ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠨᠠᠭᠠᠬᠤ ᠤᠬᠠᠭᠠᠨ ᠤ ᠬᠤᠶᠠᠷ ᠰᠤᠳᠤᠯᠭᠠᠨ ᠤ ᠲᠥᠪ ᠢᠯᠡᠷᠬᠡᠶᠢᠯᠡᠯ ᠰᠡᠬᠦᠪᠡ
ᠨᠡᠶᠢᠲᠡᠯᠡᠭᠰᠡᠨ ᠴᠠᠭ᠄
2019/2/12
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠰᠢᠰᠲ᠋ᠧᠮ ᠤᠨ ᠡᠪᠡᠳᠴᠢᠨ ᠤ ᠡᠮᠴᠢᠯᠡᠭᠡᠨ ᠤᠨ ᠠᠨᠠᠭᠠᠬᠤ ᠤᠬᠠᠭᠠᠨ ᠤ ᠰᠤᠳᠤᠯᠭᠠᠨ ᠤ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠢᠯᠡᠷᠬᠡᠶᠢᠯᠡᠯ ᠰᠡᠬᠦᠪᠡ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠰᠢᠶᠤᠤ ᠴᠢᠨ ᠬᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠰᠢᠰᠲ᠋ᠧᠮ ᠤᠨ ᠡᠪᠡᠳᠴᠢᠨ ᠤ ᠡᠮᠴᠢᠯᠡᠭᠡᠨ ᠤᠨ ᠠᠨᠠᠭᠠᠬᠤ ᠤᠬᠠᠭᠠᠨ ᠤ ᠰᠤᠳᠤᠯᠭᠠᠨ ᠤ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠢᠯᠡᠷᠬᠡᠶᠢᠯᠡᠯ ᠡᠯᠭᠦᠨ ᠪᠠᠶᠢᠭᠤᠯᠤᠭᠳᠠᠭᠰᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠬᠤᠶᠠᠷ ᠵᠦᠢᠯ ᠤᠨ ᠠᠨᠠᠭᠠᠬᠤ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠥᠪᠥᠷ ᠮᠣᠩᠭᠤᠯ ᠠᠴᠠ ᠪᠠᠨ ᠭᠠᠷᠴᠤ᠂ ᠪᠥᠬᠦ ᠤᠯᠤᠰ ᠲᠤ ᠬᠠᠨᠳᠤᠬᠤ ᠴᠢᠬᠤᠯᠠ ᠨᠢᠭᠡᠨ ᠠᠯᠬᠤᠮ ᠪᠣᠯᠬᠤᠷ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠰᠢᠰᠲ᠋ᠧᠮ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠪᠣᠯᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠢᠯᠡᠷᠬᠡᠶᠢᠯᠡᠯ ᠰᠡᠬᠦᠨ ᠪᠠᠶᠢᠭᠤᠯᠤᠭᠳᠠᠭᠰᠠᠨ ᠤ ᠳᠠᠷᠠᠭ᠎ᠠ᠂ ᠠᠮᠢᠰᠬᠤᠯ ᠤᠨ ᠰᠢᠰᠲ᠋ᠧᠮ ᠬᠢᠭᠡᠳ ᠵᠢᠷᠦᠬᠡ ᠴᠢᠰᠤᠨ ᠰᠤᠳᠠᠯ ᠤᠨ ᠡᠪᠡᠳᠴᠢᠨ ᠤ ᠬᠦᠷᠢᠶᠡᠨ ᠳᠠᠬᠢ ᠴᠢᠬᠤᠯᠠ ᠶᠡᠭᠡ ᠡᠮᠴᠢᠯᠡᠭᠡᠨ ᠤ ᠬᠡᠷᠡᠭᠴᠡᠭᠡ ᠶᠢᠨ ᠲᠣᠭᠤᠷᠢᠨ ᠳᠤ᠂ ᠰᠠᠭᠤᠷᠢ ᠠᠨᠠᠭᠠᠬᠤ ᠤᠬᠠᠭᠠᠨ ᠪᠠ ᠡᠮᠴᠢᠯᠡᠭᠡᠨ ᠤ ᠠᠨᠠᠭᠠᠬᠤ ᠤᠬᠠᠭᠠᠨ ᠤ ᠤᠯᠠᠷᠢᠭᠤᠯᠤᠯᠲᠠ ᠶᠢᠨ ᠰᠤᠳᠤᠯᠭᠠᠨ ᠢ ᠭᠤᠣᠯᠳᠠᠯᠭ᠎ᠠ ᠲᠠᠢ ᠥᠷᠨᠢᠭᠦᠯᠵᠦ᠂ ᠲᠤᠰ ᠬᠦᠷᠢᠶᠡᠨ ᠳᠠᠬᠢ ᠡᠪᠡᠳᠴᠢᠨ ᠡᠮᠭᠡᠭ ᠢ ᠶᠡᠷᠦᠩᠬᠡᠶᠢᠯᠡᠭᠰᠡᠨ ᠡᠮᠨᠡᠨ ᠵᠠᠰᠠᠬᠤ ᠲᠥᠰᠦᠯ ᠪᠣᠯᠤᠨ ᠡᠮᠴᠢᠯᠡᠭᠡᠨ ᠤ ᠦᠢᠯᠡᠳᠦᠯᠭᠡ ᠶᠢᠨ ᠵᠦᠭᠯᠡᠭᠦᠷ ᠢ ᠨᠡᠭᠡᠭᠡᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠶᠡᠭᠡ ᠪᠠᠷ ᠲᠦᠭᠡᠮᠡᠯᠵᠢᠭᠦᠯᠦᠨ ᠳᠡᠯᠭᠡᠷᠡᠭᠦᠯᠵᠦ᠂ ᠣᠷᠣᠨ ᠤ ᠳᠣᠲᠣᠷᠠᠬᠢ ᠠᠮᠢᠰᠬᠤᠯ ᠤᠨ ᠰᠢᠰᠲ᠋ᠧᠮ ᠬᠢᠭᠡᠳ ᠵᠢᠷᠦᠬᠡ ᠴᠢᠰᠤᠨ ᠰᠤᠳᠠᠯ ᠤᠨ ᠡᠪᠡᠳᠴᠢᠨ ᠤ ᠵᠢᠷᠤᠮᠵᠢᠭᠤᠯᠤᠭᠰᠠᠨ᠂ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠠᠮᠢᠳᠤ ᠪᠣᠳᠠᠰ ᠤᠨ ᠤᠢᠯᠢᠭᠡᠷ ᠤᠨ ᠬᠥᠮᠥᠷᠭᠡ ᠪᠣᠯᠣᠨ ᠮᠡᠳᠡᠭᠡ ᠵᠠᠩᠭᠢ ᠶᠢᠨ ᠬᠥᠮᠥᠷᠭᠡ ᠶᠢ ᠪᠦᠲᠦᠭᠡᠨ ᠪᠠᠶᠢᠭᠤᠯᠵᠤ᠂ ᠡᠮᠴᠢᠯᠡᠭᠡᠨ ᠤ ᠣᠨᠣᠰᠢᠯᠠᠨ ᠡᠮᠨᠡᠬᠦ ᠬᠢᠷᠢ ᠲᠥᠪᠰᠢᠨ ᠢ ᠳᠡᠭᠡᠭᠰᠢᠯᠡᠭᠦᠯᠬᠦ ᠪᠦᠭᠡᠳ ᠣᠷᠣᠨ ᠤ ᠳᠣᠲᠣᠷᠠᠬᠢ ᠠᠮᠢᠰᠬᠤᠯ ᠤᠨ ᠰᠢᠰᠲ᠋ᠧᠮ ᠬᠢᠭᠡᠳ ᠵᠢᠷᠦᠬᠡ ᠴᠢᠰᠤᠨ ᠰᠤᠳᠠᠯ ᠤᠨ ᠡᠪᠡᠳᠴᠢᠨ ᠤ ᠪᠦᠬᠦᠯᠢ ᠴᠣᠭᠴᠠ ᠶᠢᠨ ᠡᠮᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号