᠦᠷᠭᠡᠯᠡᠵᠦ ᠪᠠᠶᠢᠭ᠎ᠠ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠶᠢᠨ ᠠᠵᠤ ᠠᠬᠤᠶᠢᠯᠠᠯ ᠪᠦᠬᠦᠨ ᠤ ᠬᠠᠳᠠᠭᠠᠯᠠᠵᠤ ᠪᠠᠶᠢᠭ᠎ᠠ | ᠪᠠᠷᠠᠭᠠᠨ ᠤ ᠪᠠᠶᠢᠷᠢᠯᠠᠯ ᠬᠦᠷᠲᠡᠯ᠎ᠡ ᠨᠠᠷᠢᠨ ᠲᠣᠳᠣᠷᠬᠠᠢ ᠪᠠᠶᠢᠬᠤ ᠠᠮᠤ ᠪᠤᠳᠠᠭᠠᠨ ᠤ ᠲᠤᠭ᠎ᠠ ᠬᠡᠮᠵᠢᠶ᠎ᠡ ᠪᠠ ᠶᠠᠰᠤ | ᠴᠢᠨᠠᠷ ᠤᠨ ᠳ᠋ᠠᠶᠢᠲ᠋ᠠ ᠬᠦᠮᠦᠷᠭᠡ ᠪᠠᠨ ᠲᠤᠰᠢᠶᠠᠵᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ | ᠲᠣᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠬᠦ ᠬᠡᠷᠡᠭᠲᠡᠢ᠃ | ︵ᠳᠥᠷᠪᠡ︶ ᠭᠤᠣᠯᠳᠠᠯᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠠᠮᠤ ᠪᠤᠳᠠᠭᠠᠨ ᠤ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠲᠠᠢ ᠬᠠᠮᠲᠤᠷᠠᠵᠤ | ᠴᠠᠭ ᠲᠤ ᠨᠢ ᠲᠣᠬᠢᠷᠠᠭᠤᠯᠤᠨ ᠬᠤᠯᠪᠣᠭᠠᠯᠠᠵᠤ ᠰᠢᠮᠳᠠᠭᠤᠯᠤᠨ ᠵᠢᠯᠣᠭᠤᠳᠬᠤ ᠲᠤᠭᠤᠶᠢᠯᠠᠩ ᠪᠠᠶᠢᠭᠤᠯᠵᠤ᠂ ︽ | ᠳᠥᠷᠪᠡ ᠶᠢ ᠪᠠᠶᠢᠯᠭᠠᠬᠤ ᠦᠭᠡᠢ ᠬᠤᠶᠠᠷ ᠢ ᠰᠢᠭᠤᠳ ᠭᠦᠢᠴᠡᠳᠭᠡᠬᠦ︾ ᠪᠠ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠠᠶᠢᠯᠭᠠᠬᠤ︾ ᠠᠷᠭ᠎ᠠ ᠬᠡᠯᠪᠡᠷᠢ ᠶᠢ ᠠᠪᠴᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠥᠪᠡᠰᠦᠪᠡᠨ ᠪᠠᠶᠢᠴᠠᠭᠠᠬᠤ ᠪᠠ ᠨᠡᠶᠢᠳᠡᠮ ᠪᠠᠶᠢᠴᠠᠭᠠᠬᠤ ᠪᠠᠶᠢᠳᠠᠯ ᠢ ᠰᠢᠮᠳᠠᠭᠤᠯᠤᠨ ᠪᠠᠶᠢᠴᠠᠭᠠᠬᠤ | ᠬᠡᠷᠡᠭᠲᠡᠢ᠃ ᠡᠭᠦᠨ ᠤ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠦᠴᠢᠷ ᠲᠠᠢ ᠬᠠᠮᠵᠢᠯᠴᠠᠵᠤ ᠬᠤᠯᠪᠣᠭᠠᠯᠠᠵᠤ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ︵ᠲᠠᠪᠤ︶ ᠬᠤᠷᠢᠶᠠᠩᠭᠤᠶᠢᠯᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠠᠮᠤ | ᠪᠤᠳᠠᠭᠠᠨ ᠤ ᠬᠦᠮᠦᠷᠭᠡᠯᠡᠨ ᠬᠠᠳᠠᠭᠠᠯᠠᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠭᠰᠠᠨ ᠰᠠᠭᠤᠷᠢᠨ ᠳᠡᠭᠡᠷ᠎ᠡ᠂ | ᠱᠠᠲᠤ ᠳᠠᠷᠠᠭᠠᠯᠠᠨ ᠪᠠᠶᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠬᠤᠷᠢᠶᠠᠩᠭᠤᠶᠢᠯᠠᠵᠤ᠂ ᠬᠠᠮᠢᠶ᠎ᠠ ᠪᠦᠬᠦᠢ | ᠮᠡᠳᠡᠭᠦᠯᠦᠯᠲᠡ ᠶᠢᠨ ᠬᠦᠰᠦᠨᠦᠭ ᠪᠠ ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠨᠢ ᠶᠡᠭᠡ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠪᠦᠬᠦ ᠣᠷᠣᠨ ᠤ ᠣᠷᠣᠨ ᠪᠦᠰᠡ᠂ | ᠲᠥᠷᠥᠯ ᠪᠣᠯᠣᠨ ᠰᠢᠨᠵᠢ ᠴᠢᠨᠠᠷ ᠢᠶᠠᠷ ᠬᠤᠪᠢᠶᠠᠭᠰᠠᠨ ᠠᠮᠤ ᠪᠤᠳᠠᠭᠠᠨ ᠤ ᠲᠤᠭ᠎ᠠ ᠬᠡᠮᠵᠢᠶ᠎ᠡ ᠪᠠ ᠶᠠᠰᠤ ᠴᠢᠨᠠᠷ ᠤᠨ | ᠪᠠᠶᠢᠳᠠᠯ ᠤᠨ ᠳ᠋ᠠᠶᠢᠲ᠋ᠠ ᠬᠦᠮᠦᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠶᠡᠭᠡ ᠪᠠᠶᠢᠴᠠᠭᠠᠯᠲᠠ ᠳᠤ ᠣᠯᠵᠤ | ᠮᠡᠳᠡᠭᠰᠡᠨ ᠠᠰᠠᠭᠤᠳᠠᠯ ᠳᠤ ᠡᠯ᠎ᠡ ᠭᠠᠵᠠᠷ ᠣᠷᠣᠨ ᠨᠢ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ | ᠪᠠᠶᠢᠭᠤᠯᠵᠤ᠂ ᠬᠠᠷᠢᠭᠤᠴᠠᠯᠭᠠᠲᠤ ᠨᠢᠭᠡᠴᠢ ᠪᠠ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ | ᠲᠣᠳᠣᠷᠬᠠᠶᠢᠯᠠᠵᠤ᠂ ᠳ᠋ᠤᠭᠠᠷ ᠢ ᠨᠢ ᠬᠠᠰᠤᠵᠤ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠬᠦ ᠬᠡᠷᠡᠭᠲᠡᠢ᠃ 2019 | ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠤᠯᠤᠰ ᠤᠨ ᠠᠮᠤ ᠪᠤᠳᠠᠭ᠎ᠠ ᠪᠠ ᠨᠦᠬᠡᠴᠡᠯᠡᠬᠦ ᠲᠣᠪᠴᠢᠶᠠᠨ ᠳᠤ ᠶᠡᠭᠡ ᠪᠠᠶᠢᠴᠠᠭᠠᠯᠲᠠ ᠶᠢᠨ ᠦᠷ᠎ᠡ | ᠳ᠋ᠦᠩ ᠪᠣᠯᠣᠨ ᠠᠵᠢᠯ ᠤᠨ ᠮᠡᠳᠡᠭᠦᠯᠦᠯᠲᠡ ᠪᠠᠨ ᠮᠡᠳᠡᠭᠦᠯᠦᠨ᠎ᠡ᠃ | ᠭᠤᠷᠪᠠ᠂ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ | ︵ᠨᠢᠭᠡ︶ ᠦᠪᠡᠰᠦᠪᠡᠨ ᠪᠠᠶᠢᠴᠠᠭᠠᠬᠤ ᠬᠠᠷᠢᠭᠤᠴᠠᠯᠭ᠎ᠠ᠃ ᠠᠵᠤ ᠠᠬᠤᠶᠢᠯᠠᠯ ᠤᠨ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠪᠣᠯ ᠲᠤᠰ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠶᠢᠨ ᠨᠢᠭᠡᠳᠦᠭᠡᠷ | ᠬᠠᠷᠢᠭᠤᠴᠠᠬᠤ ᠬᠦᠮᠦᠨ ᠪᠠᠶᠢᠵᠤ᠂ ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠤᠨ ᠥᠪᠡᠰᠦᠪᠡᠨ ᠪᠠᠶᠢᠴᠠᠭᠠᠬᠤ | ᠦᠷ᠎ᠡ ᠳ᠋ᠦᠩ ᠢ ᠲᠥᠷᠢᠶᠡᠰᠦᠯᠡᠨ ᠠᠪᠤᠭᠰᠠᠨ ᠠᠵᠤ ᠠᠬᠤᠶᠢᠯᠠᠯ ᠨᠢ ᠬᠠᠷᠢᠭᠤᠴᠠᠨ᠎ᠠ᠃ ᠳᠤᠮᠳᠠᠲᠤ ᠤᠯᠤᠰ ᠤᠨ ᠠᠮᠤ | ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ ᠰᠢᠭᠤᠳ ᠬᠠᠷᠢᠶ᠎ᠠ ᠠᠵᠤ ᠠᠬᠤᠶᠢᠯᠠᠯ ᠨᠢ ᠥᠪᠡᠷ ᠤᠨ ᠬᠠᠮᠢᠶᠠᠷᠴᠤ | ᠪᠠᠶᠢᠭ᠎ᠠ ᠬᠦᠮᠦᠷᠭᠡ᠂ ᠬᠤᠪᠢᠶᠠᠷᠢ ᠬᠦᠮᠦᠷᠭᠡ ᠵᠢᠴᠢ ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠤᠨ ᠥᠪᠡᠰᠦᠪᠡᠨ | ᠪᠠᠶᠢᠴᠠᠭᠠᠭᠰᠠᠨ ᠥᠷ᠎ᠡ ᠳ᠋ᠦᠩ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠳᠤᠮᠳᠠᠲᠤ ᠤᠯᠤᠰ ᠤᠨ ᠠᠮᠤ ᠪᠤᠳᠠᠭ᠎ᠠ | ᠨᠦᠬᠡᠴᠡᠯᠡᠬᠦ ᠶᠡᠷᠦᠩᠬᠡᠢ ᠺᠤᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠨᠢ ᠬᠤᠯᠪᠤᠭᠳᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ︔ ᠲᠥᠪ ᠤᠨ ᠪᠣᠰᠣᠳ ᠠᠵᠤ ᠠᠬᠤᠶᠢᠯᠠᠯ ᠤᠨ ᠰᠢᠭᠤᠳ ᠬᠠᠷᠢᠶ᠎ᠠ ᠠᠵᠤ | ᠠᠬᠤᠶᠢᠯᠠᠯ ᠪᠣᠯᠣᠨ ᠣᠷᠣᠨ ᠨᠤᠲᠤᠭ ᠤᠨ ᠠᠮᠤ ᠪᠤᠳᠠᠭᠠᠨ ᠤ ᠠᠵᠤ ᠠᠬᠤᠶᠢᠯᠠᠯ ᠨᠢ ᠲᠤᠰ ᠠᠵᠤ ᠠᠬᠤᠶᠢᠯᠠᠯ ᠵᠢᠴᠢ | ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠤᠨ ᠥᠪᠡᠰᠦᠪᠡᠨ ᠪᠠᠶᠢᠴᠠᠭᠠᠬᠤ ᠥᠷ᠎ᠡ ᠳ᠋ᠦᠩ ᠳᠤ ᠪᠦᠬᠦ | ᠬᠠᠷᠢᠭᠤᠴᠠᠯᠭ᠎ᠠ ᠶᠢ ᠡᠭᠦᠷᠭᠡᠯᠡᠵᠦ᠂ ᠳᠡᠭᠡᠲᠥ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠢ ᠨᠢ ᠬᠤᠯᠪᠣᠭᠳᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠨᠡᠶᠢᠳᠡᠮ ᠪᠠᠶᠢᠴᠠᠭᠠᠬᠤ ᠬᠠᠷᠢᠭᠤᠴᠠᠯᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠪᠦᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ | ᠶᠡᠷᠦᠩᠬᠡᠢ ᠳᠤ ᠨᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠵᠣᠬᠢᠶᠠᠨ ᠪᠠᠶᠢᠭᠤᠯᠬᠤ ᠠᠵᠢᠯ ᠢ | ᠬᠠᠷᠢᠭᠤᠴᠠᠨ᠎ᠠ᠃ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ ᠥᠪᠥᠷ | ᠮᠣᠩᠭᠤᠯ ᠤᠨ ᠬᠤᠪᠢᠶᠠᠷᠢ ᠺᠤᠮᠫᠠᠨᠢ ᠪᠠᠷ ᠲᠥᠷᠥᠭᠦᠯᠡᠭᠦᠯᠦᠭᠰᠡᠨ ᠨᠡᠶᠢᠳᠡᠮ ᠪᠠᠶᠢᠴᠠᠭᠠᠬᠤ ᠳᠤᠭᠤᠶᠢᠯᠠᠩ ᠨᠢ ᠰᠢᠭᠤᠳ | ᠬᠠᠷᠢᠶ᠎ᠠ ᠬᠦᠮᠦᠷᠭᠡ᠂ ᠬᠤᠪᠢᠶᠠᠷᠢ ᠬᠦᠮᠦᠷᠭᠡ ᠵᠢᠴᠢ ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠤᠨ ᠨᠡᠶᠢᠳᠡᠮ | ᠪᠠᠶᠢᠴᠠᠭᠠᠭᠰᠠᠨ ᠥᠷ᠎ᠡ ᠳ᠋ᠦᠩ ᠳᠤ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠭᠦᠯᠡᠨ ᠠᠵᠢᠯᠯᠠᠵᠤ ᠪᠠᠶᠢᠭ᠎ᠠ | ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ ᠬᠤᠪᠢᠶᠠᠷᠢ ᠺᠤᠮᠫᠠᠨᠢ ᠨᠢ ᠬᠤᠯᠪᠣᠭᠳᠠᠬᠤ | ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠠᠮᠤ ᠪᠤᠳᠠᠭᠠᠨ ᠤ ᠠᠵᠢᠯ ᠵᠡᠷᠭᠡ ᠰᠠᠯᠠᠭ᠎ᠠ ᠮᠦᠴᠢᠷ ᠢᠶᠠᠷ | ᠲᠥᠷᠥᠭᠦᠯᠡᠭᠦᠯᠦᠭᠰᠡᠨ ᠨᠡᠶᠢᠳᠡᠮ ᠪᠠᠶᠢᠴᠠᠭᠠᠬᠤ ᠲᠤᠭᠤᠶᠢᠯᠠᠩ ᠨᠢ ᠪᠣᠰᠣᠳ ᠠᠮᠤ ᠪᠤᠳᠠᠭᠠᠨ ᠤ ᠠᠵᠤ ᠠᠬᠤᠶᠢᠯᠠᠯ ᠵᠢᠴᠢ | ᠲᠥᠷᠢᠶᠡᠰᠦᠯᠡᠨ ᠠᠪᠤᠭᠰᠠᠨ ᠬᠦᠮᠦᠷᠭᠡᠯᠡᠬᠦ ᠴᠡᠭ ᠤᠨ ᠨᠡᠶᠢᠳᠡᠮ ᠪᠠᠶᠢᠴᠠᠭᠠᠭᠰᠠᠨ ᠥᠷ᠎ᠡ ᠳ᠋ᠦᠩ ᠳᠤ ᠭᠤᠣᠯ | ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠬᠤᠯᠪᠣᠭᠳᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠳᠥᠷᠪᠡ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠴᠠᠭᠤᠯᠬᠤ ᠲᠣᠭᠲᠠᠴᠠ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ | ᠪᠠᠶᠢᠴᠠᠭᠠᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠲᠥᠷᠥᠭᠦᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠮᠤ ᠪᠤᠳᠠᠭᠠᠨ ᠤ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠲᠤᠭ᠎ᠠ ᠪᠦᠷᠢᠳᠭᠡᠯ ᠤᠨ ᠲᠣᠪᠴᠢᠶ᠎ᠠ ᠵᠢᠴᠢ | ᠳᠤᠮᠳᠠᠲᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ | ᠪᠠᠩᠬᠢ᠂ ᠳᠤᠮᠳᠠᠲᠤ ᠤᠯᠤᠰ ᠤᠨ ᠠᠮᠤ ᠪᠤᠳᠠᠭ᠎ᠠ ᠨᠦᠬᠡᠴᠡᠯᠡᠬᠦ ᠶᠡᠷᠦᠩᠬᠡᠢ ᠺᠤᠮᠫᠠᠨᠢ ᠶᠢᠨ ᠥᠪᠥᠷ ᠮᠣᠩᠭᠤᠯ ᠤᠨ | ᠬᠤᠪᠢᠶᠠᠷᠢ ᠺᠤᠮᠫᠠᠨᠢ ᠵᠡᠷᠭᠡ ᠰᠠᠯᠠᠭ᠎ᠠ ᠮᠦᠴᠢᠷ ᠪᠠ ᠨᠢᠭᠡᠴᠢ ᠨᠦᠭᠦᠳ ᠣᠷᠣᠯᠴᠠᠵᠤ᠂ ᠠᠯᠪᠠᠨ ᠭᠡᠷ ᠢ ᠨᠢ ᠥᠪᠡᠷᠲᠡᠭᠡᠨ | ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶᠠᠨ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠴᠦ ᠵᠣᠬᠢᠴᠠᠩᠭᠤᠢ ᠪᠠᠷ ᠶᠡᠭᠡ ᠪᠠᠶᠢᠴᠠᠭᠠᠯᠲᠠ ᠶᠢᠨ ᠵᠣᠬᠢᠴᠠᠭᠤᠯᠬᠤ ᠲᠣᠭᠲᠠᠴᠠ | ᠪᠠᠶᠢᠭᠤᠯᠵᠤ᠂ ᠶᠡᠭᠡ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ᠃ | ︵ᠬᠤᠶᠠᠷ︶ ᠠᠵᠢᠯᠯᠠᠬᠤ ᠠᠷᠭ᠎ᠠ ᠳᠤ ᠰᠢᠨ᠎ᠡ ᠶᠢ ᠡᠭᠦᠳᠦᠨ᠎ᠡ᠃ ᠡᠯ᠎ᠡ ᠭᠠᠵᠠᠷ ᠣᠷᠣᠨ ᠨᠢ ᠭᠤᠣᠯᠳᠠᠯᠭ᠎ᠠ ᠲᠠᠢ | ᠲᠥᠷᠥᠯ᠂ ᠭᠤᠣᠯᠳᠠᠯᠭ᠎ᠠ ᠲᠠᠢ ᠣᠷᠣᠨ ᠪᠦᠰᠡ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠠᠰᠠᠭᠤᠳᠠᠯ ᠤᠨ ᠰᠦᠪᠡᠭᠴᠢ ᠪᠠ ᠠᠮᠤ ᠪᠤᠳᠠᠭᠠᠨ ᠳᠤ ᠬᠤᠯᠪᠣᠭᠳᠠᠭᠰᠠᠨ ᠬᠡᠷᠡᠭ | ᠵᠠᠷᠭᠤ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠲᠥᠷᠥ ᠶᠢᠨ ᠪᠣᠳᠣᠯᠭ᠎ᠠ ᠶᠢᠨ | ᠴᠢᠨᠠᠷᠲᠠᠢ ᠠᠮᠤ ᠪᠤᠳᠠᠭ᠎ᠠ ᠶᠢᠨ ᠲᠠᠯ᠎ᠠ ᠳᠤ ᠢᠯᠡᠷᠡᠬᠦ ︽ᠭᠤᠷᠪᠠᠨ ᠬᠡᠪ ᠤᠨ ᠪᠣᠰᠤ︾ ︵ᠬᠡᠪ ᠤᠨ ᠪᠣᠰᠤ ᠠᠷᠠᠯᠵᠢᠶ᠎ᠠ᠂ | ᠬᠡᠪ ᠤᠨ ᠪᠣᠰᠤ ᠪᠡᠯᠡ ᠮᠦᠩᠭᠦ᠂ ᠬᠡᠪ ᠤᠨ ᠪᠣᠰᠤ ᠲᠡᠭᠡᠭᠡᠪᠦᠷᠢ︶ ᠪᠠᠶᠢᠳᠠᠯ ᠢ ᠬᠢᠨᠠᠨ ᠰᠢᠨᠵᠢᠵᠦ᠂ ᠠᠰᠠᠭᠤᠳᠠᠯ ᠤᠨ | ᠰᠦᠪᠡᠭᠴᠢ ᠣᠯᠵᠤ ᠮᠡᠳᠡᠬᠦ ᠠᠷᠭ᠎ᠠ ᠵᠠᠮ ᠢ ᠥᠷᠭᠡᠳᠭᠡᠨ᠎ᠡ︔ ᠬᠦᠮᠦᠷᠭᠡᠯᠡᠨ ᠬᠠᠳᠠᠭᠠᠯᠠᠵᠤ ᠪᠠᠶᠢᠭ᠎ᠠ ᠪᠣᠳᠠᠲᠤ ᠵᠦᠢᠯ ᠢ | ᠪᠠᠶᠢᠴᠠᠭᠠᠬᠤ ᠠᠷᠭ᠎ᠠ ᠶᠢ ᠴᠢᠩᠳᠠᠯᠠᠨ ᠡᠵᠡᠮᠰᠢᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠪᠠ ᠡᠳ᠋ ᠤᠨ ᠵᠠᠰᠠᠭ ᠤᠨ | ᠨᠡᠮᠡᠭᠦᠷᠢ ᠶᠢᠨ ᠮᠦᠩᠭᠦ ᠶᠢᠨ ᠳᠠᠩᠰᠠ ᠬᠠᠷ᠎ᠠ ᠶᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠨ᠎ᠠ︔ ᠲᠣᠮᠣ | ᠳ᠋ᠠᠶᠢᠲ᠋ᠠ᠂ ᠠᠮᠤ ᠪᠤᠳᠠᠭ᠎ᠠ ᠶᠢᠨ ᠤᠶᠤᠨᠴᠢ ᠬᠦᠮᠦᠷᠭᠡ ᠵᠡᠷᠭᠡ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠬᠡᠷᠡᠭᠯᠡᠨ᠂ | ᠶᠡᠭᠡ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠪᠦᠬᠦ ᠤᠯᠤᠰ ᠤᠨ ᠠᠮᠤ ᠪᠤᠳᠠᠭᠠᠨ ᠤ | ᠭᠦᠢᠯᠭᠡᠭᠡ ᠶᠢ ᠬᠢᠨᠠᠠ ᠬᠠᠮᠢᠶᠠᠷᠬᠤ ︽12325︾ ᠬᠠᠯᠠᠮᠰᠢᠯ ᠤᠲᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠢᠯᠡᠴᠢᠯᠡᠨ ᠮᠡᠳᠡᠭᠦᠯᠦᠭᠰᠡᠨ ᠳᠤ ᠱᠠᠩᠨᠠᠬᠤ ᠳᠥᠷᠢᠮ ᠢ ᠪᠠᠶᠢᠭᠤᠯᠵᠤ᠂ ᠨᠡᠶᠢᠭᠡᠮ ᠤᠨ ᠶᠠᠷᠢᠶ᠎ᠠ | ᠬᠡᠯᠡᠯᠴᠡᠭᠡ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ | ︵ᠭᠤᠷᠪᠠ︶ ᠰᠠᠬᠢᠯᠭ᠎ᠠ ᠪᠠᠲᠤ ᠶᠣᠰᠤ ᠳᠥᠷᠢᠮ ᠢ ᠴᠢᠩᠭᠠᠳᠬᠠᠨ᠎ᠠ᠃ ᠤᠯᠤᠰ ᠲᠥᠷᠥ ᠶᠢᠨ ᠮᠡᠳᠡᠯᠭᠡ | ᠪᠣᠯᠪᠠᠰᠤᠷᠠᠯ ᠢᠶᠠᠷ ᠥᠨᠳᠥᠷ᠂ ᠲᠤᠬᠠᠶᠢᠯᠠᠭᠰᠠᠨ ᠠᠵᠢᠯ ᠮᠡᠷᠭᠡᠵᠢᠯ ᠤᠨ ᠴᠢᠳᠠᠪᠤᠷᠢ ᠪᠠᠷ ᠴᠢᠩᠭ᠎ᠠ ᠠᠵᠢᠯᠲᠠᠳ ᠢ | ᠰᠤᠩᠭᠤᠨ ᠲᠣᠮᠢᠯᠠᠵᠤ ᠶᠡᠭᠡ ᠪᠠᠶᠢᠴᠠᠭᠠᠯᠲᠠ ᠶᠢᠨ ᠠᠵᠢᠯ ᠳᠤ ᠣᠷᠣᠯᠴᠠᠭᠤᠯᠤᠨ᠎ᠠ᠃ ᠪᠠᠶᠢᠴᠠᠭᠠᠬᠤ ᠠᠵᠢᠯᠲᠠᠨ ᠨᠢ | ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠥᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠶᠡᠭᠡ ᠪᠠᠶᠢᠴᠠᠭᠠᠯᠲᠠ ᠶᠢᠨ ᠠᠵᠢᠯ ᠢ ᠨᠦᠯᠦᠬᠡᠯᠡᠵᠦ ᠮᠡᠳᠡᠬᠦ ᠶᠠᠮᠠᠷᠪᠠ ᠠᠵᠢᠯᠯᠠᠭ᠎ᠠ ᠳᠤ | ᠣᠷᠣᠯᠴᠠᠵᠤ ᠪᠣᠯᠬᠤ ᠦᠭᠡᠢ᠃ ᠰᠠᠬᠢᠯᠭ᠎ᠠ ᠪᠠᠲᠤ ᠠᠴᠠ ᠵᠦᠷᠢᠴᠡᠵᠦ᠂ ᠬᠠᠷᠢᠭᠤᠴᠠᠯᠭ᠎ᠠ ᠳᠠᠭᠠᠭᠠᠨ ᠡᠭᠦᠷᠭᠡᠯᠡᠬᠦ | ᠦᠭᠡᠢ᠂ ᠬᠠᠷᠢᠭᠤᠴᠠᠯᠭ᠎ᠠ ᠪᠠᠨ ᠭᠦᠢᠴᠡᠳᠭᠡᠬᠦ ᠦᠭᠡᠢ ᠪᠣᠯ ᠬᠠᠤᠯᠢ ᠲᠣᠭᠲᠠᠭᠠᠯ ᠶᠣᠰᠤᠭᠠᠷ ᠴᠢᠩᠭ᠎ᠠ ᠪᠠᠶᠢᠴᠠᠭᠠᠨ | ᠰᠢᠢᠳᠭᠡᠵᠦ ᠬᠠᠷᠢᠭᠤᠴᠠᠯᠭ᠎ᠠ ᠬᠡᠯᠡᠯᠴᠡᠨ᠎ᠡ᠃ ᠨᠢᠭᠤᠴᠠ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠠᠴᠠ ᠰᠡᠷᠭᠡᠶᠢᠯᠡᠨ᠎ᠡ᠃ | ︵ᠳᠥᠷᠪᠡ︶ ᠬᠡᠷᠡᠭ ᠢ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠦᠴᠢᠷ ᠤᠳ ᠶᠡᠭᠡ ᠪᠠᠶᠢᠴᠠᠭᠠᠯᠲᠠ ᠶᠢᠨ ᠬᠤᠭᠤᠴᠠᠭᠠᠨ ᠳᠤ ᠢᠯᠡᠴᠢᠯᠡᠨ ᠵᠠᠭᠠᠯᠳᠤᠭᠰᠠᠨ | ᠬᠡᠷᠡᠭ ᠢ ᠬᠦᠯᠢᠶᠡᠨ ᠠᠪᠬᠤ᠂ ᠪᠠᠶᠢᠴᠠᠭᠠᠨ ᠰᠢᠢᠳᠪᠦᠷᠢᠯᠡᠬᠦ ᠠᠵᠢᠯ ᠢ ᠳᠡᠭᠡᠲᠥ ᠬᠡᠮᠵᠢᠶ᠎ᠡ ᠪᠠᠷ ᠴᠢᠬᠤᠯᠠᠴᠢᠯᠠᠨ᠂ ᠬᠡᠷᠡᠭ ᠢ | ᠰᠢᠢᠳᠪᠦᠷᠢᠯᠡᠬᠦ ᠬᠠᠮᠢᠶ᠎ᠠ ᠪᠦᠬᠦᠢ ᠳᠥᠷᠢᠮ ᠪᠠ ᠪᠡᠯᠡᠳᠭᠡᠯ ᠲᠥᠰᠥᠯ ᠲᠣᠭᠲᠠᠭᠠᠨ᠎ᠠ︔ ᠬᠤᠷᠴᠠ ᠴᠢᠳᠠᠮᠠᠭᠠᠢ | ᠬᠦᠴᠦᠨ ᠢ ᠰᠢᠯᠢᠨ ᠰᠤᠩᠭᠤᠵᠤ᠂ ᠠᠮᠤ ᠪᠤᠳᠠᠭᠠᠨ ᠳᠤ ᠬᠤᠯᠪᠣᠭᠳᠠᠭᠰᠠᠨ ᠢᠯᠡᠴᠢᠯᠡᠨ ᠵᠠᠭᠠᠯᠳᠤᠭᠰᠠᠨ ᠬᠡᠷᠡᠭ ᠤᠳ ᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠵᠠᠷᠭᠤ ᠪᠠᠶᠢᠪᠠᠯ ᠬᠦᠯᠢᠶᠡᠬᠦ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ | ᠪᠠᠶᠢᠴᠠᠭᠠᠳᠠᠭ ᠯᠠ ᠶᠤᠮ ᠪᠣᠯ ᠵᠠᠪᠠᠯ ᠦᠷ᠎ᠡ ᠳ᠋ᠦᠩ ᠭᠠᠷᠭᠠᠬᠤ᠂ ᠬᠠᠷᠢᠭᠤᠴᠠᠯᠭ᠎ᠠ ᠲᠠᠢ ᠪᠣᠯ ᠵᠠᠪᠠᠯ ᠬᠡᠯᠡᠯᠴᠡᠬᠦ᠂ | ᠠᠯᠳᠠᠭ᠎ᠠ ᠪᠤᠷᠤᠭᠤ ᠲᠠᠢ ᠪᠣᠯ ᠵᠠᠪᠠᠯ ᠵᠠᠯᠠᠷᠠᠭᠤᠯᠤᠭᠰᠠᠨ︾ ᠪᠠᠶᠢᠬᠤ ᠬᠡᠷᠡᠭᠲᠡᠢ︔ ᠰᠠᠬᠢᠯᠭ᠎ᠠ ᠪᠠᠲᠤ ᠪᠣᠯᠣᠨ ᠬᠠᠤᠯᠢ | ᠴᠠᠭᠠᠵᠠ ᠠᠴᠠ ᠵᠦᠷᠢᠴᠡᠭᠰᠡᠨ ᠬᠦᠨᠳᠦ ᠬᠡᠷᠡᠭ ᠢ ᠬᠠᠮᠢᠶ᠎ᠠ ᠪᠦᠬᠦᠢ ᠲᠣᠭᠲᠠᠭᠠᠯ ᠶᠣᠰᠤᠭᠠᠷ ᠴᠠᠭ ᠲᠤᠬᠠᠢ ᠳᠤ ᠨᠢ | ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠠᠶᠢᠴᠠᠭᠠᠬᠤ ᠪᠠᠶᠢᠭᠤᠯᠭ᠎ᠠ ᠪᠣᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ | ︵ᠲᠠᠪᠤ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠠᠵᠢᠯ ᠬᠡᠷᠡᠭ | ᠬᠠᠮᠢᠶᠠᠷᠬᠤ ᠡᠷᠬᠡ ᠲᠠᠢ ᠠᠮᠤ ᠪᠤᠳᠠᠭᠠᠨ ᠤ ᠬᠦᠮᠦᠷᠭᠡᠯᠡᠨ ᠬᠠᠳᠠᠭᠠᠯᠠᠵᠤ ᠪᠠᠶᠢᠭ᠎ᠠ ᠲᠤᠭ᠎ᠠ ᠬᠡᠮᠵᠢᠶ᠎ᠡ ᠪᠠ ᠶᠠᠰᠤ ᠴᠢᠨᠠᠷ ᠢ | ᠲᠣᠳᠣᠯᠠᠨ ᠪᠠᠶᠢᠴᠠᠭᠠᠬᠤ ᠠᠵᠢᠯ ᠤᠨ ᠵᠠᠷᠤᠳᠠᠯ ᠢ ᠠᠳᠠᠯᠢ ᠱᠠᠲᠤᠨ ᠤ ᠣᠷᠣᠨ ᠨᠤᠲᠤᠭ ᠤᠨ ᠡᠳ᠋ ᠤᠨ ᠵᠠᠰᠠᠭ ᠨᠢ | ᠳᠠᠭᠠᠭᠠᠨ ᠡᠭᠦᠷᠭᠡᠯᠡᠵᠤ᠂ ᠡᠯ᠎ᠡ ᠱᠠᠲᠤᠨ ᠤ ᠠᠮᠤ ᠪᠤᠳᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠲᠥᠰᠦᠪ ᠲᠤ ᠵᠢᠭᠰᠠᠭᠠᠨ ᠣᠷᠣᠭᠤᠯᠤᠨ᠎ᠠ᠃ ᠡᠯ᠎ᠡ ᠭᠠᠵᠠᠷ ᠣᠷᠣᠨ ᠨᠢ ᠠᠵᠢᠯᠴᠢ ᠠᠷᠪᠢᠴᠢ ᠪᠦᠭᠡᠳ ᠠᠷᠪᠢᠯᠠᠨ | ᠭᠠᠮᠨᠠᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠭᠦᠢᠴᠡᠳ ᠪᠠᠲᠤᠯᠠᠬᠤ ᠵᠠᠷᠴᠢᠮ ᠶᠣᠰᠤᠭᠠᠷ᠂ ᠶᠡᠭᠡ | ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠲᠣᠬᠢᠷᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ︵ᠵᠢᠷᠭᠤᠭ᠎ᠠ︶ ᠤᠬᠠᠭᠤᠯᠵᠤ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ | ᠪᠦᠬᠦᠢ ᠰᠠᠯᠠᠭ᠎ᠠ ᠮᠦᠴᠢᠷ ᠤᠳ ᠶᠡᠭᠡ ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠠᠷᠭ᠎ᠠ | ᠬᠡᠮᠵᠢᠶ᠎ᠡ ᠠᠯᠬᠤᠮ ᠳᠠᠷᠠᠭ᠎ᠠ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ ᠢᠯᠡ ᠲᠣᠳᠣ ᠪᠠᠶᠢᠯᠭᠠᠬᠤ | ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠯᠴᠠᠬᠤ ᠶᠢ ᠵᠣᠷᠢᠬᠵᠢᠭᠤᠯᠤᠨ᠂ ᠨᠡᠶᠢᠭᠡᠮ ᠤᠨ ᠬᠢᠨ ᠤ | ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ ᠶᠠᠷᠢᠶ᠎ᠠ ᠬᠡᠯᠡᠯᠴᠡᠭᠡ ᠪᠠᠷ ᠤᠬᠠᠭᠤᠯᠬᠤ ᠶᠢ ᠴᠢᠩᠭᠠᠳᠬᠠᠨ᠂ ᠵᠠᠬ᠎ᠠ | ᠳᠡᠯᠭᠡᠭᠦᠷ ᠤᠨ ᠵᠢᠱᠢᠯᠲᠠ ᠪᠣᠳᠣᠯ ᠢ ᠵᠥᠪ ᠣᠨᠣᠪᠴᠢᠲᠠᠢ ᠬᠦᠲᠦᠯᠦᠨ ᠵᠢᠯᠣᠭᠤᠳᠴᠦ᠂ ᠨᠡᠶᠢᠭᠡᠮ ᠤᠨ ᠡᠶ᠎ᠡ | ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ |