︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/2/13
               ᠥᠪᠥᠷ ᠵᠠᠰᠠᠭ ᠠᠯᠪᠠᠨ ᠲᠠᠷᠬᠠᠭᠠᠭᠰᠠᠨ ﹇2018﹈ 65 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠷᠢᠶᠠᠯᠠᠩ ᠲᠠᠷᠢᠶᠠᠴᠢᠨ ᠬᠦᠳᠡᠭᠡ ᠲᠤᠰᠬᠤᠨ︾᠎ ᠤ ᠠᠵᠢᠯ ᠤᠨ ᠲᠠᠯ᠎ᠠ ᠪᠠᠷ ᠬᠢ ᠴᠢᠬᠤᠯᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠦᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠴᠢᠨᠠᠷᠵᠢᠭᠤᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ ᠲᠠᠷᠢᠶᠠᠯᠠᠩ ᠬᠦᠳᠡᠭᠡ ᠲᠤᠰᠬᠤᠨ ᠤ ᠣᠳᠣᠬᠢᠴᠢᠯᠠᠯᠲᠠ ᠪᠣᠯᠣᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠠᠵᠢᠯ ᠤᠨ ᠲᠣᠬᠠᠢ ᠳᠤᠤᠷᠠᠬᠢ ᠮᠡᠲᠦ ᠬᠡᠷᠡᠭᠵᠢᠭᠦᠯᠬᠦ ᠰᠠᠨᠠᠯ ᠢ ᠲᠤᠷᠠᠳᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠲᠣᠭᠲᠠᠭᠤᠨ ᠪᠠᠶᠢᠯᠭᠠᠬᠤ ᠮᠦᠷᠳᠡᠭᠡᠨ ᠳᠠᠪᠰᠢᠨ ᠣᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠤᠭᠤᠷᠢᠨ ᠳᠤ᠂ ᠰᠢᠨ᠎ᠡ ᠴᠠᠭ ᠦᠶ᠎ᠡ ᠶᠢᠨ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠴᠢᠨᠠᠷᠵᠢᠭᠤᠨ ᠬᠥᠭᠵᠢᠬᠦ ᠶᠢ ᠠᠬᠢᠭᠤᠯᠤᠨ᠂ ᠲᠠᠷᠢᠶᠠᠯᠠᠩ ᠬᠦᠳᠡᠭᠡ ᠲᠤᠰᠬᠤᠨ ᠤ ᠣᠳᠣᠬᠢᠴᠢᠯᠠᠯᠲᠠ ᠶᠢ ᠲᠦᠷᠭᠡᠳᠭᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠤᠭᠴᠠᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃     ᠬᠤᠶᠠᠷ᠂ ᠦᠨᠳᠦᠰᠦᠨ ᠵᠠᠷᠴᠢᠮ      — ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠵᠤ᠂ ᠨᠡᠶᠢᠭᠡᠮ ᠤᠨ ᠬᠢᠨ ᠢ ᠣᠷᠤᠯᠴᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠢ ᠴᠢᠩᠭᠠᠷᠠᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠤᠭᠤᠯᠤᠯᠲᠠ ᠬᠢᠬᠦ ᠡᠷᠴᠢᠮ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠨ ᠠᠵᠢᠯᠯᠠᠭᠤᠯᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠨᠡᠶᠢᠭᠡᠮ ᠳᠠᠶᠠᠭᠠᠷ ᠤᠨ ᠬᠢᠨ ᠢ ᠤᠷᠮᠠᠰᠢᠭᠤᠯᠤᠨ ᠳᠠᠶᠢᠴᠢᠯᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠠᠰᠢᠭᠲᠠᠢ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠵᠤ ᠥᠭᠭᠦᠨ᠎ᠡ᠃      — ᠬᠦᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠎ᠠ᠃ ᠪᠦᠲᠦᠴᠡ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠠᠮᠦᠷ ᠲᠥᠪᠰᠢᠨ ᠪᠦᠭᠡᠳ ᠦᠨᠳᠦᠷ ᠪᠦᠲᠦᠮᠵᠢᠲᠡᠢ ᠪᠠᠶᠢᠬᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠵᠤ᠂ ᠣᠯᠠᠨ ᠲᠦᠮᠡᠨ ᠤ ᠬᠡᠷᠡᠭᠯᠡᠬᠦ ᠪᠠᠷ ᠱᠠᠭᠠᠷᠳᠠᠭᠳᠠᠬᠤ ᠵᠠᠮ ᠢ ᠵᠠᠰᠠᠵᠤ᠂ ᠣᠯᠠᠨ ᠲᠦᠮᠡᠨ ᠳᠤ ᠰᠡᠳᠬᠢᠯ ᠬᠠᠨᠤᠮᠵᠢᠲᠠᠢ ᠪᠠᠶᠢᠯᠭᠠᠬᠤ ᠵᠠᠮ ᠢ ᠵᠠᠰᠠᠵᠤ᠂ ᠠᠷᠠᠳ ᠲᠦᠮᠡᠨ ᠳᠤ ᠠᠮᠦᠷ ᠲᠥᠪᠰᠢᠨ ᠪᠦᠭᠡᠳ ᠲᠠᠭᠠᠯᠠᠮᠵᠢᠲᠠᠢ᠂ ᠳᠦᠭᠦᠮ ᠳᠦᠳᠡ ᠪᠦᠭᠡᠳ ᠰᠠᠭᠠᠳ ᠦᠭᠡᠢ ᠵᠠᠮᠨᠠᠵᠤ ᠠᠶᠠᠯᠠᠬᠤ ᠨᠦᠬᠦᠴᠡᠯ ᠢ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠨᠡᠩ ᠪᠦᠷᠢᠨ ᠲᠡᠭᠦᠯᠳᠡᠷ ᠪᠦᠬᠦᠢ ᠵᠠᠰᠠᠮᠠᠯ ᠵᠠᠮ ᠬᠠᠷᠢᠯᠴᠠᠭ᠎ᠠ ᠶᠢᠨ ᠦᠢᠯᠡᠴᠢᠯᠡᠭᠡ ᠶᠢ ᠬᠠᠩᠭᠠᠨ᠎ᠠ᠃      — ᠨᠢᠭᠡᠲᠦᠯᠲᠡᠢ ᠲᠦᠯᠦᠪᠯᠡᠨ ᠵᠡᠷᠭᠡ ᠳᠤ ᠨᠢ ᠬᠠᠷᠠᠭᠠᠯᠵᠠᠵᠤ᠂ ᠵᠣᠬᠢᠴᠠᠭᠤᠯᠤᠨ ᠬᠥᠭᠵᠢᠭᠦᠯᠦᠨ᠎ᠡ᠃ ᠭᠠᠵᠠᠷ ᠣᠷᠣᠨ ᠤ ᠪᠣᠲᠠᠲᠠᠢ ᠳᠤ ᠲᠣᠬᠢᠷᠠᠭᠤᠯᠬᠤ ᠪᠠ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠢᠳᠠᠯ ᠤᠨ ᠬᠢᠷᠢ ᠪᠠᠷ ᠢᠶᠠᠨ ᠠᠵᠢᠯᠯᠠᠬᠤ ᠮᠦᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠬᠤᠲᠠ ᠬᠦᠳᠡᠭᠡ ᠶᠢᠨ ᠣᠷᠣᠨ ᠪᠦᠰᠡ ᠶᠢᠨ ᠵᠠᠰᠠᠮᠠᠯ ᠵᠠᠮ ᠤᠨ ᠵᠣᠬᠢᠴᠠᠯᠳᠤᠨ ᠬᠥᠭᠵᠢᠬᠦ ᠶᠢ ᠨᠢᠭᠡᠲᠦᠯᠲᠡᠢ ᠲᠦᠯᠦᠪᠯᠡᠵᠦ ᠠᠬᠢᠭᠤᠯᠤᠨ᠂ ᠬᠢᠯᠢ ᠬᠢᠵᠠᠭᠠᠷ ᠪᠤᠶᠢᠲᠠ ᠪᠦᠭᠯᠡᠭᠦᠦ ᠭᠠᠵᠠᠷ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠳᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠵᠠᠮ ᠤᠨ ᠲᠣᠣᠷ ᠰᠦᠯᠵᠢᠶ᠎ᠡ ᠶᠢ ᠪᠣᠢ ᠪᠣᠯᠭᠠᠬᠤ ᠪᠠ ᠬᠤᠲᠠ ᠪᠠᠷ ᠬᠦᠳᠡᠭᠡ ᠲᠤᠰᠬᠤᠨ ᠢ ᠳᠠᠶᠢᠴᠢᠯᠠᠬᠤ ᠶᠢ ᠴᠢᠬᠤᠯᠠᠴᠢᠯᠠᠨ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠦᠢᠯᠡᠰ ᠤᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ᠃      — ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠦᠲᠦᠯᠦᠨ ᠳᠠᠭᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠨ ᠠᠵᠢᠯᠯᠠᠭᠤᠯᠬᠤ ᠶᠢᠨ ᠦᠭᠡᠷᠡᠴᠢᠯᠡᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠳᠤ ᠠᠰᠢᠭᠲᠠᠢ ᠪᠠᠶᠢᠬᠤ ᠣᠯᠠᠨ ᠵᠠᠮ ᠮᠥᠷ ᠢᠶᠠᠷ ᠪᠡᠯᠡ ᠣᠷᠤᠭᠤᠯᠬᠤ ᠲᠣᠭᠲᠠᠴᠠ ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠲᠤ ᠨᠡᠶᠢᠴᠡᠭᠰᠡᠨ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠰᠢᠰᠲ᠋ᠧᠮᠵᠢ ᠶᠢ ᠡᠭᠦᠳᠴᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠶᠤᠯ ᠦᠭᠡᠢ ᠡᠵᠡᠩᠨᠡᠨ ᠠᠵᠢᠯᠯᠠᠬᠤ ᠳᠤ ᠠᠰᠢᠭᠲᠠᠢ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠲᠣᠬᠢᠷᠠᠭᠰᠠᠨ ᠵᠠᠰᠠᠮᠠᠯ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃      ᠭᠤᠷᠪᠠ᠂ ᠬᠥᠭᠵᠢᠯᠲᠡ ᠶᠢᠨ ᠬᠠᠷᠠᠯᠲᠠ      ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠢ ᠠᠬᠢᠭᠤᠯᠵᠤ᠂ ᠵᠠᠮ ᠤᠨ ᠲᠣᠣᠷ ᠰᠦᠯᠵᠢᠶᠡᠨ ᠤ ᠪᠦᠲᠦᠴᠡ ᠶᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠴᠢᠯᠠᠨ ᠬᠠᠮᠠᠭᠠᠯᠠᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠵᠠᠮ ᠤᠨ ᠡᠳ᠋ ᠬᠦᠷᠦᠩᠭᠡ ᠵᠠᠮ ᠤᠨ ᠡᠷᠬᠡ ᠶᠢ ᠬᠠᠮᠠᠭᠠᠯᠠᠨ᠂ ᠲᠡᠭᠡᠭᠡᠪᠦᠷᠢᠯᠡᠬᠦ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠬᠦᠳᠡᠭᠡ ᠲᠤᠰᠬᠤᠨ ᠤ ᠣᠳᠣᠬᠢᠴᠢᠯᠠᠯᠲᠠ᠂ ᠴᠢᠨᠡᠭᠡᠯᠢᠭ ᠨᠡᠶᠢᠭᠡᠮ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠴᠤᠭᠴᠠᠯᠠᠨ᠎ᠠ᠃ 2020 ᠣᠨ ᠪᠣᠯᠬᠤ ᠳᠤ᠂ ᠳᠣᠣᠷᠠᠬᠢ ᠳᠥᠷᠪᠡᠨ ᠲᠠᠯ᠎ᠠ ᠶᠢᠨ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠄      — ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠲᠣᠣᠷ ᠰᠦᠯᠵᠢᠶᠡᠨ ᠤ ᠪᠦᠲᠦᠴᠡ ᠶᠢ ᠢᠯᠡᠳᠲᠡ ᠰᠠᠶᠢᠵᠢᠷᠠᠭᠤᠯᠤᠨ᠎ᠠ᠃ ᠨᠦᠬᠦᠴᠡᠯ ᠪᠦᠷᠢᠯᠳᠦᠭᠦᠯᠦᠭᠰᠡᠨ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠪᠣᠯᠣᠨ ᠬᠠᠰᠤᠵᠤ ᠨᠡᠶᠢᠯᠡᠭᠦᠯᠦᠭᠰᠡᠨ ᠪᠠᠶᠢᠭᠤᠯᠤᠮᠵᠢᠲᠦ ᠲᠤᠰᠬᠤᠨ ᠪᠦᠬᠦᠨ ᠳᠤ ᠴᠦᠮ ᠳᠡᠪᠢᠰᠴᠦ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠪᠣᠯᠣᠨ ᠤᠯᠤᠰ ᠤᠨ ᠦᠮᠴᠢᠯᠡᠯᠲᠦ ᠰᠢᠭᠤᠶᠢᠲᠤ ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      — ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠪᠦᠬᠦᠨ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠪᠠᠶᠢᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠢᠶᠠᠷᠴᠤ ᠠᠷᠠᠴᠢᠯᠠᠬᠤ ᠵᠠᠷᠤᠳᠠᠯ ᠤᠨ ᠵᠠᠷᠤᠯᠭ᠎ᠠ ᠶᠢ ᠡᠳ᠋ ᠤᠨ ᠵᠠᠰᠠᠭ ᠤᠨ ᠲᠦᠰᠦᠪ ᠲᠤ 100%᠎ ᠪᠠᠷ ᠣᠷᠤᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠵᠠᠮ ᠤᠨ ᠠᠬᠠᠯᠠᠭᠴᠢ ᠶᠢᠨ ᠳᠦᠷᠢᠮ︾᠎ ᠢ ᠦᠨᠳᠦᠰᠦᠨ ᠳᠤ ᠪᠠᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠦᠨᠳᠦᠰᠦᠨ ᠳᠤ ᠪᠠᠨ ᠪᠦᠷᠢᠨᠰᠢᠭᠦᠯᠵᠦ᠂ ᠵᠠᠮ ᠢ ᠬᠠᠶᠢᠷᠠᠯᠠᠵᠤ ᠬᠠᠮᠠᠭᠠᠯᠠᠬᠤ ᠲᠠᠯ᠎ᠠ ᠪᠠᠷ ᠬᠢ ᠰᠢᠶᠠᠩ ᠪᠠ ᠲᠤᠰᠬᠤᠨ ᠤ ᠳᠦᠷᠢᠮ ᠠᠷᠠᠳ ᠤᠨ ᠭᠡᠷ᠎ᠡ ᠲᠣᠭᠲᠠᠭᠠᠬᠤ ᠨᠤᠷᠮ᠎ᠠ ᠶᠢ 100% ᠪᠣᠯᠭᠠᠨ᠎ᠠ᠃      — ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠠᠷᠠᠴᠢᠯᠠᠵᠤ ᠬᠠᠮᠠᠭᠠᠯᠠᠬᠤ ᠶᠢᠨ ᠪᠠᠷᠢᠮᠵᠢᠶᠠᠵᠢᠯᠲᠠ ᠶᠢ ᠪᠡᠶᠡᠯᠡᠭᠦᠯᠦᠨ᠎ᠡ᠃ ᠬᠤᠰᠢᠭᠤ ᠰᠢᠶᠠᠨ ᠤ ᠱᠠᠲᠤᠨ ᠤ ᠵᠠᠰᠠᠮᠠᠯ ᠵᠠᠮ ᠤᠨ ᠠᠷᠠᠴᠢᠯᠠᠵᠤ ᠬᠠᠮᠠᠭᠠᠯᠠᠬᠤ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠮᠧᠬᠠᠨᠢᠬᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠶᠠᠩ ᠲᠤᠰᠬᠤᠨ ᠬᠤᠶᠠᠷ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠵᠤ ᠬᠠᠮᠠᠭᠠᠯᠠᠬᠤ ᠠᠵᠢᠯᠲᠠᠳ ᠪᠦᠬᠦᠨ ᠢ ᠠᠵᠢᠯ ᠤᠨ ᠪᠠᠶᠢᠷᠢᠨ ᠳᠤ ᠨᠠᠶᠢᠳᠠᠪᠣᠷᠢᠵᠢᠭᠤᠯᠤᠨ ᠪᠤᠲᠠᠲᠠᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠵᠤ ᠬᠠᠮᠠᠭᠠᠯᠠᠬᠤ ᠪᠠᠷᠢᠯᠭ᠎ᠠ ᠳᠠᠬᠢ ᠣᠷᠣᠨ ᠨᠤᠲᠤᠭ ᠤᠨ ᠦᠪᠡᠰᠦᠪᠡᠨ ᠬᠤᠷᠠᠮᠳᠤᠭᠤᠯᠬᠤ ᠪᠡᠯᠡ ᠮᠦᠩᠭᠦ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳᠦᠷ ᠲᠤᠳᠤᠮ ᠤᠨ ᠠᠷᠠᠴᠢᠯᠠᠵᠤ ᠬᠠᠮᠠᠭᠠᠯᠠᠬᠤ ᠪᠡᠯᠡ ᠮᠦᠩᠭᠦ ᠶᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠪᠦᠬᠦᠨ ᠢ ᠡᠷᠬᠡᠪᠰᠢ ᠠᠷᠠᠴᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠭᠲᠠᠭᠰᠠᠨ ᠪᠠᠶᠢᠭᠤᠯᠤᠮᠵᠢ ᠪᠣᠯᠣᠨ ᠠᠵᠢᠯᠲᠠᠨ ᠤ ᠠᠷᠠᠴᠢᠯᠠᠬᠤ ᠨᠣᠷᠮ᠎ᠠ ᠶᠢ 100%᠎ ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠢᠯᠢᠳᠡᠭ ᠰᠠᠶᠢᠨ ᠳᠤᠮᠳᠠ ᠳᠡᠰ ᠠᠴᠠ ᠳᠡᠭᠡᠭᠰᠢᠬᠢ ᠵᠠᠮ ᠤᠨ ᠡᠵᠡᠯᠡᠬᠦ ᠬᠠᠷᠢᠴᠠᠯ ᠢ 75%᠎ ᠳᠤ ᠬᠦᠷᠦᠭᠦᠯᠦᠨ᠎ᠡ᠃      — ᠮᠠᠯᠵᠢᠬᠤ ᠲᠠᠷᠢᠶᠠᠯᠠᠬᠤ ᠣᠷᠣᠨ ᠳᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠲᠡᠷᠭᠡ ᠨᠡᠪᠲᠡᠷᠡᠬᠦ ᠨᠦᠬᠦᠴᠡᠯ ᠢ ᠪᠦᠷᠢᠯᠳᠦᠭᠦᠯᠦᠭᠰᠡᠨ ᠭᠠᠴᠠᠭ᠎ᠠ ᠲᠤᠰᠬᠤᠨ ᠤ ᠠᠶᠠᠨᠴᠢᠳ ᠤᠨ ᠮᠠᠰᠢᠨ ᠲᠡᠷᠭᠡ ᠨᠡᠪᠲᠡᠷᠡᠬᠦ ᠨᠤᠷᠮ᠎ᠠ ᠶᠢ 100%᠎ ᠳᠤ ᠬᠦᠷᠦᠭᠦᠯᠵᠦ᠂ ᠬᠤᠲᠠ ᠬᠦᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠨᠢᠭᠡ ᠴᠤᠭᠴᠠᠵᠢᠯᠲᠠ ᠨᠢ AAA ᠳᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠳᠤ ᠬᠦᠷᠦᠭᠰᠡᠨ ᠬᠤᠰᠢᠭᠤ ᠰᠢᠶᠠᠨ ︵ᠬᠤᠲᠠ᠂ ᠲᠤᠭᠤᠷᠢᠭ︶᠎ ᠢ 60%᠎ ᠠᠴᠠ ᠳᠠᠪᠠᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠦᠢᠯᠡᠴᠢᠯᠡᠬᠦ ︽ᠬᠠᠮᠤᠭ ᠤᠨ ᠠᠩᠬᠠᠨ ᠤ ᠨᠢᠭᠡ ᠺᠢᠯᠣᠮᠧᠲᠷ︾ ᠪᠣᠯᠣᠨ ︽ᠬᠠᠮᠤᠭ ᠤᠨ ᠡᠴᠦᠰ ᠤᠨ ᠨᠢᠭᠡ ᠺᠢᠯᠣᠮᠧᠲᠷ︾᠎ ᠤᠨ ᠪᠠᠷᠠᠭᠠᠨ ᠤ ᠭᠦᠢᠯᠭᠡᠭᠡ ᠶᠢᠨ ᠲᠦᠪᠯᠡᠷᠡᠭᠦᠯᠵᠦ ᠲᠠᠷᠬᠠᠭᠠᠬᠤ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠵᠦ᠂ ᠬᠤᠰᠢᠭᠤ ᠰᠢᠶᠠᠨ ︵ᠬᠤᠲᠠ᠂ ᠲᠤᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡ ᠶᠢᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠤᠨ᠎ᠠ᠃      ᠳᠥᠷᠪᠡ᠂ ᠭᠤᠣᠯ ᠡᠭᠦᠷᠭᠡ      ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠪᠠᠶᠢᠭᠤᠯᠤᠨ᠎ᠠ      1. ᠵᠠᠰᠠᠮᠠᠯ ᠵᠠᠮ ᠬᠠᠷᠢᠯᠴᠠᠭᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠢᠯᠡᠯᠲᠠ ᠶᠢ ᠲᠡᠮᠡᠴᠡᠨ ᠣᠯᠬᠤ ᠪᠠᠷ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠦᠨ᠎ᠡ᠃ ᠭᠠᠴᠠᠭ᠎ᠠ ᠲᠤᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠢ ᠠᠬᠢᠭᠤᠯᠵᠤ᠂ 2020 ᠣᠨ ᠪᠣᠯᠬᠤ ᠳᠤ᠂ ᠬᠠᠰᠤᠵᠤ ᠨᠡᠶᠢᠯᠡᠭᠦᠯᠦᠭᠰᠡᠨ ᠪᠠᠶᠢᠭᠤᠯᠤᠮᠵᠢᠲᠦ ᠲᠤᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠢ 5900 ᠺᠢᠯᠣᠮᠧᠲᠷ ᠪᠦᠲᠦᠭᠡᠨ ᠪᠠᠶᠢᠭᠤᠯᠵᠤ᠂ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠢ 1350 ᠺᠢᠯᠣᠮᠧᠲᠷ᠂ ᠤᠯᠤᠰ ᠤᠨ ᠦᠮᠴᠢᠯᠡᠯᠲᠦ ᠰᠢᠭᠤᠶᠢᠲᠤ ᠣᠷᠣᠨ ᠤ ᠵᠠᠮ ᠢ 4000 ᠺᠢᠯᠣᠮᠧᠲᠷ ᠪᠦᠲᠦᠭᠡᠨ ᠪᠠᠶᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠶᠠᠳᠠᠭᠤ ᠶᠢ ᠲᠡᠳᠭᠦᠬᠦ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠭᠢᠮ ᠬᠠᠷᠢᠭᠤᠴᠠᠨ᠎ᠠ︶      2. ᠨᠠᠷᠢᠨ ᠵᠠᠮ ᠢ ᠥᠷᠭᠡᠳᠭᠡᠬᠦ ᠢᠨᠵᠧᠨᠧᠷᠢᠩ ᠢ ᠢᠳᠡᠪᠬᠢᠲᠡᠢ ᠠᠬᠢᠭᠤᠯᠤᠨ᠎ᠠ᠃ 2020 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ 2000 ᠺᠢᠯᠣᠮᠧᠲᠷ ᠢ ᠥᠷᠭᠡᠳᠭᠡᠵᠦ ᠰᠢᠨᠡᠳᠭᠡᠨ ᠵᠠᠰᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠶᠠᠳᠠᠭᠤ ᠶᠢ ᠲᠡᠳᠭᠦᠬᠦ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠭᠢᠮ ᠬᠠᠷᠢᠭᠤᠴᠠᠨ᠎ᠠ︶      3. ︽ᠳᠠᠷᠳᠠᠩ ᠪᠤᠰᠤ ᠵᠠᠮ︾ ᠪᠠ ︽ᠬᠠᠶᠢᠷ ᠴᠢᠯᠠᠭᠤ ᠨᠢ ᠢᠯᠡᠷᠡᠭᠰᠡᠨ︾᠎ ᠢ ᠰᠢᠨᠡᠳᠭᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ 2020 ᠣᠨ ᠪᠣᠯᠬᠤ ᠳᠤ᠂ ︽ᠳᠠᠷᠳᠠᠩ ᠪᠤᠰᠤ ᠵᠠᠮ︾᠎ ᠢ ᠴᠡᠭᠴᠡᠯᠡᠨ ᠵᠠᠰᠠᠬᠤ ᠢᠨᠵᠧᠨᠧᠷᠢᠩ ᠳᠤ 1200 ᠺᠢᠯᠣᠮᠧᠲᠷ ᠢ ᠵᠠᠰᠠᠵᠤ᠂ ︽ᠬᠠᠶᠢᠷ ᠴᠢᠯᠠᠭᠤ ᠨᠢ ᠢᠯᠡᠷᠡᠭᠰᠡᠨ︾᠎ ᠢ 6000 ᠺᠢᠯᠣᠮᠧᠲᠷ ᠰᠢᠨᠡᠳᠭᠡᠨ ᠵᠠᠰᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ ᠬᠠᠷᠢᠭᠤᠴᠠᠨ᠎ᠠ︶      4. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠶᠠᠰᠤ ᠴᠢᠨᠠᠷ ᠠᠮᠦᠷ ᠲᠥᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︽ᠵᠠᠰᠠᠭ ᠤᠨ ᠣᠷᠳᠣᠨ ᠠᠴᠠ ᠬᠢᠨᠠᠯᠲᠠ ᠲᠠᠯᠪᠢᠬᠤ᠂ ᠬᠠᠤᠯᠢ ᠶᠢᠨ ᠡᠷᠬᠡᠲᠡᠨ ᠠᠴᠠ ᠬᠠᠮᠢᠶᠠᠷᠬᠤ᠂ ᠨᠡᠶᠢᠭᠡᠮ ᠤᠨ ᠬᠢᠨ ᠬᠢᠨᠠᠨ ᠬᠠᠮᠢᠶᠠᠷᠬᠤ᠂ ᠠᠵᠤ ᠠᠬᠤᠶᠢᠯᠠᠯ ᠦᠪᠡᠰᠦᠪᠡᠨ ᠪᠠᠶᠢᠴᠠᠭᠠᠬᠤ︾ ᠳᠥᠷᠪᠡᠨ ᠳᠡᠰ ᠤᠨ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠷᠤᠮᠵᠢᠭᠤᠨ ᠪᠠᠶᠢᠭᠤᠯᠬᠤ ᠶᠢ ᠴᠢᠩᠭᠠᠷᠠᠭᠤᠯᠤᠨ᠂ ᠠᠵᠢᠯᠯᠠᠭᠤᠯᠬᠤ ᠳᠦᠷᠢᠮᠯᠡᠯ ᠢ ᠴᠢᠩᠳᠠᠯᠠᠵᠤ᠂ ᠮᠡᠷᠭᠡᠵᠢᠯ ᠢᠶᠠᠷ ᠵᠢᠯᠤᠭᠤᠳᠬᠤ ᠶᠢ ᠴᠢᠩᠭᠠᠳᠬᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠬᠢᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠭᠰᠠᠨ ᠶᠠᠰᠤ ᠴᠢᠨᠠᠷ ᠲᠤ ᠨᠠᠰᠣᠨ ᠲᠣᠷᠰᠢᠲᠠ ᠬᠠᠷᠢᠭᠤᠴᠠᠬᠤ ᠳᠦᠷᠢᠮ ᠢ ᠪᠠᠷᠢᠮᠲᠠᠯᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠵᠤ᠂ ᠪᠦᠲᠦᠭᠡᠨ ᠪᠠᠶᠢᠭᠤᠯᠬᠤ ᠨᠢᠭᠡᠴᠢ ᠬᠠᠷᠢᠭᠤᠴᠠᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠢᠨᠠᠯᠲᠠ ᠲᠠᠯᠪᠢᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠬᠠᠮᠢᠶᠠᠷᠬᠤ ᠪᠠ ᠭᠠᠴᠠᠭ᠎ᠠ ᠲᠤᠰᠬᠤᠨ ᠤ ᠣᠯᠠᠨ ᠲᠦᠮᠡᠨ ᠣᠷᠤᠯᠴᠠᠭᠰᠠᠨ ᠶᠠᠰᠤ ᠴᠢᠨᠠᠷ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶ ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠬᠠᠮᠢᠶᠠᠷᠤᠨ᠎ᠠ      5. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠪᠠᠶᠢᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠶᠠᠩ ᠲᠤᠰᠬᠤᠨ ᠬᠤᠶᠠᠷ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠵᠠᠷᠤᠳᠠᠯ ᠤᠨ ᠵᠠᠷᠤᠯᠭ᠎ᠠ ᠶᠢ ᠲᠤᠰ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      6. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠰᠠᠭᠤᠷᠢ ᠠᠵᠢᠯ ᠤᠳ ᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾᠎ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠲᠠᠲᠠᠪᠤᠷᠢᠯᠠᠨ ᠡᠵᠡᠯᠡᠵᠦ ᠬᠡᠷᠡᠭᠯᠡᠬᠦ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠤᠭᠴᠤᠭ᠎ᠠ ᠶᠢ ᠳᠦᠭᠦᠮᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠨᠤᠲᠤᠭ ᠪᠡᠯᠴᠢᠭᠡᠷ ᠲᠠᠲᠠᠪᠤᠷᠢᠯᠠᠨ ᠡᠵᠡᠯᠡᠵᠦ ᠬᠡᠷᠡᠭᠯᠡᠬᠦ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠲᠠᠯᠪᠢᠵᠤ᠂ ᠲᠣᠭᠲᠠᠭᠠᠯ ᠳᠤ ᠨᠡᠶᠢᠴᠡᠭᠰᠡᠨ ᠪᠠᠶᠢᠪᠠᠯ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠭᠡᠯ ᠢ ᠨᠢ ᠬᠡᠯᠲᠦᠷᠢᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      7. ︽ᠵᠠᠮ ᠤᠨ ᠠᠬᠠᠯᠠᠭᠴᠢ ᠶᠢᠨ ᠳᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠰᠢᠶᠠᠨ ᠤ ᠵᠠᠮ ᠢ ᠰᠢᠶᠠᠨ ᠬᠠᠮᠢᠶᠠᠷᠬᠤ᠂ ᠰᠢᠶᠠᠩ ᠤᠨ ᠵᠠᠮ ᠢ ᠰᠢᠶᠠᠩ ᠬᠠᠮᠢᠶᠠᠷᠬᠤ᠂ ᠲᠤᠰᠬᠤᠨ ᠤ ᠵᠠᠮ ᠢ ᠲᠤᠰᠬᠤᠨ ᠬᠠᠮᠢᠶᠠᠷᠬᠤ︾ ᠵᠠᠷᠴᠢᠮ ᠶᠤᠰᠤᠭᠠᠷ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠵᠠᠮ ᠤᠨ ᠶᠡᠷᠦᠩᠬᠡᠢ ᠠᠬᠠᠯᠠᠭᠴᠢ ᠶᠢ ᠡᠭᠦᠷᠭᠡᠯᠡᠭᠦᠯᠦᠭᠰᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠭᠤᠣᠯ ᠤᠳᠤᠷᠢᠳᠤᠯᠭ᠎ᠠ ᠪᠠᠷ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠵᠠᠮ ᠤᠨ ᠠᠬᠠᠯᠠᠭᠴᠢ ᠪᠣᠯᠭᠠᠭᠰᠠᠨ᠂ ᠰᠤᠮᠤ ᠰᠢᠶᠠᠩ ᠪᠠᠯᠭᠠᠰᠤ ᠶᠢᠨ ᠭᠤᠣᠯ ᠤᠳᠤᠷᠢᠳᠤᠯᠭ᠎ᠠ ᠪᠠᠷ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠰᠤᠮᠤ ᠰᠢᠶᠠᠩ ᠪᠠᠯᠭᠠᠰᠤ ᠶᠢᠨ ᠵᠠᠮ ᠤᠨ ᠠᠬᠠᠯᠠᠭᠴᠢ ᠪᠣᠯᠭᠠᠭᠰᠠᠨ᠂ ᠭᠠᠴᠠᠭ᠎ᠠ ᠲᠤᠰᠬᠤᠨ ᠤ ᠭᠤᠣᠯ ᠤᠳᠤᠷᠢᠳᠤᠯᠭ᠎ᠠ ᠪᠠᠷ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠭᠠᠴᠠᠭ᠎ᠠ ᠲᠤᠰᠬᠤᠨ ᠤ ᠵᠠᠮ ᠤᠨ ᠠᠬᠠᠯᠠᠭᠴᠢ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠳᠥᠷᠪᠡᠨ ᠠᠬᠠᠯᠠᠭᠴᠢ︾ ᠬᠠᠷᠢᠭᠤᠴᠠᠬᠤ ᠳᠦᠷᠢᠮ ᠢ ᠪᠠᠶᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      8. ︽ᠳᠤᠯᠤᠭ᠎ᠠ ᠶᠢ ᠢᠯᠡ ᠪᠠᠶᠢᠯᠭᠠᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ ᠶᠠᠪᠤᠴᠠ ᠳᠤ᠂ ᠣᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠢᠯᠡ ᠪᠠᠶᠢᠯᠭᠠᠬᠤ᠂ ᠪᠡᠯᠡ ᠮᠦᠩᠭᠦ ᠶᠢᠨ ᠢᠷᠡᠯᠲᠡ ᠶᠢ ᠢᠯᠡ ᠪᠠᠶᠢᠯᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠢᠯᠡ ᠪᠠᠶᠢᠯᠭᠠᠬᠤ᠂ ᠪᠠᠷᠢᠯᠭ᠎ᠠ ᠪᠠᠷᠢᠬᠤ ᠬᠠᠮᠢᠶᠠᠷᠤᠯᠲᠠ ᠶᠢ ᠢᠯᠡ ᠪᠠᠶᠢᠯᠭᠠᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠢᠯᠡ ᠪᠠᠶᠢᠯᠭᠠᠬᠤ᠂ ᠪᠡᠯᠡ ᠮᠦᠩᠭᠦ ᠶᠢᠨ ᠬᠡᠷᠡᠭᠯᠡᠬᠦ ᠶᠢ ᠢᠯᠡ ᠪᠠᠶᠢᠯᠭᠠᠬᠤ᠂ ᠪᠠᠷᠢᠯᠭ᠎ᠠ ᠶᠢ ᠰᠢᠯᠭᠠᠵᠤ ᠬᠤᠷᠢᠶᠠᠨ ᠠᠪᠤᠭᠰᠠᠨ ᠦᠷ᠎ᠡ ᠳ᠋ᠦᠩ ᠢ ᠢᠯᠡ ᠪᠠᠶᠢᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠣᠯᠣᠨ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      9. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳ᠋ ᠬᠦᠷᠦᠩᠭᠡ ᠵᠠᠮ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠦᠯ᠎ᠡ ᠠᠴᠢᠶᠠᠯᠠᠭᠰᠠᠨ ᠲᠡᠷᠭᠡ ᠬᠥᠰᠬᠡ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠭᠠᠷᠬᠤ ᠶᠢ ᠬᠤᠷᠢᠭᠯᠠᠨ᠎ᠠ᠃ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠵᠦᠪᠯᠡᠯ ᠤᠨ ᠦᠢᠯᠡᠳᠦᠯ ᠪᠣᠯᠣᠨ ᠵᠠᠮ ᠳᠠᠭᠠᠤ ᠰᠠᠭᠤᠷᠢᠰᠢᠨ ᠰᠠᠭᠤᠭ᠎ᠠ ᠮᠠᠯᠴᠢᠨ ᠲᠠᠷᠢᠶᠠᠴᠢᠳ ᠤᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠵᠠᠮ ᠤᠨ ᠶᠠᠪᠤᠳᠠᠯ ᠤᠨ ᠠᠵᠢᠯᠲᠠᠨ ᠲᠠᠢ᠂ ᠰᠤᠮᠤ ᠰᠢᠶᠠᠩ ᠪᠠᠯᠭᠠᠰᠤ ᠳᠤ ᠬᠢᠨᠠᠨ ᠬᠠᠮᠢᠶᠠᠷᠤᠭᠴᠢ ᠲᠠᠢ᠂ ᠭᠠᠴᠠᠭ᠎ᠠ ᠲᠤᠰᠬᠤᠨ ᠳᠤ ᠵᠠᠮ ᠬᠠᠮᠠᠭᠠᠯᠠᠭᠴᠢ ᠲᠠᠢ ᠪᠠᠶᠢᠬᠤ ᠵᠠᠮ ᠤᠨ ᠡᠳ᠋ ᠬᠦᠷᠦᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      10. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠭᠤᠷᠢᠨ ᠳᠠᠬᠢ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠬᠦᠳᠡᠭᠡ ᠲᠤᠰᠬᠤᠨ ᠤ ᠲᠦᠯᠦᠪᠵᠢᠭᠦᠯᠭᠡ ᠵᠢᠴᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠤᠭᠤᠭᠠᠷᠠᠭᠤᠯᠵᠤ ᠦᠩᠭᠡᠵᠢᠭᠦᠯᠬᠦ ᠶᠢ ᠲᠤᠰ ᠭᠠᠵᠠᠷ ᠣᠷᠣᠨ ᠤ ᠶᠡᠷᠦᠩᠬᠡᠢ ᠲᠦᠯᠦᠪᠵᠢᠭᠦᠯᠭᠡ ᠳᠤ ᠪᠠᠨ ᠣᠷᠤᠭᠤᠯᠵᠤ᠂ ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠣᠭᠤᠷᠢᠨ ᠳᠠᠬᠢ ᠣᠷᠴᠢᠨ ᠨᠦᠬᠦᠴᠡᠯ ᠢ ᠬᠦᠴᠦᠯᠡᠨ ᠴᠡᠭᠴᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠨᠣᠭᠤᠭᠠᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠨᠦᠬᠦᠴᠡᠯ ᠪᠦᠷᠢᠳᠦᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠭᠠᠵᠠᠷ ᠲᠠᠷᠢᠶ᠎ᠠ ᠭᠡᠷ ᠣᠷᠣᠨ ᠯᠤᠭ᠎ᠠ ᠰᠠᠯᠭᠠᠬᠤ ᠶᠢ ᠪᠡᠶᠡᠯᠡᠭᠦᠯᠵᠦ᠂ ︽ᠰᠠᠭᠠᠳ ᠦᠭᠡᠢ ᠠᠮᠦᠷ ᠲᠥᠪᠰᠢᠨ ᠪᠦᠭᠡᠳ ᠲᠠᠭᠠᠭᠠᠯᠠᠮᠵᠢᠲᠠᠢ ᠰᠠᠶᠢᠬᠠᠨ︾ ᠨᠡᠪᠲᠡᠷᠡᠬᠦ ᠣᠷᠴᠢᠨ ᠨᠦᠬᠦᠴᠡᠯ ᠢ ᠪᠣᠢ ᠪᠣᠯᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      11. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠳᠡᠭᠡ ᠵᠠᠩᠬᠢᠵᠢᠭᠤᠯᠤᠨ ᠬᠠᠮᠢᠶᠠᠷᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ +︾ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠬᠡᠷᠡᠭᠯᠡᠨ᠂ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠣᠯᠣᠨ APP ᠲᠠᠪᠴᠠᠩ ᠢᠶᠠᠷ ᠳᠠᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠳᠡᠭᠡ ᠵᠠᠩᠬᠢᠵᠢᠭᠤᠯᠤᠭᠰᠠᠨ ᠬᠠᠮᠢᠶᠠᠷᠤᠯᠲᠠ ᠪᠠᠷ ᠪᠦᠷᠢᠨ ᠬᠠᠮᠤᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠵᠠᠮ ᠤᠨ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠵᠣᠬᠢᠴᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢ ᠰᠦᠯᠵᠢᠶᠡᠵᠢᠭᠦᠯᠬᠦ᠂ ᠮᠡᠳᠡᠭᠡ ᠵᠠᠩᠬᠢᠵᠢᠭᠤᠯᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠬᠠᠮᠠᠭᠠᠯᠠᠨ᠎ᠠ      12. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦ ᠳᠤ ᠤᠷᠲᠤ ᠬᠤᠭᠤᠴᠠᠭᠠᠨ ᠤ ᠪᠦᠲᠦᠮᠵᠢᠲᠡᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠨᠦᠬᠦᠪᠦᠷᠢ ᠶᠢᠨ ᠪᠡᠯᠡ ᠮᠦᠩᠭᠦ ᠶᠢ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠬᠦᠷᠦᠯᠴᠡᠬᠦ ᠦᠭᠡᠢ ᠬᠡᠰᠡᠭ ᠢ ᠨᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠠᠴᠠ ᠳᠦᠬᠦᠷᠵᠢᠭᠦᠯᠦᠨ ᠨᠦᠬᠦᠪᠦᠷᠢᠯᠡᠵᠦ ᠪᠦᠷᠢᠳᠦᠭᠦᠯᠦᠨ᠎ᠡ᠃ ᠦᠪᠡᠷᠲᠡᠭᠡᠨ ᠵᠠᠰᠬᠠᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠳ᠋ ᠤᠨ ᠵᠠᠰᠠᠭ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠣᠯᠣᠨ ᠱᠠᠭᠠᠷᠳᠠᠯᠭ᠎ᠠ ᠶᠤᠰᠤᠭᠠᠷ᠂ ᠵᠢᠯ ᠪᠦᠷᠢ ᠡᠳ᠋ ᠤᠨ ᠵᠠᠰᠠᠭ ᠤᠨ ᠪᠡᠯᠡ ᠮᠦᠩᠭᠦ ᠶᠢ ᠲᠣᠬᠢᠷᠠᠭᠤᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠵᠤ ᠬᠠᠮᠠᠭᠠᠯᠠᠬᠤ ᠳᠤ ᠬᠡᠷᠡᠭᠯᠡᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠪᠡᠯᠡ ᠮᠦᠩᠭᠦ ᠶᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠵᠠᠷᠤᠳᠠᠯ ᠵᠢᠴᠢ ᠠᠵᠢᠯᠲᠠᠳ ᠤᠨ ᠦᠨᠳᠦᠰᠦᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃ ᠵᠠᠰᠠᠮᠠᠯ ᠵᠠᠮ ᠤᠨ ᠨᠡᠷ᠎ᠡ ᠬᠠᠳᠠᠬᠤ ᠡᠷᠬᠡ᠂ ᠵᠠᠷ ᠨᠡᠶᠢᠲᠡᠯᠡᠬᠦ ᠡᠷᠬᠡ᠂ ᠬᠠᠮᠢᠶ᠎ᠠ ᠪᠦᠬᠦᠢ ᠡᠬᠢ ᠪᠠᠶᠠᠯᠢᠭ ᠤᠨ ᠨᠡᠭᠡᠭᠡᠨ ᠠᠰᠢᠭᠯᠠᠬᠤ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ᠂ ᠠᠵᠤ ᠠᠬᠤᠶᠢᠯᠠᠯ ᠪᠣᠯᠣᠨ ᠨᠡᠶᠢᠭᠡᠮ ᠤᠨ ᠬᠢᠨ ᠢᠶᠠᠷ ᠮᠦᠩᠭᠦ ᠬᠠᠨᠳᠢᠪᠯᠠᠭᠤᠯᠬᠤ ᠵᠡᠷᠭᠡ ᠠᠷᠭ᠎ᠠ ᠬᠡᠯᠪᠡᠷᠢ ᠪᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠵᠤ ᠬᠠᠮᠠᠭᠠᠯᠠᠬᠤ ᠪᠡᠯᠡ ᠮᠦᠩᠭᠦ ᠴᠤᠭᠯᠠᠭᠤᠯᠬᠤ ᠶᠢ ᠵᠣᠷᠢᠬᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ ᠬᠠᠷᠢᠭᠤᠴᠠᠨ᠎ᠠ︶      13. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠮᠦᠷ ᠲᠥᠪᠰᠢᠨ ᠤ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠦᠬᠦᠷ ᠪᠡᠯᠡᠳᠭᠡᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠠᠬᠢ ᠨᠤᠷᠠᠬᠤ ᠠᠶᠤᠯᠲᠠᠢ ᠬᠦᠭᠦᠷᠭᠡ ᠶᠢ ᠰᠢᠨᠡᠳᠭᠡᠨ ᠵᠠᠰᠠᠬᠤ ᠪᠠ ᠠᠮᠢ ᠨᠠᠰᠤᠨ ᠤ ᠠᠮᠦᠷ ᠲᠥᠪᠰᠢᠨ ᠢ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ 2020 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠠᠬᠢ ᠠᠮᠢ ᠨᠠᠰᠤᠨ ᠤ ᠠᠮᠦᠷ ᠲᠥᠪᠰᠢᠨ ᠢ ᠬᠠᠮᠠᠭᠠᠯᠠᠬᠤ ᠢᠨᠵᠧᠨᠧᠷᠢᠩ ᠢ 7000 ᠺᠢᠯᠣᠮᠧᠲᠷ ᠢᠶᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠠᠬᠢ ᠨᠤᠷᠠᠬᠤ ᠠᠶᠤᠯᠲᠠᠢ 400 ᠬᠦᠭᠦᠷᠭᠡ ᠶᠢ ᠰᠢᠨᠡᠳᠭᠡᠨ ᠵᠠᠰᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      14. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠵᠤ ᠬᠠᠮᠠᠭᠠᠯᠠᠬᠤ ᠠᠵᠢᠯ ᠳᠤ ᠰᠢᠨ᠎ᠡ ᠮᠡᠷᠭᠡᠵᠢᠯ ᠬᠡᠷᠡᠭᠯᠡᠬᠦ ᠶᠢ ᠴᠢᠩᠭᠠᠳᠬᠠᠨ᠎ᠠ᠃ ᠲᠣᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠬᠢᠮᠳᠠ ᠪᠦᠭᠡᠳ ᠪᠣᠳᠠᠳᠤ ᠬᠡᠷᠡᠭᠴᠡᠭᠡ ᠲᠠᠢ᠂ ᠪᠤᠬᠢᠷᠳᠤᠯ ᠦᠭᠡᠢ ᠪᠦᠬᠡᠳ ᠣᠷᠴᠢᠨ ᠲᠣᠭᠤᠷᠢᠨ ᠢ ᠬᠠᠮᠠᠭᠠᠯᠠᠬᠤ᠂ ᠠᠮᠦᠷ ᠲᠥᠪᠰᠢᠨ ᠪᠦᠭᠡᠳ ᠬᠡᠷᠡᠭᠯᠡᠬᠦ ᠳᠤ ᠳᠠᠭᠠᠭᠠᠮᠠᠭᠠᠢ ᠪᠠᠶᠢᠬᠤ ᠵᠠᠷᠴᠢᠮ ᠢᠶᠠᠷ ᠲᠤᠰ ᠭᠠᠵᠠᠷ ᠣᠷᠣᠨ ᠤ ᠣᠨᠴᠠᠯᠢᠭ ᠲᠤ ᠲᠣᠬᠢᠷᠠᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠵᠤ ᠬᠠᠮᠠᠭᠠᠯᠠᠬᠤ ᠮᠡᠷᠭᠡᠵᠢᠯ ᠤᠨ ᠵᠢᠷᠤᠮᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠠᠷᠠᠴᠢᠯᠠᠵᠤ ᠬᠠᠮᠠᠭᠠᠯᠠᠬᠤ ᠶᠢᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠳᠡᠯᠭᠡᠷᠡᠭᠦᠯᠵᠦ᠂ ᠰᠡᠷᠭᠡᠶᠢᠯᠡᠬᠦ ᠴᠢᠨᠠᠷᠲᠠᠢ ᠪᠠᠷ ᠠᠷᠠᠴᠢᠯᠠᠵᠤ ᠬᠠᠮᠠᠭᠠᠯᠠᠬᠤ ᠪᠠ ᠶᠡᠭᠡ ᠳᠤᠮᠳᠠ ᠬᠡᠮᠵᠢᠶ᠎ᠡ ᠲᠠᠢ ᠪᠠᠷ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠬᠠᠶᠠᠭᠳᠠᠮᠠᠯ ᠬᠠᠭᠤᠴᠢᠨ ᠵᠠᠮ ᠤᠨ ᠮᠠᠲ᠋ᠧᠷᠢᠶᠠᠯ᠂ ᠳᠤᠭᠤᠶᠢᠯᠠᠪᠤᠷᠢ᠂ ᠪᠠᠷᠢᠯᠭ᠎ᠠ ᠶᠢᠨ ᠬᠤᠭ ᠨᠣᠪᠰᠢ ᠵᠡᠷᠭᠡ ᠬᠠᠶᠠᠭᠳᠠᠮᠠᠯ ᠪᠤᠳᠠᠰ ᠢ ᠡᠷᠬᠢᠯᠳᠦᠭᠦᠯᠦᠨ ᠠᠰᠢᠭᠯᠠᠬᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠠᠵᠢᠯᠯᠠᠭᠤᠯᠤᠨ᠎ᠠ      15. ᠮᠠᠯᠵᠢᠬᠤ ᠲᠠᠷᠢᠶᠠᠯᠠᠬᠤ ᠣᠷᠣᠨ ᠤ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ᠬᠤᠲᠠ ᠬᠦᠳᠡᠭᠡ ᠶᠢ ᠨᠢᠭᠡᠲᠦᠯᠲᠡᠢ ᠲᠦᠯᠦᠪᠯᠡᠬᠦ᠂ ᠬᠤᠲᠠ ᠪᠠᠷ ᠬᠦᠳᠡᠭᠡ ᠶᠢ ᠳᠠᠶᠢᠴᠢᠯᠠᠭᠤᠯᠬᠤ᠂ ᠬᠤᠲᠠ ᠬᠦᠳᠡᠭᠡ ᠶᠢ ᠨᠢᠭᠡ ᠴᠤᠭᠴᠠᠵᠢᠭᠤᠯᠬᠤ᠂ ᠠᠶᠠᠨᠴᠢᠳ ᠤᠨ ᠪᠠᠷᠠᠭ᠎ᠠ ᠶᠢ ᠵᠡᠷᠭᠡ ᠳᠤ ᠨᠢ ᠴᠢᠬᠤᠯᠠᠴᠢᠯᠠᠬᠤ᠂ ᠲᠡᠭᠡᠭᠡᠪᠦᠷᠢ ᠪᠠ ᠰᠢᠦᠳᠠᠨ ᠢ ᠤᠶᠠᠯᠳᠤᠭᠤᠯᠬᠤ︾ ᠶᠡᠷᠦᠩᠬᠡᠢ ᠰᠡᠳᠬᠢᠮᠵᠢ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ ᠪᠠ ᠥᠷᠲᠡᠭᠡᠨ ᠴᠡᠭ ᠤᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠭᠦᠯᠵᠦ᠂ ︽ᠨᠢᠭᠡ ᠶᠢ ᠪᠠᠶᠢᠭᠤᠯᠵᠤ ᠳᠠᠭᠤᠰᠬᠠᠪᠠᠯ᠂ ᠲᠡᠭᠦᠨ ᠢ ᠨᠢ ᠬᠢᠨᠠᠨ ᠵᠥᠪᠰᠢᠶᠡᠷᠡᠵᠦ᠂ ᠲᠡᠷᠭᠡ ᠨᠡᠪᠲᠡᠷᠡᠭᠦᠯᠬᠦ︾ ᠵᠠᠷᠴᠢᠮ ᠶᠣᠰᠤᠭᠠᠷ᠂ ᠠᠶᠠᠨᠴᠢᠳ ᠤᠨ ᠮᠠᠰᠢᠨ ᠲᠡᠷᠭᠡ ᠶᠢ ᠲᠤᠰᠬᠤᠨ ᠳᠤ ᠣᠷᠤᠭᠤᠯᠬᠤ ᠶᠢ ᠲᠦᠷᠭᠡᠬᠡᠨ ᠪᠡᠶᠡᠯᠡᠭᠦᠯᠦᠨ᠎ᠡ᠃ ᠬᠦᠳᠡᠭᠡ ᠲᠤᠰᠬᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠴᠡᠭ ᠬᠢᠭᠡᠳ ᠰᠢᠨ᠎ᠡ ᠪᠠᠷ ᠦᠭᠡᠷᠡᠴᠢᠯᠡᠨ ᠪᠠᠶᠢᠭᠤᠯᠬᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ︽ᠵᠡᠷᠭᠡ ᠪᠠᠷ ᠵᠢᠷᠤᠵᠤ ᠲᠦᠯᠦᠪᠯᠡᠬᠦ᠂ ᠵᠡᠷᠭᠡ ᠪᠠᠷ ᠪᠦᠲᠦᠭᠡᠨ ᠪᠠᠶᠢᠭᠤᠯᠬᠤ᠂ ᠵᠡᠷᠭᠡ ᠪᠠᠷ ᠬᠡᠷᠡᠭᠯᠡᠬᠦ︾ ᠲᠣᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠦᠨ ᠤ ᠱᠠᠭᠠᠷᠳᠠᠯᠭ᠎ᠠ ᠶᠤᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠦᠯᠢᠶᠡᠬᠦ ᠲᠠᠭᠲᠤ᠂ ᠳᠠᠭᠤᠳᠠᠵᠤ ᠵᠤᠭᠰᠤᠭᠠᠬᠤ ᠥᠷᠲᠡᠭᠡ ᠶᠢ ᠢᠳᠡᠪᠬᠢᠲᠡᠢ ᠪᠠᠷ ᠳᠦᠬᠦᠷᠵᠢᠭᠦᠯᠦᠨ ᠪᠠᠶᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      16. ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠲᠡᠳᠭᠦᠬᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠬᠦᠳᠡᠭᠡ ᠶᠢᠨ ᠨᠡᠶᠢᠲᠡ ᠶᠢᠨ ᠮᠠᠰᠢᠨ ᠲᠡᠷᠭᠡ ᠶᠢ ᠨᠢᠭᠡ ᠴᠤᠭᠴᠠᠵᠢᠭᠤᠯᠤᠨ ᠦᠭᠡᠷᠡᠴᠢᠯᠡᠵᠦ ᠰᠢᠨᠡᠳᠭᠡᠬᠦ ᠶᠢ ᠢᠳᠡᠪᠬᠢᠲᠡᠢ ᠠᠬᠢᠭᠤᠯᠤᠨ᠎ᠠ᠃ ᠨᠡᠪᠲᠡᠷᠡᠬᠦ ᠨᠦᠬᠦᠴᠡᠯ ᠢᠶᠠᠷ ᠰᠠᠶᠢᠨ᠂ ᠬᠤᠲᠠ ᠪᠠᠯᠭᠠᠰᠤᠵᠢᠯᠲᠠ ᠶᠢᠨ ᠬᠢᠷᠢ ᠬᠡᠮᠵᠢᠶ᠎ᠡ ᠪᠠᠷ ᠨᠡᠯᠢᠶᠡᠳ ᠦᠨᠳᠦᠷ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠳᠤ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠲᠣᠣᠷ ᠢ ᠤᠷᠲᠤᠳᠬᠠᠬᠤ ᠪᠤᠶᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠨᠡᠶᠢᠲᠡ ᠶᠢᠨ ᠮᠠᠰᠢᠨ ᠲᠡᠷᠭᠡ ᠪᠣᠯᠭᠠᠨ ᠦᠭᠡᠷᠡᠴᠢᠯᠡᠬᠦ ᠶᠢ ᠵᠣᠷᠢᠬᠵᠢᠭᠤᠯᠤᠨ᠎ᠠ᠃ ᠬᠦᠳᠡᠭᠡ ᠲᠤᠰᠬᠤᠨ ᠳᠤ ᠠᠵᠢᠯᠯᠠᠭᠤᠯᠤᠨ ᠡᠵᠡᠩᠨᠡᠬᠦ ᠠᠶᠠᠨᠴᠢᠳ ᠤᠨ ᠮᠠᠰᠢᠨ ᠲᠡᠷᠭᠡᠨ ᠤ ᠪᠠᠷᠢᠮᠵᠢᠶᠠᠲᠦ ᠮᠠᠰᠢᠨ ᠲᠡᠷᠭᠡ ᠶᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠠᠬᠢ ᠣᠣᠯ ᠤᠨ ᠬᠠᠭᠤᠴᠢᠷᠠᠭᠰᠠᠨ ᠪᠠ ᠬᠠᠭᠤᠴᠢᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠲᠥᠷᠭᠡᠳᠭᠡᠨ ᠰᠢᠭᠰᠢᠭᠳᠡᠭᠦᠯᠵᠦ᠂ ᠠᠶᠠᠨᠴᠢᠳ ᠤᠨ ᠮᠠᠰᠢᠨ ᠲᠡᠷᠭᠡ ᠶᠢᠨ ᠰᠢᠨᠵᠢ ᠴᠢᠳᠠᠮᠵᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      17. ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡ ᠶᠢᠨ ᠥᠷᠲᠡᠭᠡ ᠲᠠᠯᠠᠪᠤᠷ ᠤᠨ ᠪᠡᠯᠡᠳᠭᠡᠮᠵᠢ ᠪᠣᠯᠣᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ︽ᠣᠯᠠᠨ ᠥᠷᠲᠡᠭᠡ ᠶᠢ ᠨᠡᠶᠢᠯᠡᠭᠦᠯᠦᠨ ᠨᠢᠭᠡ ᠪᠣᠯᠭᠠᠬᠤ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ︾ ᠵᠠᠭᠪᠤᠷ ᠶᠤᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢᠨ ᠵᠠᠮ ᠱᠤᠭᠤᠮ ᠤᠨ ᠤᠷᠲᠤ ᠬᠤᠯᠠ᠂ ᠰᠢᠦᠳᠡᠨ ᠤ ᠬᠠᠩᠭᠠᠨ ᠪᠣᠷᠤᠯᠠᠭᠤᠯᠬᠤ ᠲᠣᠣᠷ ᠴᠡᠭ ᠤᠨ ᠪᠠᠶᠢᠷᠢᠰᠢᠭᠤᠯᠤᠯ ᠤᠨ ᠥᠷᠭᠡᠨ ᠶᠡᠭᠡ ᠵᠡᠷᠭᠡ ᠳᠠᠪᠠᠭᠤᠯᠢᠭ ᠢ ᠪᠠᠳᠠᠷᠠᠭᠤᠯᠵᠤ᠂ ︽ᠲᠡᠭᠡᠭᠡᠪᠦᠷᠢ ᠪᠠ ᠰᠢᠦᠳᠠᠨ ᠢ ᠤᠶᠠᠯᠳᠤᠭᠤᠯᠬᠤ︾᠎ ᠶᠢ ᠬᠦᠴᠦᠲᠡᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠢ ᠬᠤᠲᠠ ᠳᠤ ᠣᠷᠤᠭᠤᠯᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠡᠳᠦᠷ ᠲᠤᠳᠤᠮ ᠤᠨ ᠬᠡᠷᠡᠭᠯᠡᠭᠡᠨ ᠤ ᠵᠦᠢᠯ ᠢ ᠬᠦᠳᠡᠭᠡ ᠪᠠᠭᠤᠯᠭᠠᠬᠤ ᠬᠤᠣᠰ ᠴᠢᠭᠯᠡᠯᠲᠦ ᠪᠠᠷᠠᠭᠠᠨ ᠤ ᠭᠦᠢᠯᠭᠡᠭᠡ ᠶᠢ ᠪᠣᠢ ᠪᠣᠯᠭᠠᠵᠤ᠂ ᠣᠷᠣᠨ ᠪᠦᠰᠡ ᠳᠠᠬᠢ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠦᠢᠯᠡᠴᠢᠯᠡᠬᠦ ᠲᠣᠣᠷ ᠢ ᠭᠤᠣᠯ ᠱᠤᠭᠤᠮ ᠤᠨ ᠪᠠᠷᠠᠭᠠᠨ ᠤ ᠭᠦᠢᠯᠭᠡᠭᠡ ᠶᠢᠨ ᠲᠣᠣᠷ ᠯᠤᠭ᠎ᠠ ᠪᠦᠲᠦᠮᠵᠢᠲᠡᠢ ᠵᠤᠯᠭᠠᠭᠤᠯᠬᠤ ᠶᠢ ᠪᠡᠶᠡᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠦ ᠲᠠᠪᠴᠠᠩ ᠢ ᠭᠦᠢᠴᠡᠳ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢ ᠲᠤᠰᠠᠯᠠᠨ ᠠᠬᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠬᠠᠷᠢᠭᠤᠴᠠᠨ᠎ᠠ︶      ᠲᠠᠪᠤ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠪᠦᠲᠦᠭᠡᠨ ᠪᠠᠶᠢᠭᠤᠯᠬᠤ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠣᠨ᠎ᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠷᠡᠭᠦᠯ ᠢᠶᠠᠷ᠂ ᠵᠣᠬᠢᠴᠠᠩᠭᠤᠢ ᠪᠦᠭᠡᠳ ᠥᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠪᠣᠯ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠴᠢᠬᠤᠯᠠ ᠪᠠᠲᠤᠯᠠᠭ᠎ᠠ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠪᠦᠲᠦᠭᠡᠨ ᠪᠠᠶᠢᠭᠤᠯᠬᠤ ᠠᠵᠢᠯ ᠢ ᠦᠨᠡᠨ ᠬᠦ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠠᠵᠢᠯ ᠤᠨ ᠢᠶᠠᠨ ᠴᠢᠬᠤᠯᠠ ᠠᠭᠤᠯᠭ᠎ᠠ ᠪᠣᠯᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠠᠴᠠ ᠨᠢᠭᠡᠲᠦᠯᠲᠡᠢ ᠲᠦᠯᠦᠪᠯᠡᠬᠦ᠂ ᠠᠶᠢᠮᠠᠭ ᠬᠤᠲᠠ ᠶᠢᠨ ᠬᠢᠨ ᠬᠠᠷᠢᠭᠤᠴᠠᠬᠤ᠂ ᠬᠤᠰᠢᠭᠤ ᠰᠢᠶᠠᠨ ᠢᠶᠠᠷ ᠭᠤᠣᠯ ᠴᠤᠭᠴᠠ ᠪᠣᠯᠭᠠᠬᠤ᠂ ᠬᠦᠳᠡᠭᠡ ᠲᠤᠰᠬᠤᠨ ᠤ ᠬᠢᠨ ᠨᠠᠶᠢᠳᠠᠪᠤᠷᠢᠵᠢᠭᠤᠯᠬᠤ᠂ ᠰᠠᠯᠠᠭ᠎ᠠ ᠮᠦᠴᠢᠷ ᠤᠳ ᠬᠠᠮᠵᠢᠯᠴᠠᠬᠤ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠶᠢ ᠪᠣᠲᠠᠲᠠᠶᠢᠵᠢᠭᠤᠯᠬᠤ᠂ ᠠᠵᠢᠯᠯᠠᠭᠠᠨ ᠨᠢ ᠵᠣᠬᠢᠴᠠᠩᠭᠤᠢ᠂ ᠬᠦᠴᠦᠲᠡᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠲᠥᠷᠥ ᠶᠢᠨ ᠪᠣᠳᠣᠯᠭ᠎ᠠ ᠪᠠᠷ ᠲᠤᠯᠭᠠᠭᠤᠷᠢᠯᠠᠬᠤ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠦᠭᠡᠷᠡᠴᠢᠯᠡᠯᠲᠡ ᠪᠠ ᠬᠥᠭᠵᠢᠯᠲᠡ ᠶᠢᠨ ᠲᠣᠬᠠᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠦᠷᠢᠮ︾᠎ ᠤᠨ ᠬᠠᠤᠯᠢ ᠲᠣᠭᠲᠠᠭᠠᠬᠤ ᠠᠵᠢᠯ ᠢ ᠲᠦᠷᠭᠡᠳᠭᠡᠨ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠣᠢ ᠰᠢᠭᠤᠢ᠂ ᠬᠠᠶᠢᠷ ᠴᠢᠯᠠᠭᠤᠨ ᠮᠠᠲ᠋ᠧᠷᠢᠶᠠᠯ ᠤᠨ ᠲᠠᠯᠠᠪᠤᠷ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠵᠡᠷᠭᠡ ᠲᠠᠯ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢ ᠲᠦᠷᠭᠡᠳᠭᠡᠨ ᠠᠬᠢᠭᠤᠯᠬᠤ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠲᠦᠷᠦᠯ ᠵᠦᠢᠯ ᠢᠶᠠᠷ ᠭᠠᠵᠠᠷ ᠰᠢᠷᠤᠢ ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ᠂ ᠣᠷᠴᠢᠨ ᠲᠣᠭᠤᠷᠢᠨ ᠢ ᠬᠠᠮᠠᠭᠠᠯᠠᠬᠤ ᠪᠠ ᠲᠣᠬᠢᠷᠠᠭᠤᠯᠤᠨ ᠲᠦᠪᠬᠢᠨᠡᠭᠦᠯᠬᠦ ᠵᠡᠷᠭᠡ ᠠᠵᠢᠯ ᠳᠤ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠮᠤ ᠰᠢᠶᠠᠩ ᠪᠠᠯᠭᠠᠰᠤ ᠶᠢᠨ ᠬᠢᠨ ᠪᠦᠬᠦ ᠲᠠᠯ᠎ᠠ ᠪᠠᠷ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃      ︵ᠭᠤᠷᠪᠠ︶ ᠪᠡᠯᠡ ᠮᠦᠩᠭᠦ ᠶᠢᠨ ᠣᠷᠣᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠳᠠᠬᠢ ᠵᠠᠰᠠᠮᠠᠯ ᠵᠠᠮ ᠤᠨ ᠬᠥᠭᠵᠢᠯᠲᠡ ᠶᠢᠨ ᠪᠣᠲᠠᠳᠤ ᠪᠠᠶᠢᠳᠠᠯ ᠢᠶᠠᠨ ᠦᠨᠳᠦᠰᠦᠯᠡᠨ᠂ ︽ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇2017﹈ 82 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢᠨ ᠶᠣᠰᠤᠭᠠᠷ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠲᠡᠭᠲᠦ᠂ ᠶᠠᠳᠠᠭᠤ ᠶᠢ ᠲᠡᠳᠭᠦᠬᠦ ᠪᠠ ᠲᠠᠷᠢᠶᠠᠯᠠᠩ ᠳᠤ ᠬᠤᠯᠪᠣᠭᠳᠠᠭᠰᠠᠨ ᠡᠯ᠎ᠡ ᠵᠦᠢᠯ ᠤᠨ ᠪᠡᠯᠡ ᠮᠦᠩᠭᠦ ᠶᠢ ᠴᠢᠷᠮᠠᠶᠢᠨ ᠣᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠬᠡᠷᠡᠭᠯᠡᠨ᠎ᠡ᠃ ᠥᠷᠢ ᠥᠭᠴᠢᠭᠡ ᠶᠢᠨ ᠲᠥᠭᠰᠢᠭᠦᠷᠢ ᠶᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠡᠯᠡ ᠮᠦᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ᠂ ᠤᠯᠤᠰ ᠤᠨ ᠲᠥᠷᠥ ᠶᠢᠨ ᠪᠣᠳᠣᠯᠭ᠎ᠠ ᠪᠠᠷ ᠳᠡᠮᠵᠢᠬᠦ ᠳᠤ ᠨᠡᠶᠢᠴᠡᠭᠰᠡᠨ ᠵᠠᠮ ᠬᠠᠷᠢᠯᠴᠠᠭ᠎ᠠ ᠶᠢᠨ ᠲᠦᠷᠦᠯ ᠵᠦᠢᠯ᠂ ᠶᠠᠳᠠᠭᠤ ᠶᠢ ᠲᠡᠳᠭᠦᠬᠦ ᠲᠦᠷᠦᠯ ᠵᠦᠢᠯ᠂ ᠠᠵᠤ ᠦᠢᠯᠡᠰ ᠤᠨ ᠲᠦᠷᠦᠯ ᠵᠦᠢᠯ ᠵᠡᠷᠭᠡ ᠶᠢ ᠢᠳᠡᠪᠬᠢᠲᠡᠢ ᠣᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠣᠷᠤᠭᠤᠯᠤᠯᠲᠠ ᠬᠢᠯᠭᠡᠵᠦ᠂ ᠨᠦᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠨ᠂ ᠠᠯᠬᠤᠮ ᠠᠯᠬᠤᠮ ᠢᠶᠠᠷ ᠨᠡᠶᠢᠭᠡᠮ ᠤᠨ ᠬᠦᠴᠦᠨ ᠳᠤ ᠲᠤᠰᠢᠶᠠᠨ ᠡᠭᠦᠷᠭᠡᠯᠡᠭᠦᠯᠵᠦ᠂ ᠪᠡᠯᠡ ᠮᠦᠩᠭᠦ ᠪᠣᠯᠣᠨ ᠬᠠᠮᠢᠶᠠᠷᠤᠯᠲᠠ ᠶᠢᠨ ᠲᠠᠯ᠎ᠠ ᠪᠠᠷ ᠬᠢ ᠨᠡᠶᠢᠭᠡᠮ ᠤᠨ ᠬᠦᠷᠦᠩᠭᠡ ᠮᠦᠩᠭᠦ ᠶᠢᠨ ᠳᠠᠪᠠᠭᠤᠯᠢᠭ ᠢ ᠪᠠᠳᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢ ᠦᠨᠳᠦᠰᠦᠯᠡᠨ ᠵᠠᠷᠤᠳᠠᠯ ᠵᠠᠷᠤᠴᠠᠭᠤᠯᠬᠤ ᠬᠠᠷᠢᠭᠤᠴᠠᠯᠭ᠎ᠠ ᠶᠢ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠪᠠᠷᠠᠭᠠᠨ ᠤ ᠦᠨ᠎ᠡ ᠬᠠᠩᠰᠢ ᠦᠰᠬᠦ᠂ ᠵᠠᠮ ᠤᠨ ᠤᠷᠲᠤ ᠨᠡᠮᠡᠭᠳᠡᠬᠦ ᠪᠠ ᠵᠡᠷᠭᠡ ᠳᠡᠰ ᠨᠢ ᠳᠡᠭᠡᠭᠰᠢᠯᠡᠬᠦ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠲᠣᠭᠲᠠᠭᠠᠭᠰᠠᠨ ᠲᠤᠭ᠎ᠠ ᠪᠠᠷ ᠱᠠᠩᠨᠠᠵᠤ ᠨᠦᠬᠦᠪᠦᠷᠢᠯᠡᠬᠦ ᠠᠷᠭ᠎ᠠ ᠬᠡᠯᠪᠡᠷᠢ ᠶᠢ ᠠᠪᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠳᠠᠬᠢ ᠵᠠᠰᠠᠮᠠᠯ ᠵᠠᠮ ᠪᠦᠲᠦᠭᠡᠨ ᠪᠠᠶᠢᠭᠤᠯᠬᠤ ᠪᠠ ᠠᠷᠠᠴᠢᠯᠠᠵᠤ ᠬᠠᠮᠠᠭᠠᠯᠠᠬᠤ ᠳᠤ ᠬᠡᠷᠡᠭᠰᠡᠬᠦ ᠪᠡᠯᠡ ᠮᠦᠩᠭᠦ ᠶᠢ ᠵᠦᠢ ᠵᠣᠬᠢᠰᠲᠠᠢ ᠪᠠᠲᠤᠯᠠᠬᠤ ᠬᠡᠷᠡᠭᠲᠡᠢ᠃      ︵ᠳᠥᠷᠪᠡ︶ ᠰᠢᠮᠳᠠᠭᠤᠯᠤᠨ ᠵᠢᠯᠤᠭᠤᠳᠴᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠮᠠᠯᠵᠢᠬᠤ ᠲᠠᠷᠢᠶᠠᠯᠠᠬᠤ ᠣᠷᠣᠨ ᠳᠠᠬᠢ ᠵᠠᠰᠠᠮᠠᠯ ᠵᠠᠮ ᠤᠨ ᠰᠢᠯᠭᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ ᠪᠠᠨ ᠢᠳᠡᠪᠬᠢᠲᠡᠢ ᠪᠠᠶᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ ᠬᠠᠷᠠᠯᠲᠠ ᠶᠢ ᠰᠢᠯᠭᠠᠨ ᠬᠢᠨᠠᠬᠤ ᠳᠤ ᠣᠷᠤᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ ᠬᠠᠷᠠᠯᠲᠠ ᠶᠢ ᠰᠢᠯᠭᠠᠨ ᠬᠢᠨᠠᠬᠤ ᠳᠤ ᠣᠷᠤᠭᠤᠯᠬᠤ ᠶᠢᠨ ᠬᠠᠮᠲᠤ᠂ ᠰᠢᠯᠭᠠᠨ ᠬᠢᠨᠠᠭᠰᠠᠨ ᠦᠷ᠎ᠡ ᠳ᠋ᠦᠩ ᠢ ᠪᠡᠯᠡ ᠣᠷᠤᠭᠤᠯᠤᠯᠲᠠ ᠯᠤᠭ᠎ᠠ ᠬᠤᠯᠪᠣᠭᠳᠠᠭᠤᠯᠤᠭᠰᠠᠨ ᠱᠠᠩᠨᠠᠵᠤ ᠵᠠᠯᠬᠠᠭᠠᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠣᠨ ᠤ ᠬᠠᠷᠠᠯᠲᠠ ᠶᠢ ᠰᠢᠯᠭᠠᠨ ᠬᠢᠨᠠᠬᠤ ᠬᠡᠪᠴᠢᠶᠡᠨ ᠳᠤ ᠣᠷᠤᠭᠤᠯᠤᠨ᠎ᠠ᠃ ᠡᠭᠦᠨ ᠤ ᠬᠠᠮᠲᠤ᠂ ᠰᠢᠯᠭᠠᠨ ᠬᠢᠨᠠᠬᠤ ᠬᠤᠪᠢ ᠶᠢᠨ ᠡᠵᠡᠯᠡᠬᠦ ᠬᠤᠪᠢ ᠶᠢᠨ ᠵᠢᠩ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠬᠢᠨᠠᠯᠲᠠ ᠲᠠᠯᠪᠢᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠂ ᠢᠯᠠᠩᠭᠤᠶ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠳᠤ ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠠᠬᠢ ᠦᠨᠳᠦᠰᠦᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠷᠮᠠᠰᠢᠭᠤᠯᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠴᠢᠩᠭᠠᠷᠠᠭᠤᠯᠵᠤ᠂ ᠲᠤᠰ ᠭᠠᠵᠠᠷ ᠣᠷᠣᠨ ᠤ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠪᠦᠲᠦᠭᠡᠨ ᠪᠠᠶᠢᠭᠤᠯᠬᠤ ᠠᠵᠢᠯ ᠤᠨ ᠦᠷᠨᠢᠭᠦᠯᠬᠦ ᠪᠠ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠳᠡᠭᠡᠭᠰᠢᠯᠡᠭᠦᠯᠬᠦ ᠪᠠᠷ ᠠᠬᠢᠭᠤᠯᠤᠨ᠎ᠠ᠃      ︵ᠲᠠᠪᠤ︶ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠶᠢ ᠴᠢᠩᠭᠠᠳᠬᠠᠨ᠎ᠠ᠃ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠦᠨᠡᠨ ᠬᠦ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠠᠵᠢᠯ ᠢ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠵᠢᠱᠢᠶ᠎ᠡ ᠦᠵᠡᠭᠦᠯᠬᠦ ᠰᠢᠶᠠᠨ ᠤ ᠭᠤᠶᠤᠴᠢᠯᠠᠨ ᠮᠡᠳᠡᠭᠦᠯᠬᠦ ᠲᠦᠰᠦᠯ᠂ ᠰᠢᠯᠭᠠᠨ ᠲᠣᠭᠲᠠᠭᠠᠬᠤ ᠭᠦᠢᠴᠡᠳᠭᠡᠯ ᠲᠤᠭ᠎ᠠ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠡᠯ᠎ᠡ ᠭᠠᠵᠠᠷ ᠣᠷᠣᠨ ᠤ ᠢᠳᠡᠪᠬᠢᠵᠢᠯ ᠢ ᠭᠦᠢᠴᠡᠳ ᠪᠠᠳᠠᠷᠠᠭᠤᠯᠤᠨ᠂ ᠠᠶᠢᠮᠠᠭ ᠬᠤᠲᠠ ᠪᠦᠷᠢ ᠳᠤ ᠦᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠰᠢᠶᠠᠨ ᠢ ᠪᠣᠢ ᠪᠣᠯᠭᠠᠬᠤ ᠪᠠᠷ ᠴᠢᠷᠮᠠᠶᠢᠵᠤ᠂ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠲᠤᠰ ᠣᠷᠣᠨ ᠪᠦᠰᠡ ᠶᠢᠨ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠰᠢᠶᠠᠨ ᠢ ᠳᠡᠮᠵᠢᠵᠦ ᠲᠡᠳᠭᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠬᠡᠯᠪᠡᠷᠢ ᠪᠠᠷ ᠳᠠᠮᠵᠢᠨ᠂ ᠵᠢᠯ ᠪᠦᠷᠢ ᠡᠩ ᠤᠨ ᠣᠯᠠᠨ ᠨᠡᠶᠢᠲᠡ ᠶᠢᠨ ᠲᠦᠰᠥᠪ ᠤᠨ ᠣᠷᠣᠯᠭ᠎ᠠ ᠠᠴᠠ 2 — 3 ᠳ᠋ᠦᠩᠰᠢᠭᠤᠷ ᠲᠦᠭᠦᠷᠢᠭ ᠢ ᠭᠠᠷᠭᠠᠵᠤ᠂ ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠳᠡᠰ ᠤᠨ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠰᠢᠶᠠᠨ ᠢ ᠪᠦᠲᠦᠭᠡᠨ ᠪᠠᠶᠢᠭᠤᠯᠬᠤ ᠳᠤ ᠲᠤᠰᠬᠠᠶᠢᠯᠠᠨ ᠬᠡᠷᠡᠭᠯᠡᠬᠦ ᠬᠡᠷᠡᠭᠲᠡᠢ᠃      ︵ᠵᠢᠷᠭᠤᠭ᠎ᠠ︶ ᠤᠬᠠᠭᠤᠯᠵᠤ ᠬᠦᠲᠦᠯᠦᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠤᠬᠠᠭᠤᠯᠬᠤ ᠠᠵᠢᠯ ᠢ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠣᠷᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠦᠳᠡᠭᠡ ᠲᠤᠰᠬᠤᠨ ᠤ ᠵᠠᠮ︾᠎ ᠢ ᠪᠦᠲᠦᠭᠡᠨ ᠪᠠᠶᠢᠭᠤᠯᠬᠤ ᠴᠢᠬᠤᠯᠠ ᠵᠢᠭᠠᠪᠤᠷᠢ ᠪᠠ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠬᠤ ᠪᠠᠨ ᠴᠢᠩᠭᠠᠳᠬᠠᠨ᠂ ᠣᠯᠠᠨ ᠵᠦᠢᠯ ᠤᠨ ᠠᠴᠢᠶᠠᠯᠠᠪᠤᠷᠢ᠂ ᠣᠯᠠᠨ ᠵᠦᠢᠯ ᠤᠨ ᠬᠡᠯᠪᠡᠷᠢ ᠶᠢ ᠠᠰᠢᠭᠯᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠳᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠮᠡᠳᠡᠭᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠳᠦᠷᠢᠮ ᠢ ᠣᠶᠢᠯᠠᠭᠠᠭᠤᠯᠵᠤ᠂ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠨᠢ ᠥᠷᠭᠡᠳᠭᠡᠨ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠬᠢᠨ ᠤ ᠵᠠᠮ ᠬᠠᠷᠢᠯᠴᠠᠭ᠎ᠠ ᠶᠢᠨ ᠠᠮᠦᠷ ᠲᠥᠪᠰᠢᠨ ᠤ ᠦᠵᠡᠯ ᠤᠬᠠᠮᠰᠠᠷ ᠪᠣᠯᠣᠨ ᠵᠠᠮ ᠢ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠣᠯᠠᠨ ᠲᠦᠮᠡᠨ ᠢ ᠬᠦᠲᠦᠯᠦᠨ ᠵᠢᠯᠤᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠳᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠠᠵᠢᠯᠯᠠᠭᠤᠯᠬᠤ ᠠᠵᠢᠯ ᠢ ᠳᠡᠮᠵᠢᠭᠦᠯᠬᠦ ᠪᠠ ᠣᠷᠤᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃                        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号