|
2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ | ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠬᠢ ᠠᠴᠠ ᠳᠠᠪᠠᠪᠠ |
|
|
ᠨᠡᠶᠢᠲᠡᠯᠡᠭᠰᠡᠨ ᠴᠠᠭ᠄
2019/2/13
|
|
ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠶᠡᠷᠦᠩᠬᠡᠢ ᠦᠷᠲᠡᠭ 1034.4 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ︵ᠳᠣᠷᠣᠭᠰᠢ ᠠᠳᠠᠯᠢ︶ ᠠᠴᠠ 9.9% ᠨᠡᠮᠡᠭᠳᠡᠵᠦ᠂ ᠠᠳᠠᠯᠢ ᠬᠤᠭᠤᠴᠠᠭᠠᠨ ᠳᠠᠬᠢ ᠪᠦᠬᠦ ᠤᠯᠤᠰ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠴᠡᠭ ᠦᠨᠳᠦᠷ ᠪᠤᠯᠪᠠ᠃ ᠡᠭᠦᠨ ᠳᠤ᠂ ᠭᠠᠳᠠᠭᠠᠳᠤ ᠤᠷᠤᠭᠤᠯᠤᠯᠲᠠ ᠶᠢᠨ ᠬᠢ 655.7 ᠳ᠋ᠦᠩᠰᠢᠭᠤᠷ ᠲᠥᠭᠦᠷᠢᠭ ᠲᠤ ᠬᠦᠷᠴᠦ᠂ 7.5% ᠨᠡᠮᠡᠭᠳᠡᠵᠡᠢ︔ ᠭᠠᠳᠠᠭᠠᠳᠤ ᠭᠠᠷᠭᠠᠯᠲᠠ ᠶᠢᠨ ᠬᠢ 378.7 ᠳ᠋ᠦᠩᠰᠢᠭᠤᠷ ᠲᠥᠭᠦᠷᠢᠭ ᠲᠤ ᠬᠦᠷᠴᠦ᠂ 14.4% ᠨᠡᠮᠡᠭᠳᠡᠭᠰᠡᠨ ᠪᠠᠶᠢᠨ᠎ᠠ᠃ 2018 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠪᠦᠬᠦ ᠥᠷᠲᠡᠭ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ 2018 ᠣᠨ ᠳᠤ᠂ ᠮᠤᠩᠭᠤᠯ᠂ ᠣᠷᠣᠰ᠂ ᠠᠦ᠋ᠰᠲᠷᠠᠯᠢᠶ᠎ᠠ ᠨᠢ ᠥᠪᠡᠷᠲᠡᠭᠡᠨ ᠵᠠᠰᠠᠬᠤ ᠤᠷᠤᠨ ᠤ ᠭᠤᠣᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠤᠯᠵᠤ᠂ ᠮᠣᠩᠭᠤᠯ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ 327.7 ᠳ᠋ᠦᠩᠰᠢᠭᠤᠷ ᠲᠥᠭᠦᠷᠢᠭ ᠲᠤ ᠬᠦᠷᠴᠦ᠂ 24.1% ᠨᠡᠮᠡᠭᠳᠡᠵᠡᠢ︔ ᠣᠷᠣᠰ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ 197 ᠳ᠋ᠦᠩᠰᠢᠭᠤᠷ ᠲᠥᠭᠦᠷᠢᠭ ᠲᠤ ᠬᠦᠷᠴᠦ᠂ 4.2% ᠪᠠᠭᠤᠷᠠᠪᠠ︔ ᠠᠦ᠋ᠰᠲᠷᠠᠯᠢᠶ᠎ᠠ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ 57.1 ᠳ᠋ᠦᠩᠰᠢᠭᠤᠷ ᠲᠥᠭᠦᠷᠢᠭ ᠲᠤ ᠬᠦᠷᠴᠦ᠂ 43.1% ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ 699.3 ᠳ᠋ᠦᠩᠰᠢᠭᠤᠷ ᠲᠥᠭᠦᠷᠢᠭ ᠲᠤ ᠬᠦᠷᠴᠦ᠂ 14.6% ᠨᠡᠮᠡᠭᠳᠡᠵᠦ᠂ ᠠᠳᠠᠯᠢ ᠬᠤᠭᠤᠴᠠᠭᠠᠨ ᠤ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠠᠴᠠ 1.3 ᠵᠠᠭᠤᠨ ᠤ ᠴᠡᠭ ᠦᠨᠳᠦᠷ ᠪᠤᠯᠪᠠ᠃ ᠡᠭᠦᠨ ᠳᠤ᠂ ᠭᠠᠳᠠᠭᠠᠳᠤ ᠭᠠᠷᠭᠠᠯᠲᠠ 216.9 ᠳ᠋ᠦᠩᠰᠢᠭᠤᠷ ᠲᠥᠭᠦᠷᠢᠭ ᠲᠤ ᠬᠦᠷᠴᠦ᠂ 15.9% ᠪᠠᠷ ᠨᠡᠮᠡᠭᠳᠡᠵᠡᠶ︔ ᠭᠠᠳᠠᠭᠠᠳᠤ ᠤᠷᠤᠭᠤᠯᠤᠯᠲᠠ 482.4 ᠳ᠋ᠦᠩᠰᠢᠭᠤᠷ ᠲᠥᠭᠦᠷᠢᠭ ᠲᠤ ᠬᠦᠷᠴᠦ᠂ 14% ᠪᠠᠷ ᠨᠡᠮᠡᠭᠳᠡᠪᠡ᠃ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠷᠠᠯᠵᠢᠶ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠶᠠᠭ ᠦᠷᠭᠦᠯᠵᠢᠯᠡᠨ ᠪᠠᠳᠠᠷᠠᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠤᠯᠵᠠᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠭᠤᠣᠯ ᠬᠦᠴᠦᠨ ᠪᠤᠯᠵᠤ ᠪᠠᠶᠢᠬᠤ ᠪᠤᠯᠪᠠᠴᠤ ᠬᠤᠪᠢ ᠶᠢᠨ ᠵᠢᠩ ᠨᠢ ᠪᠠᠭ᠎ᠠ ᠬᠡᠮᠵᠢᠶ᠎ᠡ ᠪᠠᠷ ᠪᠠᠭᠤᠷᠠᠵᠠᠶ︔ ᠭᠠᠳᠠᠭᠠᠳᠤ ᠭᠠᠷᠭᠠᠯᠲᠠ ᠨᠢ ᠪᠤᠯᠤᠳ ᠮᠠᠲ᠋ᠧᠷᠢᠶᠠᠯ᠂ ᠮᠠᠰᠢᠨ ᠴᠠᠬᠢᠯᠭᠠᠨ ᠤ ᠦᠢᠯᠡᠳᠬᠦᠨ᠂ ᠣᠷᠭᠠᠨᠢᠭ ᠬᠢᠮᠢ ᠶᠢᠨ ᠪᠦᠲᠦᠭᠡᠭᠳᠡᠬᠦᠨ ᠢᠶᠠᠷ ᠭᠤᠣᠯ ᠪᠣᠯᠭᠠᠵᠤ᠂ ᠭᠠᠳᠠᠭᠠᠳᠤ ᠤᠷᠤᠭᠤᠯᠤᠯᠲᠠ ᠨᠢ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠣᠯ ᠪᠤᠯᠭᠠᠵᠠᠢ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|