2019 ᠤᠨ ᠤ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠬᠢᠭᠡᠳ ᠬᠢᠯᠢ ᠶᠢᠨ ᠪᠤᠭᠤᠮᠲᠠ ᠶᠢᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ  ᠠᠢ ᠯᠢ ᠬᠤᠸᠠ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/2/18
     2 ᠳ᠋ᠤᠭᠠᠷ ᠰᠠᠷ᠎ᠠ ᠶᠢᠨ 14᠎ ᠤ ᠡᠳᠦᠷ᠂ 2019 ᠤᠨ ᠤ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠬᠢᠭᠡᠳ ᠬᠢᠯᠢ ᠶᠢᠨ ᠪᠤᠭᠤᠮᠲᠠ ᠶᠢᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠳᠤ 2018 ᠤᠨ ᠤ ᠠᠵᠢᠯ ᠢ ᠡᠷᠭᠢᠴᠡᠭᠦᠯᠵᠦ᠂ ᠪᠠᠶᠢᠳᠠᠯ ᠢ ᠵᠠᠳᠠᠯᠤᠨ᠂ ᠲᠤᠷᠰᠢᠯᠭ᠎ᠠ ᠪᠠᠨ ᠰᠤᠯᠢᠯᠴᠠᠵᠤ᠂ 2019 ᠤᠨ ᠤ ᠠᠵᠢᠯ ᠢ ᠪᠠᠶᠢᠷᠢᠯᠠᠭᠤᠯᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠠᠢ ᠯᠢ ᠬᠤᠸᠠ ᠢᠯᠡᠳᠬᠡᠭᠰᠡᠨ ᠨᠢ᠂ 2018 ᠤᠨ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠪᠠᠶᠢᠳᠠᠯ ᠪᠤᠳᠤᠯᠢᠶᠠᠨᠲᠠᠢ ᠪᠦᠭᠡᠳ ᠬᠤᠪᠢᠷᠠᠯᠲᠠ ᠶᠡᠬᠡᠲᠡᠢ᠂ ᠴᠢᠩᠭ᠎ᠠ ᠰᠢᠷᠦᠭᠦᠨ ᠦᠷᠢᠰᠦᠯᠳᠦᠭᠡᠨ ᠤ ᠳᠤᠮᠳᠠ᠂ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠪᠤᠯᠤᠨ ᠬᠢᠯᠢ ᠶᠢᠨ ᠪᠤᠭᠤᠮᠲᠠ ᠶᠢᠨ ᠰᠢᠰᠲ᠋ᠧᠮ ᠬᠦᠴᠢᠷ ᠢ ᠰᠦᠷᠦᠨ ᠤᠷᠤᠬᠰᠢᠯᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠨ ᠴᠢᠷᠮᠠᠶᠢᠵᠤ᠂ ᠰᠢᠨ᠎ᠡ ᠠᠮᠵᠢᠯᠲᠠ ᠤᠯᠵᠤ᠂ ᠰᠢᠨ᠎ᠡ ᠬᠢᠯᠠᠰ ᠴᠡᠭ ᠢ ᠪᠣᠢ ᠪᠣᠯᠭᠠᠪᠠ᠃ ᠨᠢᠭᠡ ᠳᠤ᠂ ᠪᠦᠬᠦ ᠤᠷᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ 7311 ᠳ᠋ᠦᠩᠰᠢᠭᠤᠷ ᠲᠦᠭᠦᠷᠢᠭ ᠲᠤ ᠬᠦᠷᠴᠠᠢ᠃ ᠬᠤᠶᠠᠷ ᠲᠤ᠂ ᠪᠦᠬᠦ ᠤᠷᠤᠨ ᠤ ᠭᠠᠳᠠᠭᠠᠳᠤ ᠠᠷᠠᠯᠵᠢᠶᠠᠨ ᠤ ᠬᠢᠯᠢ ᠪᠠᠷ ᠤᠷᠤᠭᠤᠯᠵᠤ ᠭᠠᠷᠭᠠᠬᠰᠠᠨ ᠶᠡᠷᠦᠩᠬᠡᠢ ᠬᠡᠮᠵᠢᠶ᠎ᠡ 1000 ᠳ᠋ᠦᠩᠰᠢᠭᠤᠷ ᠲᠦᠭᠦᠷᠢᠭ ᠢ ᠳᠠᠪᠠᠵᠤ᠂ ᠲᠡᠤᠬᠡ ᠶᠢᠨ ᠰᠢᠨ᠎ᠡ ᠳᠡᠮᠳᠡᠭᠯᠡᠯ ᠢ ᠡᠭᠦᠳᠪᠡ᠃ ᠭᠤᠷᠪᠠ ᠳᠤ᠂ ᠤᠯᠤᠰ ᠤᠨ ᠳᠡᠰ ᠤᠨ ᠡᠯᠧᠺᠲᠷᠣᠨ ᠬᠤᠳᠠᠯᠳᠤᠭ᠎ᠠ ᠬᠦᠳᠡᠭᠡ ᠲᠤᠰᠬᠤᠨ ᠳᠤ ᠭᠦᠨᠵᠡᠭᠡᠶᠢᠷᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠰᠢᠨ᠎ᠡ ᠪᠠᠷ 9 ᠨᠡᠮᠡᠭᠳᠡᠵᠦ᠂ ᠪᠦᠬᠦ ᠤᠯᠤᠰ ᠤᠨ ᠬᠡᠪᠴᠢᠶᠡᠨ ᠳᠤ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠰᠢᠶᠠᠨ ᠳᠤ ᠪᠦᠬᠦᠨ ᠢ ᠪᠦᠷᠬᠦᠭᠦᠯᠬᠦ ᠶᠢ ᠤᠷᠢᠳᠴᠢᠯᠠᠨ ᠪᠡᠶᠡᠯᠡᠭᠦᠯᠪᠡ᠃ ᠳᠦᠷᠪᠡ ᠳᠤ᠂ ᠬᠦᠬᠡᠬᠤᠲᠠ ᠶᠢᠨ ᠬᠢᠯᠢ ᠠᠯᠤᠰᠯᠠᠬᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠠᠮᠵᠢᠯᠲᠠᠲᠠᠢ ᠪᠠᠷ ᠵᠦᠪᠰᠢᠶᠡᠷᠡᠯ ᠤᠯᠵᠤ᠂ ᠬᠢᠯᠢ ᠠᠯᠤᠰᠯᠠᠬᠰᠠᠨ ᠡᠯᠧᠺᠲᠷᠣᠨ ᠬᠤᠳᠠᠯᠳᠤᠭᠠᠨ ᠤ ᠰᠠᠭᠤᠷᠢᠨ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠴᠢᠳᠠᠮᠵᠢ ᠶᠢᠨ ᠲᠤᠭᠤᠷᠢᠬ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠡᠪᠴᠠᠩ ᠤᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠤᠯᠪᠠ᠃ ᠬᠦᠴᠢᠷᠳᠡᠯᠲᠡᠢ ᠨᠦᠬᠦᠴᠡᠯ ᠳᠤᠤᠷ᠎ᠠ ᠡᠶᠢᠨ ᠬᠦ ᠬᠢᠷᠢ ᠪᠦᠲᠦᠮᠵᠢ ᠤᠯᠤᠬᠰᠠᠨ ᠢ ᠭᠦᠢᠴᠡᠳ ᠨᠤᠲᠠᠯᠠᠭᠤᠰᠢᠲᠠᠢ ᠶᠤᠮ ᠭᠡᠵᠡᠢ᠃      ᠠᠢ ᠯᠢ ᠬᠤᠸᠠ ᠴᠢᠬᠤᠯᠠᠴᠢᠯᠠᠭᠰᠠᠨ ᠨᠢ᠂ 2019 ᠣᠨ ᠤ ᠬᠤᠳᠠᠯᠳᠤᠭᠠᠨ ᠤ ᠶᠠᠪᠤᠳᠠᠯ ᠪᠤᠯᠤᠨ ᠬᠢᠯᠢ ᠶᠢᠨ ᠪᠤᠭᠤᠮᠲᠠ ᠶᠢᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠬᠳᠠᠯ ᠲᠠᠢ᠂ ᠪᠠᠰᠠ ᠭᠠᠳᠠᠭᠠᠳᠤ ᠠᠷᠠᠯᠵᠢᠶ᠎ᠠ ᠶᠢ ᠦᠷᠬᠦᠯᠵᠢᠯᠡᠨ ᠪᠤᠵᠠᠭᠠᠢᠢᠷᠠᠭᠤᠯᠵᠤ᠂ ᠭᠠᠳᠠᠭᠠᠳᠤ ᠪᠡᠯᠡ ᠶᠢ ᠤᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠦᠷᠭᠡᠨ ᠬᠡᠪᠴᠢᠶᠡᠨ ᠤ ᠪᠤᠭᠤᠮᠲᠠ ᠶᠢᠨ ᠠᠵᠤ ᠠᠬᠤᠢ ᠶᠢ ᠲᠦᠷᠭᠡᠨ ᠬᠦᠭᠵᠢᠭᠦᠯᠵᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠶᠢ ᠭᠦᠨᠵᠡᠭᠡᠢ ᠠᠬᠢᠭᠤᠯᠵᠤ᠂ ᠬᠤᠷᠠᠯ ᠦᠵᠡᠰᠬᠦᠯᠡᠩ ᠤᠨ ᠠᠵᠤ ᠠᠬᠤᠢ ᠶᠢ ᠬᠦᠴᠦᠯᠡᠨ ᠬᠦᠭᠵᠢᠭᠦᠯᠵᠦ᠂ ᠬᠤᠳᠠᠯᠳᠤᠭᠠᠯᠠᠨ ᠡᠵᠡᠩᠨᠡᠬᠦ ᠤᠷᠴᠢᠨ ᠲᠤᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠪᠤᠯᠤᠨ ᠬᠢᠯᠢ ᠶᠢᠨ ᠪᠤᠭᠤᠮᠲᠠ ᠶᠢᠨ ᠠᠵᠢᠯ ᠎ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号