ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠬᠢᠨᠠᠨ ᠪᠤᠳᠤᠬᠤ ᠬᠤᠷᠢᠶᠠᠨ ᠤ ᠠᠩᠬᠠᠳᠤᠭᠠᠷ ᠤᠳᠠᠭ᠎ᠠ ᠶᠢᠨ ᠬᠤᠷᠡᠯ ᠢ ᠡᠷᠬᠢᠯᠡᠨ ᠬᠤᠷᠠᠯᠳᠤᠭᠤᠯᠵᠤ  ᠪᠦ᠋ ᠰᠢᠶᠤᠤ ᠯᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019/2/14
     2 ᠳ᠋ᠤᠭᠠᠷ ᠰᠠᠷ᠎ᠠ ᠶᠢᠨ 13᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠬᠢᠨᠠᠨ ᠪᠤᠳᠤᠬᠤ ᠬᠤᠷᠢᠶᠠᠨ ᠤ ᠡᠷᠬᠢᠯᠡᠭᠴᠢ ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠬᠢᠨᠠᠨ ᠪᠤᠳᠤᠬᠤ ᠬᠤᠷᠢᠶᠠᠨ ᠤ ᠠᠩᠬᠠᠳᠤᠭᠠᠷ ᠤᠳᠠᠭ᠎ᠠ ᠶᠢᠨ ᠬᠤᠷᠡᠯ ᠢ ᠡᠷᠬᠢᠯᠡᠨ ᠬᠤᠷᠡᠯᠳᠤᠭᠤᠯᠤᠭᠰᠠᠠ ᠪᠦᠬᠡᠳ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠎ ᠨᠢ᠂ ᠶᠡᠷᠤᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠬᠢᠨᠠᠨ ᠪᠤᠳᠤᠬᠤ ᠬᠢᠨᠠᠯᠳᠠ  ᠶᠢ ᠴᠢᠨᠠᠭᠰᠢᠳᠠ ᠦᠷᠬᠡᠳᠬᠡᠨ ᠭᠦᠨᠵᠡᠭᠡᠶᠢᠷᠡᠭᠦᠯᠵᠦ᠂ ᠬᠢᠨᠠᠨ ᠪᠤᠳᠤᠬᠤ ᠬᠢᠨᠠᠯᠳᠠ ᠶᠢᠨ ᠴᠢᠬᠤᠯᠠ ᠦᠢᠯᠡᠳᠦᠯ ᠢ ᠤᠯᠠᠮ ᠰᠠᠶᠢᠳᠤᠷ ᠪᠠᠳᠠᠷᠠᠭᠤᠯᠤᠨ᠂ ᠪᠦᠬᠦ ᠤᠷᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠬᠢᠨᠠᠨ ᠪᠤᠳᠤᠬᠤ ᠬᠤᠷᠢᠶᠠᠨ ᠤ ᠲᠡᠳ᠋ ᠡᠷᠬᠢᠯᠡᠭᠴᠢ ᠪᠦ᠋ ᠰᠢᠶᠤᠤ ᠯᠢᠨ᠂ ᠯᠢᠦ ᠴᠢ ᠹᠠᠨ ᠬᠤᠷᠡᠯ ᠳᠤ ᠤᠷᠤᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠬᠢᠨᠠᠠ ᠪᠤᠲᠤᠬᠤ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ ᠦᠨᠲᠦᠷᠴᠡ ᠠᠴᠠ ᠬᠢᠨᠠᠠ ᠪᠤᠲᠤᠬᠤ ᠬᠢᠨᠠᠯᠲᠠ ᠶᠢ ᠴᠢᠩᠭᠠᠳᠬᠠᠬᠤ᠂ ᠬᠢᠨᠠᠠ ᠪᠤᠳᠤᠬᠤ ᠲᠦᠷᠢᠮ ᠢ ᠲᠡᠭᠦᠯᠲᠡᠷᠵᠢᠭᠦᠯᠬᠦ ᠵᠡᠷᠭᠡ ᠲᠠᠯ᠎ᠠ ᠪᠠᠷ ᠰᠢᠷᠢᠰ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠬᠢᠨᠠᠠ ᠪᠤᠳᠤᠯᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠦᠭᠡᠷᠡᠴᠢᠯᠡᠯᠲᠡ ᠬᠢᠵᠦ᠂ ᠬᠢᠨᠠᠠ ᠪᠤᠲᠤᠬᠤ ᠵᠦᠪᠯᠡᠯ ᠪᠠᠶᠢᠭᠤᠯᠤᠨ᠂ ᠨᠠᠮ ᠤᠨ ᠬᠢᠨᠠᠠ ᠪᠤᠲᠤᠬᠤ ᠠᠵᠢᠯ ᠳᠠᠬᠢ ᠤᠲᠤᠷᠢᠲᠤᠯᠭ᠎ᠠ ᠪᠠᠨ ᠴᠢᠩᠭᠠᠳᠬᠠᠵᠦ᠂ ᠭᠢᠨᠠᠠ ᠪᠤᠲᠤᠬᠤ ᠠᠵᠢᠯ ᠤᠨ ᠴᠠᠭ ᠦᠶ᠎ᠠ ᠲᠠᠢ ᠵᠡᠷᠭᠡ ᠪᠠᠷ ᠤᠷᠤᠭᠰᠢᠯᠠᠬᠤ᠂ ᠰᠢᠨᠵᠢᠯᠡᠬᠦ ᠤᠬᠠᠭᠠᠠᠴᠢ ᠪᠠᠷ ᠬᠦᠭᠵᠢᠭᠦ ᠶᠢ ᠠᠬᠢᠭᠤᠯᠪᠠ᠃ ᠪᠢᠲᠠ ︽ᠲᠦᠷᠪᠡᠡ ᠤᠬᠠᠮᠰᠠᠷ︾᠎ ᠢ ᠪᠠᠲᠤ ᠪᠤᠢ ᠪᠤᠯᠭᠠᠨ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠬᠢᠨᠠᠠ ᠪᠤᠳᠤᠬᠤ ᠵᠦᠪᠯᠡᠯ ᠤᠨ ᠠᠩᠬᠠᠲᠤᠭᠠᠷ ᠤᠳᠠᠭ᠎ᠠ ᠶᠢᠨ ᠬᠤᠷᠠᠯ ᠲᠡᠭᠡᠷᠡᠬᠢ ᠴᠢᠬᠤᠯᠠ ᠶᠠᠷᠢᠶ᠎ᠠ ᠪᠤᠯᠤᠨ ᠬᠢᠨᠠᠠ ᠪᠤᠲᠤᠯᠲᠠ ᠶᠢ ᠴᠡᠭᠴᠡᠯᠡᠡ ᠰᠠᠶᠢᠵᠢᠷᠠᠭᠤᠯᠬᠤ ᠠᠵᠢᠯ ᠤᠨ ᠲᠤᠬᠠᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠠ ᠤ ᠬᠢᠨᠠᠠ ᠪᠤᠳᠤᠬᠤ ᠠᠵᠢᠯ ᠳᠤ ᠬᠢᠭᠰᠡᠠ ᠪᠠᠶᠢᠷᠢᠯᠠᠭᠤᠯᠤᠯᠲᠠ ᠱᠠᠭᠠᠷᠲᠠᠯᠭ᠎ᠠ ᠲᠡᠭᠡᠷ᠎ᠠ ᠦᠨᠡᠡ ᠬᠦ ᠨᠢᠭᠡᠲᠦᠭᠦᠯᠵᠦ᠂ ᠬᠢᠨᠠᠠ ᠪᠤᠲᠤᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠬᠦᠨᠵᠡᠭᠡᠶᠢᠷᠡᠭᠦᠯᠦᠨ᠂ ᠬᠢᠨᠠᠠ ᠪᠤᠳᠤᠬᠤ ᠠᠵᠢᠯ ᠢ ᠨᠠᠷᠢᠨ ᠬᠢᠨᠠᠮᠠᠭᠠᠢ ᠤᠬᠠᠭᠠᠯᠠᠠ ᠲᠦᠰᠦᠪᠯᠡᠵᠦ ᠠᠬᠢᠭᠤᠯᠤᠨ᠂ ᠮᠠᠠ ᠤ ᠤᠷᠤᠨ ᠤ ᠬᠢᠨᠠᠠ ᠪᠤᠳᠤᠬᠤ ᠦᠢᠯᠡᠰ ᠤᠨ ᠬᠦᠭᠵᠢᠯᠲᠠ ᠶᠢᠨ ᠰᠢᠨ᠎ᠠ ᠪᠠᠶᠢᠲᠠᠯ ᠢ ᠲᠠᠰᠤᠷᠠᠯᠲᠠ ᠦᠭᠡᠢ ᠡᠭᠦᠳᠬᠦ ᠭᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶ᠎ᠠ ᠦᠵᠦ ᠲᠦᠯᠦᠪᠯᠡᠭᠡ ᠬᠢᠬᠦ᠂ ᠶᠡᠷᠦᠩᠬᠡᠢ ᠪᠠᠶᠢᠷᠢᠰᠢᠭᠤᠯᠤᠯᠳᠠ ᠬᠢᠬᠦ᠂ ᠨᠢᠭᠡᠳᠦᠯᠳᠠᠢ ᠵᠤᠬᠢᠴᠠᠭᠤᠯᠬᠤ ᠶᠢ ᠰᠠᠶᠢᠳᠤᠷ ᠠᠳᠬᠤᠵᠤ᠂ ᠴᠢᠬᠤᠯᠠ ᠶᠡᠭᠡ ᠬᠡᠷᠡᠭ ᠶᠠᠪᠤᠳᠠᠯ ᠪᠤᠯᠤᠨ ᠴᠢᠬᠤᠯᠠ ᠶᠡᠭᠡ ᠠᠰᠠᠭᠤᠳᠠᠯ ᠢ ᠰᠢᠢᠳᠪᠤᠷᠢᠯᠡᠬᠦ ᠶᠢ ᠴᠢᠷᠮᠠᠶᠢᠨ ᠠᠬᠢᠭᠤᠯᠵᠤ᠂ ᠬᠢᠨᠠᠨ ᠪᠤᠳᠤᠬᠤ ᠬᠤᠷᠢᠶᠠᠨ ᠤ ᠠᠯᠪᠠᠨ ᠭᠡᠷ ᠤᠨ ᠬᠢᠨ ᠬᠠᠷᠢᠯᠴᠠᠵᠤ ᠤᠯᠤᠯᠴᠠᠬᠤ ᠪᠠᠨ ᠴᠢᠩᠭᠠᠳᠬᠠᠨ᠂ ᠬᠤᠯᠪᠤᠭᠳᠠᠯ ᠪᠦᠬᠦᠢ ᠲᠠᠯ᠎ᠠ ᠶᠢᠨ ᠬᠢᠨ ᠬᠢᠨᠠᠨ ᠪᠤᠳᠤᠬᠤ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠶᠢ ᠵᠤᠬᠢᠴᠠᠭᠤᠯᠤᠨ ᠱᠠᠯᠠᠪᠳᠠᠭᠤᠯᠬᠤ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠢᠶᠠᠨ ᠬᠢᠨᠠᠨ ᠪᠤᠳᠤᠬᠤ ᠠᠵᠢᠯ ᠤᠨ ᠲᠤᠬᠠᠢ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠬᠢᠨᠠᠨ ᠪᠤᠳᠤᠬᠤ ᠠᠵᠢᠯ ᠳᠤ ᠢᠳᠡᠪᠬᠢᠳᠠᠢ ᠬᠠᠮᠵᠢᠯᠴᠠᠵᠤ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠬᠢᠨᠠᠨ ᠪᠤᠳᠤᠬᠤ ᠬᠢᠨᠠᠯᠳᠠ ᠶᠢ ᠬᠦᠯᠢᠶᠡᠬᠦ ᠬᠡᠷᠡᠭᠳᠠᠢ᠃ ᠡᠯ᠎ᠠ ᠱᠠᠳᠤᠨ ᠤ ᠬᠢᠨᠠᠨ ᠪᠤᠳᠤᠬᠤ ᠪᠠᠶᠢᠭᠤᠯᠭ᠎ᠠ ᠲᠤᠰ ᠪᠡᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠨ᠂ ᠠᠵᠢᠯ ᠤᠨ ᠭᠤᠤᠯᠳᠠᠯᠭ᠎ᠠ ᠪᠤᠯᠤᠨ ᠶᠡᠭᠡ ᠲᠠᠯ᠎ᠠ ᠶᠢᠨ ᠲᠤᠭᠤᠷᠢᠨ ᠳᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠤᠯ ᠠᠰᠠᠭᠤᠳᠠᠯ ᠬᠦᠴᠢᠷ ᠠᠰᠠᠭᠤᠳᠠᠯ ᠢ ᠳᠤᠪᠤᠶᠢᠯᠭᠠᠨ᠂ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠬᠢᠨᠠᠨ ᠪᠤᠳᠤᠬᠤ ᠬᠢᠨᠠᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠬᠢᠨᠠᠨ ᠪᠤᠳᠤᠬᠤ ᠠᠵᠢᠯ ᠤᠨ ᠦᠷ᠎ᠠ ᠪᠦᠳᠤᠮᠵᠢ ᠶᠢ ᠳᠡᠭᠡᠭᠰᠢᠯᠡᠭᠦᠯᠵᠤ᠂ ᠬᠢᠨᠠᠨ ᠪᠤᠳᠤᠬᠤ ᠬᠢᠨᠠᠯᠳᠠ ᠶᠢᠨ ᠬᠠᠷᠢᠭᠤᠴᠠᠯᠭ᠎ᠠ ᠪᠠᠨ ᠬᠠᠤᠯᠢ ᠶᠤᠰᠤᠭᠠᠷ ᠪᠦᠬᠦ ᠲᠠᠯ᠎ᠠ ᠪᠠᠷ ᠭᠦᠢᠴᠡᠳᠭᠡᠨ᠂ ᠬᠢᠨᠠᠬᠤ ᠶᠤᠰᠤᠳᠠᠢ ᠪᠦᠬᠦᠨ ᠢ ᠬᠢᠨᠠᠬᠤ᠂ ᠬᠢᠨᠠᠬᠤ ᠪᠤᠯᠭᠠᠨ ᠢ ᠴᠢᠩᠭ᠎ᠠ ᠬᠢᠨᠠᠬᠤ᠂ ᠲᠦᠪ ᠴᠢᠩᠭ᠎ᠠ ᠪᠠᠷ ᠬᠠᠷᠢᠭᠤᠴᠠᠯᠭ᠎ᠠ ᠳᠤᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠳᠠᠢ ᠭᠡᠵᠡᠢ᠃      ᠬᠤᠷᠠᠯ ᠠᠴᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ ᠠᠵᠢᠯ ᠤᠨ ᠳᠦᠷᠢᠮ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ ᠠᠯᠪᠠᠨ ᠭᠡᠷ ᠤᠨ ᠠᠵᠢᠯ ᠤᠨ ᠨᠠᠷᠢᠨ ᠳᠦᠷᠢᠮ︾ ᠪᠤᠯᠤᠨ ︽2019 ᠣᠨ ᠤ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠦᠯᠦᠪᠯᠡᠭᠡ︾᠎ ᠶᠢ ᠬᠢᠨᠠᠨ ᠵᠦᠪᠯᠡᠵᠤ ᠪᠠᠲᠤᠯᠠᠨ᠂ 2017 ᠣᠨ ᠠᠴᠠ ᠨᠠᠭᠠᠰᠢᠬᠢ ᠬᠢᠨᠠᠨ ᠪᠤᠳᠤᠬᠤ ᠠᠵᠢᠯ ᠢ ᠦᠷᠨᠢᠭᠦᠯᠦᠭᠰᠡᠨ ᠪᠠᠶᠢᠳᠠᠯ ᠪᠤᠯᠤᠨ 2019 ᠣᠨ ᠤ ᠠᠵᠢᠯ ᠤᠨ ᠳᠤᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ᠂ 2017 ᠣᠨ ᠤ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠲᠦᠰᠦᠪ ᠤᠨ ᠬᠡᠷᠡᠭᠵᠢᠭᠦᠯᠤᠯᠳᠡ ᠶᠢᠨ ᠬᠢᠨᠡᠨ ᠪᠤᠳᠤᠯᠲᠠ ᠪᠤᠯᠤᠨ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠳᠤ ᠪᠠᠶᠢᠴᠠᠭᠠᠵᠤ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ ᠭᠡᠰᠢᠭᠦᠳ ᠤᠷᠤᠯᠴᠠᠵᠤ᠂ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号