ᠪᠦ᠋ ᠰᠢᠶᠤᠤ ᠯᠢᠨ ᠤᠯᠠᠭᠠᠨᠴᠠᠪ ᠬᠤᠳᠠ ᠳᠤ ᠪᠠᠶᠢᠴᠭᠠᠠᠨ ᠰᠤᠳᠤᠯᠤᠯᠳᠡ ᠬᠢᠬᠦ ᠳᠤ ᠪᠠᠨ ᠴᠢᠬᠤᠯᠠᠴᠢᠯᠠᠭᠰᠠᠨ ᠨᠢ ᠶᠡᠷᠦᠩᠬᠡᠢ ᠰᠠᠶᠢᠳ ᠯᠢ ᠺᠧ ᠴᠢᠶᠠᠩ ᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠵᠤ ᠲᠤᠬᠤᠨᠢᠭᠤᠯᠬᠤ ᠦᠶ᠎ᠠ ᠳᠤ ᠬᠡᠯᠡᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠲᠦᠮᠦᠰᠦ ᠶᠢᠨ ᠪᠦᠬᠦ ᠠᠵᠤ ᠦᠢᠯᠡᠰ ᠤᠨ ᠬᠡᠯᠬᠢᠶᠠᠨ ᠎ ᠤ ᠬᠦᠭᠵᠢᠯᠳᠡ ᠪᠤᠯᠤᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2019/2/12
     2 ᠳ᠋ᠤᠭᠠᠷ ᠰᠠᠷ᠎ᠠ ᠶᠢᠨ 11᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠲᠤ ᠬᠦᠷᠴᠤ᠂ ᠲᠦᠮᠦᠰᠦ ᠶᠢᠨ ᠠᠵᠤ ᠦᠢᠯᠡᠰ ᠪᠤᠯᠤᠨ ᠳᠦᠭᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠠᠵᠢᠯ ᠢ ᠪᠠᠶᠢᠴᠭᠠᠠᠨ ᠰᠤᠳᠤᠯᠪᠠ᠃      ᠤᠯᠠᠭᠠᠨᠴᠠᠪ ᠬᠤᠳᠠ ᠶᠢᠨ ᠲᠦᠮᠦᠰᠦᠨ ᠤ ᠲᠠᠷᠢᠮᠠᠯ ᠤᠨ ᠲᠠᠯᠠᠪᠠᠢ ᠪᠤᠯᠤᠨ ᠤᠨᠠᠯᠳᠠ ᠶᠢᠨ ᠬᠡᠮᠵᠢᠶ᠎ᠠ ᠴᠦᠮ ᠪᠦᠬᠦ ᠤᠷᠤᠨ ᠤ 1/2 ᠤᠷᠴᠢᠮ ᠢ ᠡᠵᠡᠯᠡᠵᠤ ᠪᠤᠢ᠃ ᠪᠦ᠋ ᠰᠢᠶᠤᠤ ᠯᠢᠨ ᠡᠩ ᠲᠠᠷᠢᠬᠦᠨ ᠳᠤ ᠲᠦ᠋ ᠳ᠋ᠸᠤ ᠵᠢᠢ ︵ᠦᠪᠦᠷ ᠮᠤᠩᠭᠤᠯ︶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠳᠤ ᠬᠦᠷᠴᠤ᠂ ᠲᠦᠮᠦᠰᠦ ᠶᠢ ᠬᠦᠮᠦᠷᠭᠡᠯᠡᠵᠤ ᠪᠠᠶᠢᠬᠤ᠂ ᠡᠳ᠋ᠰᠢᠭᠦᠯᠦᠨ ᠪᠤᠯᠪᠠᠰᠤᠷᠠᠭᠤᠯᠵᠤ ᠪᠠᠶᠢᠬᠤ ᠵᠢᠴᠢ ᠲᠠᠷᠢᠶᠠᠯᠠᠬᠤ ᠡᠷᠦᠬᠡ ᠶᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠵᠤ ᠪᠠᠶᠢᠬᠤ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠪᠦᠭᠡᠳ ᠤᠯᠠᠭᠠᠨᠴᠠᠪ ᠬᠤᠳᠠ ᠶᠢᠨ ᠲᠦᠮᠦᠰᠤᠨ ᠤ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠠᠢ᠃ ᠲᠡᠷᠡ ᠵᠢᠭᠠᠭᠰᠠᠨ ᠨᠢ᠂ ᠲᠦᠮᠦᠰᠦ ᠶᠢ ᠭᠤᠤᠯ ᠠᠮᠤ ᠪᠤᠳᠠᠭ᠎ᠠ ᠪᠤᠯᠭᠠᠬᠤ ᠴᠢᠭᠯᠡᠯ ᠎ ᠳᠤ ᠰᠠᠭᠤᠷᠢᠯᠠᠨ ᠲᠦᠮᠦᠰᠦ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠬᠦᠭᠵᠢᠯᠳᠡ ᠶᠢ ᠭᠦᠨᠵᠡᠭᠡᠢ ᠠᠬᠢᠭᠤᠯᠵᠤ᠂ ᠲᠦᠮᠦᠰᠦ ᠲᠠᠷᠢᠬᠤ ᠨᠦᠬᠦᠪᠦᠷᠢ ᠶᠢᠨ ᠲᠤᠷᠰᠢᠯᠳᠠ ᠶᠢᠨ ᠴᠡᠭ ᠤᠨ ᠠᠵᠢᠯ ᠢ ᠰᠦᠪᠡᠭᠴᠢᠯᠡᠨ ᠬᠡᠷᠡᠭᠵᠢᠭᠦᠯᠵᠤ᠂ ︽ᠤᠯᠠᠭᠠᠨᠴᠠᠪ ᠤᠨ ᠲᠦᠮᠦᠰᠦ︾ ᠭᠡᠬᠦ ᠲᠦᠷᠦᠯ ᠲᠡᠮᠳᠡᠭ ᠤᠨ ᠦᠨ᠎ᠠ ᠦᠷᠳᠡᠭ ᠪᠤᠯᠤᠨ ᠨᠦᠯᠦᠭᠡᠯᠡᠬᠦ ᠬᠦᠴᠦ ᠶᠢ ᠳᠡᠭᠡᠭᠰᠢᠯᠡᠭᠦᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ ᠬᠡᠷᠡᠭᠳᠠᠢ ᠭᠡᠵᠡᠢ᠃      ᠳᠠᠷᠠᠭ᠎ᠠ ᠨᠢ᠂ ᠪᠦ᠋ ᠰᠢᠶᠤᠤ ᠯᠢᠨ ᠴᠢᠶᠤᠤ ᠰᠢ ᠶᠢᠨ ᠸᠧ ᠯᠦᠩ ᠱᠠᠨ ᠤ ᠬᠤᠳᠠ ᠶᠢᠨ ᠳᠦᠭᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠤ᠂ ᠲᠦᠷᠦᠯ ᠵᠦᠢᠯ ᠢ ᠲᠦᠯᠦᠪᠵᠢᠭᠦᠯᠦᠨ ᠬᠡᠷᠡᠭᠵᠢᠭᠦᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠳᠦᠭᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠪᠤᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠮᠦᠨ᠂ ᠪᠠᠰᠠ ᠴᠤ ᠬᠦᠭᠵᠢᠯᠳᠡ ᠶᠢᠨ ᠢᠨᠵᠧᠨᠧᠷᠢᠩ ᠪᠤᠯᠤᠨ᠎ᠠ᠂ ᠳᠦᠭᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠦᠬᠡᠷᠡᠴᠢᠯᠡᠨ ᠪᠠᠶᠢᠭᠤᠯᠬᠤ ᠠᠯᠬᠤᠮ ᠢᠶᠠᠨ ᠲᠦᠷᠭᠡᠳᠭᠡᠨ᠂ ᠳᠦᠬᠦᠮ ᠪᠦᠳᠦᠴᠡᠳᠤ ᠤᠷᠤᠨ ᠰᠠᠭᠤᠴᠠ ᠶᠢᠨ ᠳᠤᠭᠤᠷᠢᠬ ᠤᠨ ᠰᠠᠭᠤᠭᠠᠯᠢ ᠠᠷᠠᠳ ᠤᠨ ᠠᠮᠤᠷ ᠲᠠᠶᠢᠪᠤᠩ ᠤᠷᠤᠰᠢᠨ ᠰᠠᠭᠤᠷᠢᠰᠢᠬᠤ ᠬᠦᠰᠡᠯ ᠢ ᠡᠷᠲᠡᠭᠡᠨ ᠪᠡᠶᠡᠯᠡᠬᠦᠯᠬᠦ ᠬᠡᠷᠡᠭᠲᠡᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠶᠡᠷᠦᠩᠬᠡᠢ ᠰᠠᠶᠢᠳ ᠯᠢ ᠺᠧ ᠴᠢᠶᠠᠩ ᠤᠨ ᠮᠠᠨ ᠤ ᠤᠷᠤᠨ ᠤ ᠤᠯᠠᠭᠠᠨᠴᠠᠪ ᠬᠤᠲᠠ ᠳᠤ ᠰᠢᠨᠵᠢᠯᠡᠨ ᠪᠠᠶᠢᠴᠠᠭᠠᠵᠤ ᠲᠤᠬᠤᠨᠢᠭᠤᠯᠬᠤ ᠦᠶ᠎ᠠ ᠳᠤ ᠬᠡᠯᠡᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠨᠳᠤᠯᠭᠠᠳᠤ ᠴᠢᠨᠠᠷᠳᠠᠢ ᠪᠠᠷ ᠠᠬᠢᠭᠤᠯᠬᠤ ᠠᠷᠭ᠎ᠠ ᠬᠡᠮᠵᠢᠶ᠎ᠠ ᠶᠢ ᠲᠤᠭᠳᠠᠭᠠᠨ᠂ ᠦᠭᠡᠷᠡᠴᠢᠯᠡᠯᠳᠡ ᠬᠦᠭᠵᠢᠯᠳᠡ ᠶᠢ ᠬᠦᠴᠦᠯᠡᠨ ᠠᠬᠢᠭᠤᠯᠵᠤ᠂ ᠠᠷᠠᠳ ᠎ ᠤᠨ ᠠᠮᠢᠳᠤᠷᠠᠯ ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠳᠠᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠤᠯᠠᠭᠠᠨᠴᠠᠪ ᠬᠤᠳᠠ ᠶᠢᠨ ᠬᠠᠷᠢᠭᠤᠴᠠᠯᠭᠠᠳᠠᠨ ᠨᠦᠭᠦᠳ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号