ᠯᠢ ᠺᠧ ᠴᠢᠶᠠᠩ ᠲᠦᠷᠦ ᠶᠢᠨ ᠶᠠᠪᠤᠲᠠᠯ ᠤᠨ ᠬᠤᠷᠢᠶᠠᠠ ᠤ ᠪᠠᠶᠢᠩᠭᠤ ᠶᠢᠨ ᠬᠤᠷᠠᠯ ᠢ ᠡᠷᠬᠢᠯᠡᠡ | ᠬᠤᠷᠠᠯᠲᠤᠭᠤᠯᠵᠦ᠂ 2018 ᠤᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠪᠠ ᠰᠠᠨᠠᠯ | ᠲᠤᠷᠠᠲᠤᠯᠭ᠎ᠠ ᠶᠢ ᠰᠢᠢᠳᠪᠦᠷᠢᠯᠡᠭᠰᠡᠡ ᠠᠵᠢᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠤ᠂ ᠵᠠᠰᠠᠭ ᠤᠨ ᠤᠷᠲᠤᠨ ᠤ | ᠵᠠᠰᠠᠭ ᠶᠠᠪᠤᠭᠤᠯᠬᠤ ᠲᠦᠪᠰᠢᠨ ᠢ ᠲᠡᠭᠡᠭᠰᠢᠯᠡᠭᠦᠯᠬᠦ ᠶᠢ ᠠᠬᠢᠭᠤᠯᠵᠠᠢ | ᠡᠨᠡ ᠵᠢᠯ ᠤᠨ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠬᠦᠷᠭᠡ ᠶᠢ ᠨᠠᠶᠢᠲᠠᠪᠤᠷᠢᠵᠢᠭᠤᠯᠬᠤ ᠶᠢ | ᠬᠦᠴᠤᠲᠠᠢ ᠠᠳᠬᠤᠵᠦ᠂ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠲᠤᠭᠠᠠ ᠤ ᠢᠯᠠᠯᠲᠠ | ᠤᠯᠬᠤ ᠳᠤ ᠡᠷᠡᠰ ᠪᠠᠲᠤ ᠰᠠᠭᠤᠷᠢ ᠲᠠᠯᠪᠢᠵᠦ ᠦᠭᠬᠦ ᠭᠡᠷᠡᠭᠲᠡᠢ ᠭᠡᠵᠦ ᠱᠠᠭᠠᠷᠲᠠᠵᠠᠢ | ᠦᠮᠡᠡ ᠡᠪᠡᠳᠴᠢᠨ ᠢ ᠡᠷᠲᠡ ᠤᠨᠤᠰᠢᠯᠠᠵᠦ ᠡᠷᠲᠡ ᠡᠮᠨᠡᠬᠦ ᠪᠠ ᠭᠡᠷᠡᠭᠯᠡᠬᠦ ᠡᠮ ᠢ ᠪᠠᠳᠤᠯᠠᠬᠤ ᠠᠷᠭ᠎ᠠ | ᠬᠡᠮᠵᠢᠶ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠵᠦ᠂ ᠬᠤᠪᠤᠷ ᠲᠤᠬᠢᠶᠠᠯᠲᠤᠬᠤ ᠡᠪᠡᠳᠴᠢᠨ ᠳᠤ ᠬᠡᠷᠡᠭᠯᠡᠬᠦ ᠡᠮ ᠤᠨ | ᠵᠦᠢᠯ ᠳᠤ ᠨᠡᠮᠡᠭᠲᠡᠯ ᠦᠷᠲᠡᠭ ᠤᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠪᠠᠷ ᠲᠤᠭᠲᠠᠵᠠᠢ | ᠬᠤᠲᠠᠯᠲᠤᠭᠠᠠ ᠤ ᠪᠠᠩᠭᠢ ᠶᠢᠨ ᠤᠯᠠᠠ ᠠᠷᠭ᠎ᠠ ᠵᠠᠮ ᠢᠶᠠᠷ ᠬᠦᠷᠦᠩᠭᠡ ᠮᠦᠩᠭᠦ ᠪᠠᠨ ᠨᠦᠬᠦᠪᠦᠷᠢᠯᠡᠬᠦ ᠶᠢ | ᠲᠡᠮᠵᠢᠵᠦ᠂ ᠮᠦᠩᠭᠦᠨ ᠬᠦᠢᠯᠭᠡᠭᠡ ᠶᠢᠨ ᠪᠤᠲᠠᠲᠤ ᠴᠤᠭᠴᠠ ᠶᠢᠨ ᠠᠵᠦ ᠠᠬᠤᠢ ᠳᠤ ᠦᠢᠯᠡᠴᠢᠯᠡᠬᠦ ᠪᠠ ᠠᠶᠤᠯ | ᠲᠦᠭᠰᠢᠬᠦᠷᠢ ᠶᠢ ᠰᠡᠷᠭᠡᠶᠢᠯᠡᠬᠦ ᠴᠢᠲᠠᠪᠤᠷᠢ ᠶᠢ ᠴᠢᠩᠭᠠᠳᠬᠠᠬᠤ ᠪᠠᠷ ᠲᠤᠭᠲᠠᠵᠠᠢ | ᠲᠦᠷᠦ ᠶᠢᠨ ᠶᠠᠪᠤᠲᠠᠯ ᠤᠨ ᠬᠤᠷᠢᠶᠠᠠ ᠤ ᠶᠡᠷᠦᠩᠭᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 1 ᠤ | ᠡᠲᠦᠷ ᠲᠦᠷᠦ ᠶᠢᠨ ᠶᠠᠪᠤᠲᠠᠯ ᠤᠨ ᠬᠤᠷᠢᠶᠠᠠ ᠤ ᠪᠠᠶᠢᠩᠭᠤ ᠶᠢᠨ ᠬᠤᠷᠠᠯ ᠢ ᠡᠷᠬᠢᠯᠡᠡ ᠬᠤᠷᠠᠯᠲᠤᠭᠤᠯᠵᠦ᠂ 2018 | ᠤᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠪᠠ ᠰᠠᠨᠠᠯ ᠲᠤᠷᠠᠲᠤᠯᠭ᠎ᠠ ᠶᠢ ᠰᠢᠢᠳᠪᠦᠷᠢᠯᠡᠭᠰᠡᠡ | ᠠᠵᠢᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠤ᠂ ᠵᠠᠰᠠᠭ ᠤᠨ ᠤᠷᠲᠤᠨ ᠤ ᠵᠠᠰᠠᠭ ᠶᠠᠪᠤᠭᠤᠯᠬᠤ ᠲᠦᠪᠰᠢᠨ ᠢ | ᠲᠡᠭᠡᠭᠰᠢᠯᠡᠭᠦᠯᠬᠦ ᠶᠢ ᠠᠬᠢᠭᠤᠯᠵᠠᠢ︔ ᠡᠨᠡ ᠵᠢᠯ ᠤᠨ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠡᠬᠦᠷᠭᠡ ᠶᠢ ᠨᠠᠶᠢᠲᠠᠪᠤᠷᠢᠵᠢᠭᠤᠯᠬᠤ ᠶᠢ ᠬᠦᠴᠤᠲᠠᠢ ᠠᠳᠬᠤᠵᠦ᠂ ᠶᠠᠲᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠲᠠᠶᠢᠯᠠᠯᠲᠤᠭᠠᠠ ᠤ ᠢᠯᠠᠯᠲᠠ ᠤᠯᠬᠤ ᠳᠤ ᠡᠷᠡᠰ ᠪᠠᠲᠤ ᠰᠠᠭᠤᠷᠢ ᠲᠠᠯᠪᠢᠵᠦ ᠦᠭᠬᠦ ᠭᠡᠷᠡᠭᠲᠡᠢ | ᠭᠡᠵᠦ ᠱᠠᠭᠠᠷᠲᠠᠵᠠᠢ︔ ᠦᠮᠡᠡ ᠡᠪᠡᠳᠴᠢᠨ ᠢ ᠡᠷᠲᠡ ᠤᠨᠤᠰᠢᠯᠠᠵᠦ ᠡᠷᠲᠡ ᠡᠮᠨᠡᠬᠦ ᠪᠠ ᠭᠡᠷᠡᠭᠯᠡᠬᠦ ᠡᠮ ᠢ ᠪᠠᠳᠤᠯᠠᠬᠤ | ᠠᠷᠭ᠎ᠠ ᠬᠡᠮᠵᠢᠶ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠵᠦ᠂ ᠬᠤᠪᠤᠷ ᠲᠤᠬᠢᠶᠠᠯᠲᠤᠬᠤ ᠡᠪᠡᠳᠴᠢᠨ ᠳᠤ ᠬᠡᠷᠡᠭᠯᠡᠬᠦ | ᠡᠮ ᠤᠨ ᠵᠦᠢᠯ ᠳᠤ ᠨᠡᠮᠡᠭᠲᠡᠯ ᠦᠷᠲᠡᠭ ᠤᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠪᠠᠷ ᠲᠤᠭᠲᠠᠵᠠᠢ︔ | ᠬᠤᠲᠠᠯᠲᠤᠭᠠᠠ ᠤ ᠪᠠᠩᠭᠢ ᠶᠢᠨ ᠤᠯᠠᠠ ᠠᠷᠭ᠎ᠠ ᠵᠠᠮ ᠢᠶᠠᠷ ᠬᠦᠷᠦᠩᠭᠡ ᠮᠦᠩᠭᠦ ᠪᠠᠨ ᠨᠦᠬᠦᠪᠦᠷᠢᠯᠡᠬᠦ ᠶᠢ ᠲᠡᠮᠵᠢᠵᠦ᠂ | ᠮᠦᠩᠭᠦᠨ ᠬᠦᠢᠯᠭᠡᠭᠡ ᠶᠢᠨ ᠪᠤᠲᠠᠲᠤ ᠴᠤᠭᠴᠠ ᠶᠢᠨ ᠠᠵᠦ ᠠᠬᠤᠢ ᠳᠤ ᠦᠢᠯᠡᠴᠢᠯᠡᠬᠦ ᠪᠠ ᠠᠶᠤᠯ ᠲᠦᠭᠰᠢᠬᠦᠷᠢ ᠶᠢ | ᠰᠡᠷᠭᠡᠶᠢᠯᠡᠬᠦ ᠴᠢᠲᠠᠪᠤᠷᠢ ᠶᠢ ᠴᠢᠩᠭᠠᠳᠬᠠᠬᠤ ᠪᠠᠷ ᠲᠤᠭᠲᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠲᠤᠨᠤᠨ ᠲᠦᠷᠦ ᠶᠢᠨ ᠶᠠᠪᠤᠲᠠᠯ ᠤᠨ ᠬᠤᠷᠢᠶᠠᠠ ᠤ ᠰᠠᠯᠠᠭ᠎ᠠ | ᠮᠦᠴᠢᠷ ᠠᠴᠠ ᠲᠦᠷᠦᠭᠦᠯᠡᠨ 6319 ᠬᠤᠪᠢ ᠰᠠᠨᠠᠭᠤᠯᠭ᠎ᠠ᠂ 3863 ᠬᠤᠪᠢ ᠰᠠᠨᠠᠯ ᠲᠤᠷᠠᠲᠤᠯᠭ᠎ᠠ ᠶᠢ | ᠰᠢᠢᠳᠪᠦᠷᠢᠯᠡᠵᠦ᠂ ᠲᠤᠰ ᠪᠦᠷᠢ ᠶᠡᠷᠦᠩᠭᠡᠢ ᠲᠤᠭᠠᠠ ᠤ 88.5 % ᠪᠠ 87% ᠶᠢ ᠡᠵᠡᠯᠡᠵᠦ᠂ 1400 ᠭᠠᠷᠤᠢ | ᠲᠦᠷᠦᠯ ᠤᠨ ᠬᠤᠯᠪᠤᠭᠲᠠᠯ ᠪᠦᠬᠦᠢ ᠲᠦᠷᠦ ᠶᠢᠨ ᠪᠤᠲᠤᠯᠭ᠎ᠠ ᠠᠷᠭ᠎ᠠ ᠶᠢᠨ ᠬᠡᠮᠵᠢᠶ᠎ᠠ ᠲᠤᠭᠲᠠᠭᠠᠬᠤ ᠶᠢ ᠠᠬᠢᠭᠤᠯᠵᠤ᠂ | ᠦᠭᠡᠷᠡᠴᠢᠯᠡᠯᠲᠡ ᠬᠦᠭᠵᠢᠯᠲᠠ ᠪᠤᠯᠤᠨ ᠠᠷᠠᠳ ᠤᠨ ᠠᠮᠢᠲᠤᠷᠠᠯ ᠤᠨ ᠰᠠᠶᠢᠵᠢᠷᠠᠯᠳᠠ ᠶᠢ ᠠᠬᠢᠭᠤᠯᠵᠠᠢ ᠭᠡᠪᠡ᠃ | ᠬᠤᠷᠠᠯ ᠠᠴᠠ᠂ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠲᠤᠭᠠᠠ ᠤ ᠠᠬᠢᠴᠠ ᠶᠢᠨ | ᠬᠠᠷᠢᠭᠤ ᠮᠡᠲᠡᠭᠦᠯᠦᠯᠲᠡ ᠶᠢ ᠰᠤᠨᠤᠰᠴᠤ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠲᠠᠯ ᠤᠨ ᠬᠤᠷᠢᠶᠠᠠ ᠤ ᠪᠠᠶᠢᠷᠢᠯᠠᠭᠤᠯᠤᠯᠲᠠ ᠶᠤᠰᠤᠭᠠᠷ᠂ ᠶᠠᠲᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠯᠠᠪᠲᠠᠭᠤᠨ ᠪᠠᠳᠤᠳᠠᠢ ᠠᠬᠢᠭᠤᠯᠵᠦ᠂ ᠨᠢᠲᠤᠨᠤᠨ 1386 ᠲᠦᠮᠡᠡ ᠬᠦᠮᠦᠨ ᠢ | ᠶᠠᠲᠠᠭᠤ ᠠᠴᠠ ᠠᠩᠭᠢᠵᠢᠷᠠᠭᠤᠯᠵᠠᠢ᠃ ᠡᠨᠡ ᠵᠢᠯ ᠤᠨᠴᠠ ᠶᠠᠳᠠᠭᠤ ᠬᠦᠴᠢᠷᠲᠠᠯᠲᠠᠢ ᠭᠠᠵᠠᠷ ᠤᠷᠤᠨ ᠢ ᠶᠠᠲᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠬᠦᠴᠤᠲᠠᠢ ᠠᠬᠢᠭᠤᠯᠵᠦ᠂ ᠲᠠᠬᠢᠭᠠᠳ 1000 ᠲᠦᠮᠡ ᠠᠴᠠ ᠲᠡᠭᠡᠭᠰᠢ | ᠬᠦᠮᠦᠨ ᠢ ᠶᠠᠲᠠᠭᠤ ᠠᠴᠠ ᠠᠩᠭᠢᠵᠢᠷᠠᠭᠤᠯᠬᠤ ᠶᠢ ᠪᠠᠲᠤᠯᠠᠬᠤ ᠬᠡᠷᠡᠭᠳᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠦᠮᠡᠡ᠂ ᠬᠤᠪᠤᠷ ᠲᠤᠬᠢᠶᠠᠯᠲᠤᠬᠤ ᠡᠪᠡᠳᠴᠢᠨ ᠵᠡᠷᠭᠡ ᠬᠦᠨᠲᠦ | ᠶᠡᠭᠡ ᠡᠪᠡᠳᠴᠢᠨ ᠢ ᠰᠡᠷᠭᠡᠶᠢᠯᠡᠡ ᠡᠮᠨᠡᠬᠦ ᠶᠢ ᠴᠢᠩᠭᠠᠳᠬᠠᠨ᠎ᠠ ᠭᠡᠵᠡᠢ᠃ ᠨᠢᠭᠡ ᠳᠤ ᠦᠮᠡᠡ ᠡᠪᠡᠳᠴᠢᠨ ᠢ ᠤᠨᠤᠰᠢᠯᠠᠠ | ᠡᠮᠨᠡᠬᠦ ᠰᠢᠰᠲ᠋ᠧᠮᠵᠢ ᠶᠢ ᠰᠢᠮᠳᠠᠭᠤᠯᠤᠨ ᠳᠡᠭᠦᠯᠳᠡᠷᠵᠢᠭᠦᠯᠦᠨ᠎ᠠ᠃ ᠬᠤᠶᠠᠷ ᠲᠤ ᠬᠢᠯᠢ ᠶᠢᠨ ᠲᠤᠲᠤᠨ᠎ᠠ ᠭᠠᠲᠠᠨᠠᠬᠢ | ᠦᠮᠡᠡ ᠡᠪᠡᠳᠴᠢᠨ ᠢ ᠡᠰᠡᠷᠭᠦᠴᠡᠬᠦ ᠰᠢᠨ᠎ᠠ ᠡᠮ ᠢ ᠲᠠᠩᠰᠠᠯᠠᠵᠦ ᠬᠢᠨᠠᠠ ᠵᠦᠪᠰᠢᠶᠡᠷᠡᠬᠦ ᠶᠢ ᠲᠦᠷᠭᠡᠳᠭᠡᠵᠦ᠂ | ᠡᠪᠡᠳᠴᠢᠲᠠᠨ ᠤ ᠪᠠᠴᠢᠮ ᠭᠡᠷᠡᠭᠴᠡᠭᠡ ᠶᠢ ᠬᠠᠩᠭᠠᠨ᠎ᠠ᠃ ᠭᠤᠷᠪᠠ ᠳᠤ ᠬᠤᠪᠤᠷ ᠲᠤᠬᠢᠶᠠᠯᠲᠤᠬᠤ ᠡᠪᠡᠳᠴᠢᠨ ᠳᠤ | ᠨᠡᠷᠪᠡᠭᠳᠡᠭᠰᠡᠨ 2000 ᠭᠠᠷᠤᠢ ᠲᠦᠮᠡᠡ ᠡᠪᠡᠳᠴᠢᠲᠠᠠ ᠤ ᠭᠡᠷᠡᠭᠯᠡᠬᠦ ᠡᠮ ᠢ ᠪᠠᠲᠤᠯᠠᠨ᠎ᠠ᠃ 3 ᠳ᠋ᠤᠭᠠᠷ ᠰᠠᠷ᠎ᠠ ᠶᠢᠨ | 1 ᠤ ᠡᠲᠦᠷ ᠠᠴᠠ ᠡᠬᠢᠯᠡᠵᠦ᠂ ᠲᠦᠷᠦᠭᠦᠦ ᠪᠦᠯᠦᠭ 21 ᠵᠦᠢᠯ ᠤᠨ ᠬᠤᠪᠤᠷ ᠲᠤᠬᠢᠶᠠᠯᠲᠤᠬᠤ ᠡᠪᠡᠳᠴᠢᠨ ᠳᠤ | ᠬᠡᠷᠡᠭᠯᠡᠬᠦ ᠡᠮ ᠪᠠ 4 ᠵᠦᠢᠯ ᠤᠨ ᠲᠦᠬᠦᠭᠡᠢ ᠮᠠᠲ᠋ᠧᠷᠢᠶᠠᠯ ᠤᠨ ᠡᠮ ᠤᠨ ᠨᠡᠮᠡᠭᠲᠡᠯ ᠦᠷᠲᠡᠭ ᠤᠨ ᠭᠠᠶᠢᠯᠢ ᠶᠢ | 3% ᠪᠠᠷ ᠬᠠᠰᠤᠨ ᠬᠤᠷᠢᠶᠠᠨ᠎ᠠ᠃ | ᠬᠤᠷᠠᠯ ᠠᠴᠠ᠂ ᠬᠤᠲᠠᠯᠲᠤᠭᠠᠠ ᠤ ᠪᠠᠩᠭᠢ ᠶᠢᠨ ᠬᠢᠨ ᠤᠯᠠᠠ ᠠᠷᠭ᠎ᠠ ᠵᠠᠮ ᠢᠶᠠᠷ ᠬᠦᠷᠦᠩᠭᠡ ᠮᠦᠩᠭᠦ ᠪᠠᠨ | ᠨᠦᠬᠦᠪᠦᠷᠢᠯᠡᠵᠦ᠂ ᠵᠤᠭᠤᠰᠤᠨ ᠤ ᠲᠦᠷᠦ ᠶᠢᠨ ᠪᠤᠲᠤᠯᠭ᠎ᠠ ᠶᠢ ᠲᠠᠮᠵᠢᠭᠤᠯᠬᠤ ᠲᠤᠭᠲᠠᠴᠠ ᠶᠢ ᠴᠢᠨᠠᠭᠰᠢᠲᠠ | ᠰᠢᠯᠤᠭᠤᠳᠬᠠᠠ᠂ ︽ᠶᠡᠭᠡ ᠤᠰᠤ ᠪᠠᠷ ᠨᠡᠯᠡᠶᠢᠳᠡᠯᠠ ᠤᠰᠤᠯᠠᠬᠤ︾ ᠠᠷᠭ᠎ᠠ ᠠᠪᠬᠤ ᠦᠭᠡᠢ ᠪᠠᠶᠢᠬᠤ ᠶᠢ | ᠪᠠᠷᠢᠮᠳᠠᠯᠠᠬᠤ ᠶᠢᠨ ᠬᠠᠮᠳᠤ ᠠᠷᠠᠳ ᠤᠨ ᠡᠵᠡᠩᠨᠡᠯᠲᠠ ᠶᠢᠨ ᠠᠵᠤ ᠠᠬᠤᠢᠢᠯᠠᠯ᠂ ᠪᠠᠭ᠎ᠠ ᠵᠢᠵᠢᠭ ᠠᠵᠦ ᠠᠬᠤᠢᠢᠯᠠᠯ | ᠵᠡᠷᠭᠡ ᠳᠤ ᠮᠦᠩᠭᠦᠨ ᠬᠦᠢᠯᠭᠡᠭᠡᠨ ᠤ ᠲᠡᠮᠵᠢᠯᠭᠡ ᠦᠵᠡᠭᠦᠯᠬᠦ ᠶᠢ ᠠᠬᠢᠭᠤᠯᠬᠤ ᠪᠠᠷ ᠲᠤᠭᠲᠠᠵᠠᠢ᠃ | |