ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠬᠤᠷᠡᠯ ᠢ ᠡᠷᠬᠢᠯᠡᠪᠡ  ᠪᠦ᠋ ᠰᠢᠶᠣᠣ ᠯᠢᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/2/14
     2 ᠰᠠᠷ᠎ᠠ ᠶᠢᠨ 13᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠬᠤᠷᠡᠯ ᠢ ᠡᠷᠬᠢᠯᠡᠨ ᠬᠤᠷᠡᠯᠳᠤᠭᠤᠯᠤᠭᠰᠠᠠ ᠪᠦᠬᠡᠳ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ ᠬᠦᠴᠢᠷ ᠠᠰᠠᠭᠤᠳᠠᠯ ᠢ ᠵᠤᠷᠢᠬᠳᠡᠢ ᠪᠠᠷ ᠰᠢᠢᠳᠪᠤᠷᠢᠯᠡᠵᠤ ᠪᠡᠷᠬᠡ ᠠᠰᠠᠭᠤᠳᠠᠯ ᠢ ᠵᠤᠷᠢᠬᠳᠡᠢ ᠪᠠᠷ ᠬᠦᠨᠳᠡᠬᠦ ᠡᠬᠦᠷᠬᠡᠯᠡᠯ ᠪᠠ ᠰᠦᠰᠦ ᠵᠤᠷᠢᠭ ᠢᠶᠠᠷ ᠴᠢᠬᠤᠯᠠ ᠬᠦᠷᠢᠶ᠎ᠡ ᠪᠤᠯᠤᠨ ᠵᠠᠩᠬᠢᠯᠠᠭ᠎ᠠ ᠶᠢᠨ ᠭᠤᠭᠴᠤᠭ᠎ᠠ ᠶᠢᠨ ᠦᠬᠡᠷᠡᠴᠢᠯᠡᠯᠳᠡ ᠶᠢ ᠬᠦᠴᠦᠯᠡᠨ ᠠᠬᠢᠭᠤᠯᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠬᠦᠳᠡ ᠬᠤᠷᠡᠯ ᠠᠴᠠ ᠪᠠᠶᠢᠷᠢᠯᠠᠭᠤᠯᠤᠭᠰᠠᠨ ᠦᠬᠡᠷᠡᠴᠢᠯᠡᠯᠳᠡ ᠶᠢᠨ ᠡᠬᠦᠷᠬᠡ ᠶᠢ ᠵᠠᠪᠠᠯ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠬᠤᠷᠢᠶᠠᠨ ᠤ ᠲᠡᠳ᠋ ᠡᠷᠬᠢᠯᠡᠭᠴᠢ ᠪᠦ᠋ ᠰᠢᠶᠤᠤ ᠯᠢᠨ᠂ ᠮᠠ ᠰᠢᠤᠸᠠᠢ ᠵᠢᠶᠦ᠋ᠨ ᠬᠤᠷᠡᠯ ᠳᠤ ᠤᠷᠤᠯᠴᠠᠵᠠᠢ᠃      ᠬᠤᠷᠡᠯ ᠲᠡᠭᠡᠷ᠎ᠡ ᠲᠦᠪ ᠤᠨ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠵᠦᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠡᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ︽ᠦᠪᠡᠷᠳᠡᠭᠡᠨ ᠵᠠᠰᠠᠬᠤ ᠤᠷᠤᠨ ᠤ ︿ᠤᠯᠠᠨ ᠨᠡᠶᠢᠲᠡ ᠶᠢᠨ ᠮᠡᠳᠡᠭᠡ ᠵᠠᠩᠬᠢ ᠶᠢᠨ ᠡᠬᠢ ᠪᠠᠶᠠᠯᠢᠭ ᠢ ᠨᠡᠬᠡᠬᠡᠯᠳᠡ ᠲᠠᠢ ᠪᠠᠶᠢᠯᠭᠠᠬᠤ ᠶᠢ ᠠᠬᠢᠭᠤᠯᠬᠤ ᠰᠠᠨᠠᠯ ᠤᠳ﹀᠎ ᠢ ᠲᠤᠭᠤᠰᠢᠯᠠᠭᠤᠯᠬᠤ ᠲᠤᠬᠠᠢ ᠬᠡᠷᠡᠭᠵᠢᠬᠦᠯᠬᠦ ᠰᠠᠨᠠᠯ︾᠂ ︽ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠦᠬᠡᠷᠡᠴᠢᠯᠡᠯᠳᠡ ᠶᠢᠨ ᠲᠦᠰᠦᠯ︾ ᠪᠤᠯᠤᠨ ︽ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠬᠤᠷᠢᠶᠠᠨ ᠤ 2018 ᠤᠨ ᠤ ᠠᠵᠢᠯ ᠤᠨ ᠳ᠋ᠦᠩᠨᠡᠯᠳᠡ︾᠂ ︽ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠬᠤᠷᠢᠶᠠᠨ ᠤ 2019 ᠤᠨ ᠤ ᠠᠵᠢᠯ ᠤᠨ ᠭᠤᠤᠯᠳᠠᠯᠭ᠎ᠠ︾᠎ ᠶᠢ ᠬᠢᠨᠠᠨ ᠵᠦᠪᠯᠡᠵᠥ ᠪᠠᠳᠤᠯᠠᠪᠠ᠃      ᠬᠤᠷᠡᠯ ᠠᠴᠠ ᠵᠢᠭᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠲᠦᠪ ᠤᠨ ᠦᠬᠡᠷᠡᠴᠢᠯᠡᠯᠳᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠬᠦ ᠵᠦᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠡᠯ ᠲᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠠᠷᠪᠠᠨ ᠨᠢᠬᠡᠳᠤᠬᠡᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠬᠦᠳᠡ ᠬᠤᠷᠡᠯ ᠪᠤᠯᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠬᠦᠳᠡ ᠬᠤᠷᠡᠯ ᠤᠨ ᠴᠠᠭ ᠦᠶ᠎ᠡ ᠶᠢ ᠵᠠᠭᠠᠬᠯᠠᠭᠰᠠᠠ ᠠᠴᠢ ᠬᠤᠯᠪᠤᠭᠳᠠᠯ ᠢ ᠬᠦᠨᠵᠡᠬᠡᠢ ᠲᠤᠳᠤᠷᠬᠠᠶᠢᠯᠠᠨ ᠦᠬᠦᠯᠡᠵᠥ᠂ ᠰᠢᠨ᠎ᠡ ᠴᠠᠭ ᠦᠶ᠎ᠠ ᠳᠤ ᠦᠬᠡᠷᠡᠴᠢᠯᠡᠯᠳᠡ ᠨᠡᠬᠡᠬᠡᠯᠳᠡ ᠶᠢ ᠦᠷᠬᠦᠯᠵᠢᠯᠡᠨ ᠭᠦᠨᠵᠡᠭᠡᠶᠢᠷᠡᠭᠦᠯᠵᠦ ᠲᠤᠭᠳᠠᠭᠰᠠᠠ ᠬᠠᠷᠠᠯᠳᠡ ᠡᠬᠦᠷᠬᠡ ᠪᠠᠨ ᠪᠡᠶᠡᠯᠡᠬᠦᠯᠬᠦ ᠡᠷᠡᠰ ᠪᠠᠳᠤ ᠵᠤᠷᠢᠭ ᠢ ᠲᠤᠳᠤᠷᠬᠠᠢ ᠢᠯᠡᠷᠡᠬᠦᠯᠵᠥ᠂ ᠡᠨᠡ ᠵᠢᠯ ᠤᠨ ᠦᠬᠡᠷᠡᠴᠢᠯᠡᠯᠳᠡ ᠶᠢᠨ ᠭᠤᠤᠯ ᠰᠢᠪᠳᠤᠯᠤᠯᠳᠠ ᠶᠢᠨ ᠴᠢᠭᠯᠡᠯ ᠪᠤᠯᠤᠨ ᠪᠡᠷᠬᠡ ᠶᠢ ᠳᠠᠪᠠᠭ᠋ᠤ ᠭᠤᠤᠯᠳᠠᠯᠭ᠎ᠠ ᠶᠢ ᠲᠤᠳᠤᠷᠬᠠᠶᠢᠯᠠᠵᠤ᠂ ᠦᠬᠡᠷᠡᠴᠢᠯᠡᠯᠳᠡ ᠶᠢᠨ ᠠᠵᠢᠯ ᠢ ᠦᠷᠬᠦᠯᠵᠢᠯᠡᠨ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠢ᠃ ᠪᠢᠲᠡ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠵᠦ᠂ ᠦᠭᠡᠷᠡᠴᠢᠯᠡᠯᠲᠡ ᠶᠢ ᠰᠠᠶᠢᠲᠤᠷ ᠠᠳᠬᠤᠬᠤ ᠬᠠᠷᠢᠭᠤᠴᠠᠯᠭᠠᠲᠦ ᠰᠡᠳᠭᠢᠯᠭᠡ ᠡᠬᠦᠷᠭᠡᠯᠡᠯᠲᠦ ᠪᠤᠲᠤᠯ ᠪᠤᠯᠤᠨ ᠪᠠᠴᠢᠮ ᠲᠤᠯᠭᠠᠮ ᠰᠡᠳᠬᠢᠯᠭᠡ ᠪᠠᠨ ᠴᠢᠨᠠᠭᠰᠢᠲᠠ ᠴᠢᠩᠭᠠᠳᠬᠠᠨ᠂ ︽ᠨᠠᠮ ᠤᠨ ᠠᠷᠪᠠᠠ ᠨᠠᠢᠮᠠᠳᠤᠭᠠᠷ ᠬᠤᠭᠤᠴᠠᠭᠠᠠ ᠤ ᠲᠦᠪ ᠬᠤᠷᠢᠶᠠᠠ ᠤ ᠭᠤᠷᠪᠠᠲᠤᠭᠠᠷ ᠪᠦᠬᠦᠲᠠ ᠬᠤᠷᠠᠯ ᠠᠴᠠ ᠪᠠᠶᠢᠷᠢᠯᠠᠭᠤᠯᠤᠭᠰᠠᠨ ᠦᠭᠡᠷᠡᠴᠢᠯᠡᠯᠲᠡ ᠶᠢᠨ ᠡᠬᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠳᠤ ᠴᠢᠨᠠᠷᠲᠠᠢ ᠰᠠᠭᠤᠷᠢ ᠲᠠᠯᠪᠢᠵᠤ ᠦᠭᠬᠦ︾ ᠴᠢᠬᠤᠯᠠ ᠱᠠᠭᠠᠷᠲᠠᠯᠭ᠎ᠠ ᠪᠠᠷ ᠭᠤᠤᠯᠲᠠᠭᠤᠯᠵᠤ᠂ ᠠᠩᠬᠠᠷᠤᠯ ᠬᠦᠴᠤ ᠪᠠᠨ ᠲᠦᠪᠯᠡᠷᠡᠭᠦᠯᠤᠨ ᠤᠨᠢᠨ ᠳᠡᠭᠡᠷ᠎ᠠ ᠨᠢ ᠬᠦᠴᠤᠯᠡᠵᠦ᠂ ᠡᠯ᠎ᠠ ᠲᠠᠯ᠎ᠠ ᠶᠢᠨ ᠦᠭᠡᠷᠡᠴᠢᠯᠡᠯᠲᠡ ᠶᠢᠨ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠬᠦ ᠭᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠭᠡᠷᠡᠴᠢᠯᠡᠯᠲᠡ ᠶᠢᠨ ᠠᠬᠢᠴᠠ ᠶᠢᠨ ᠲᠤᠲᠠᠭᠤᠲᠠᠯ ᠢᠶᠠᠨ ᠴᠢᠷᠮᠠᠶᠢᠨ ᠨᠦᠬᠦᠪᠦᠷᠢᠯᠡᠵᠤ᠂ ᠨᠠᠮ ᠤᠨ ᠠᠷᠪᠠᠠ ᠨᠠᠢᠮᠠᠳᠤᠭᠠᠷ ᠬᠤᠭᠤᠴᠠᠭᠠᠠ ᠤ ᠲᠦᠪ ᠬᠤᠷᠢᠶᠠᠠ ᠤ ᠭᠤᠷᠪᠠᠲᠤᠭᠠᠷ ᠪᠦᠬᠦᠲᠠ ᠬᠤᠷᠠᠯ ᠠᠴᠠ ᠪᠠᠶᠢᠷᠢᠯᠠᠭᠤᠯᠤᠭᠰᠠᠨ ᠦᠭᠡᠷᠡᠴᠢᠯᠡᠯᠲᠡ ᠶᠢᠨ ᠡᠬᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳ᠋ᠤ᠋‌‍ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠦᠷᠨᠢᠭᠦᠯᠵᠦ᠂ ᠡᠭᠡ ᠲᠠᠩᠰᠠ ᠶᠢᠨ ᠡᠭᠦᠷᠭᠡ ᠳᠤ ᠲᠤᠭᠲᠠᠭᠠᠭᠰᠠᠠ ᠴᠠᠭ ᠤᠨ ᠬᠢᠵᠠᠭᠠᠷ ᠪᠤᠯᠤᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢᠨ ᠬᠠᠷᠠᠯᠲᠠ ᠱᠠᠭᠠᠷᠲᠠᠯᠭ᠎ᠠ ᠲᠠᠢ ᠬᠠᠷᠭᠤᠭᠤᠯᠵᠤ ᠪᠠᠶᠢᠭᠠᠳ ᠨᠢᠭᠡᠳ ᠨᠢᠭᠡ ᠪᠠᠷ ᠡᠮᠬᠢᠯᠡᠨ ᠨᠢᠭᠡᠳ ᠨᠢᠭᠡ ᠪᠠᠷ ᠪᠠᠶᠢᠴᠠᠭᠠᠵᠤ᠂ ᠦᠭᠡᠷᠡᠴᠢᠯᠡᠯᠲᠡ ᠶᠢᠨ ᠲᠦᠰᠦᠯ ᠢ ᠢᠵᠢ ᠪᠦᠷᠢᠲᠦᠭᠦᠯᠦᠠ ᠲᠤᠭᠲᠠᠭᠠᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠵᠡᠬᠦ ᠪᠦᠭᠡᠳ ᠪᠠᠰᠠ ᠦᠭᠡᠷᠡᠴᠢᠯᠡᠯᠲᠡ ᠶᠢ ᠭᠡᠷᠡᠭᠵᠢᠭᠦᠯᠦᠭᠰᠡᠡ ᠪᠤᠲᠠᠲᠠᠢ ᠦᠷ᠎ᠠ ᠪᠦᠲᠦᠮᠵᠢ ᠶᠢ ᠦᠨᠡᠯᠡᠵᠦ᠂ ᠵᠦᠭᠯᠡᠯ ᠬᠡᠯᠪᠡᠶᠢᠭᠰᠡᠨ ᠢ ᠨᠢ ᠲᠠᠲᠠᠠ ᠠᠪᠴᠢᠷᠠᠵᠦ᠂ ᠠᠬᠢᠴᠠ ᠤᠳᠠᠭᠠᠨ ᠪᠠᠶᠢᠬᠤ ᠶᠢ ᠨᠢ ᠨᠦᠬᠦᠨ ᠠᠪᠴᠤ᠂ ᠦᠷ᠎ᠠ ᠪᠦᠲᠦᠮᠵᠢ ᠬᠡᠶᠢᠰᠪᠦᠷᠢ ᠪᠠᠶᠢᠬᠤ ᠶᠢ ᠨᠢ ᠪᠤᠲᠠᠲᠠᠶᠢᠵᠢᠭᠤᠯᠬᠤ ᠭᠡᠷᠡᠭᠲᠡᠢ᠃ ᠪᠤᠲᠠᠲᠠᠢ ᠠᠰᠠᠭᠤᠲᠠᠯ ᠢ ᠴᠢᠷᠮᠠᠶᠢᠨ ᠰᠢᠢᠳᠪᠦᠷᠢᠯᠡᠵᠦ᠂ ᠨᠠᠷᠢᠯᠢᠭ ᠤᠨᠤᠪᠴᠢᠲᠠᠢ ᠪᠠᠷ ᠦᠭᠡᠷᠡᠴᠢᠯᠡᠯᠲᠡ ᠬᠢᠬᠦ ᠶᠢ ᠪᠠᠷᠢᠮᠲᠠᠯᠠᠠ᠂ ᠮᠠᠠ ᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠪᠤᠭᠤᠮᠢ ᠬᠦᠯᠢᠶᠡᠰᠦᠯᠡᠯ ᠪᠤᠯᠤᠨ ᠠᠷᠠᠳ ᠤᠯᠠᠠ ᠤ ᠲᠤᠰᠬᠠᠯ ᠢᠶᠠᠷ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢᠶᠠᠷ ᠭᠤᠤᠯᠲᠠᠭᠤᠯᠵᠤ᠂ ᠬᠦᠴᠦᠨ ᠢᠶᠠᠨ ᠲᠦᠪᠯᠡᠷᠡᠭᠦᠯᠦᠠ ᠪᠤᠭᠤᠮᠲᠠ ᠰᠢᠪᠳᠤᠯᠵᠤ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠪᠠᠲᠤᠯᠠᠬᠤ ᠭᠡᠷᠡᠭᠲᠡᠢ᠃ ᠦᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠠᠵᠢᠯ ᠢ ᠴᠢᠷᠮᠠᠶᠢᠨ ᠰᠠᠶᠢᠲᠤᠷ ᠠᠳᠬᠤᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠠ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠨᠢᠭᠡᠲᠦᠯᠲᠡᠢ ᠲᠦᠯᠦᠪᠵᠢᠭᠦᠯᠵᠤ ᠵᠤᠬᠢᠴᠠᠭᠤᠯᠬᠤ ᠠᠵᠢᠯ ᠢᠶᠠᠨ ᠰᠠᠶᠢᠲᠤᠷ ᠬᠢᠵᠦ᠂ ᠦᠭᠡᠷᠡᠴᠢᠯᠡᠯᠲᠡ ᠶᠢᠨ ᠲᠦᠰᠦᠯ ᠢ ᠨᠠᠶᠢᠳᠠᠪᠤᠷᠢᠵᠢᠭᠤᠯᠤᠭᠰᠠᠨ ᠶᠠᠪᠤᠴᠠ ᠪᠤᠯᠤᠨ ᠨᠠᠶᠢᠳᠠᠪᠤᠷᠢᠵᠢᠭᠤᠯᠤᠭᠰᠠᠨ ᠦᠷ᠎ᠠ ᠪᠦᠲᠦᠮᠵᠢ ᠶᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠨ᠂ ︽ᠡᠴᠤᠰ ᠤᠨ ᠨᠢᠭᠡ ᠺᠢᠯᠤᠮᠧᠲᠷ︾᠎ ᠤᠨ ᠠᠵᠢᠯ ᠢ ᠴᠢᠩᠭ᠎ᠠ ᠠᠩᠬᠠᠷᠴᠦ᠂ ᠨᠡᠩ ᠤᠯᠠᠠ ᠤᠶᠤᠨ ᠤᠬᠠᠭᠠᠠ᠂ ᠨᠡᠩ ᠶᠡᠭᠡ ᠬᠦᠴᠦᠨ ᠴᠢᠳᠠᠯ ᠤᠷᠤᠭᠤᠯᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠭᠡᠷᠡᠭᠲᠡᠢ ᠭᠡᠵᠡᠢ᠃      ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠦ᠂ ᠬᠤᠯᠪᠤᠭᠲᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠠ ᠨᠦᠬᠦᠳ ᠬᠤᠷᠠᠯ ᠳᠤ ᠰᠤᠯᠠ ᠰᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号