ᠪᠦᠬᠦ ᠤᠷᠤᠨ ᠤ ᠠᠵᠦ ᠦᠢᠯᠡᠳᠪᠦᠷᠢ ᠶᠢᠨ ᠠᠵᠦ ᠠᠬᠤᠢ ᠶᠢᠨ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠬᠢᠵᠦ  ᠵᠠᠩ ᠱᠤᠤ ᠴᠦᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/2/18
     2 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠷᠤᠨ ᠤ ᠠᠵᠦ ᠦᠢᠯᠡᠳᠪᠦᠷᠢ ᠶᠢᠨ ᠠᠵᠦ ᠠᠬᠤᠢ ᠶᠢᠨ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠬᠤᠷᠠᠯᠳᠤᠵᠦ᠂ ᠪᠦᠬᠦ ᠤᠷᠤᠨ ᠤ ᠠᠵᠤ ᠦᠢᠯᠡᠳᠪᠦᠷᠢ᠂ ᠪᠠᠶᠢᠭᠠᠯᠢ ᠶᠢᠨ ᠡᠬᠢ ᠪᠠᠶᠠᠯᠢᠬ᠂ ᠡᠨᠧᠷᠬᠢ᠂ ᠲᠤᠮᠤ ᠳ᠋ᠠᠶᠢᠲ᠋ᠠ᠂ ᠤᠯᠤᠰ ᠤᠨ ᠦᠮᠴᠢᠯᠡᠯ ᠤᠨ ᠠᠵᠦ ᠠᠬᠤᠢ ᠶᠢᠨ 2018 ᠣᠨ ᠤ ᠠᠵᠢᠯ ᠢ ᠳ᠋ᠦᠩᠨᠡᠵᠤ᠂ 2019 ᠣᠨ ᠤ ᠠᠵᠢᠯ ᠢ ᠪᠠᠶᠢᠷᠢᠯᠠᠭᠤᠯᠤᠬᠰᠠᠨ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠠᠩ ᠱᠤᠤ ᠴᠦᠨ‌ᠬᠤᠷᠠᠯ ᠲᠡᠭᠡᠷ᠎ᠠ ᠶᠠᠷᠢᠶ᠎ᠠ ᠲᠠᠯᠪᠢᠵᠠᠢ᠃      ᠬᠤᠷᠠᠯ ᠠᠴᠠ ᠱᠠᠭᠠᠷᠳᠠᠭᠰᠠᠨ ᠨᠢ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠪᠠᠨ ᠪᠠᠳᠤᠯᠠᠨ᠂ ᠠᠵᠦ ᠦᠢᠯᠡᠳᠪᠦᠷᠢ ᠶᠢᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠡᠷᠡᠰ ᠭᠤᠶᠢᠪᠢᠰᠢ ᠦᠬᠡᠢ ᠠᠬᠢᠭᠤᠯᠵᠦ᠂ ᠤᠯᠠᠮᠵᠢᠯᠠᠯᠳᠤ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠪᠦᠬᠦ ᠬᠦᠴᠦ ᠪᠠᠷ ᠢᠶᠠᠨ ᠠᠳᠬᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠠᠵᠦ ᠦᠢᠯᠡᠰ ᠢ ᠲᠦᠪᠯᠡᠷᠡᠬᠦᠯᠦᠨ ᠬᠦᠭᠵᠢᠬᠦᠯᠬᠦ ᠶᠢ ᠲᠦᠷᠬᠡᠳᠬᠡᠨ᠂ ᠰᠢᠨ᠎ᠠ ᠮᠡᠷᠬᠡᠵᠢᠯ᠂ ᠰᠢᠨ᠎ᠠ ᠡᠵᠡᠩᠨᠡᠯᠳᠡ ᠶᠢᠨ ᠬᠡᠯᠪᠡᠷᠢ᠂ ᠰᠢᠨ᠎ᠠ ᠵᠠᠬᠪᠤᠷ ᠢ ᠬᠡᠷᠡᠭᠯᠡᠨ᠂ ᠤᠯᠠᠮᠵᠢᠯᠠᠯᠳᠤ ᠠᠵᠦ ᠦᠢᠯᠡᠰ ᠢ ᠦᠬᠡᠷᠡᠴᠢᠯᠡᠨ ᠪᠠᠶᠢᠭᠤᠯᠵᠦ ᠲᠡᠰ ᠲᠡᠪᠰᠢᠬᠦᠯᠬᠦ ᠪᠠ ᠦᠷ᠎ᠠ ᠠᠰᠢᠬ ᠢ ᠲᠡᠭᠡᠭᠰᠢᠯᠡᠬᠦᠯᠬᠦ ᠶᠢ ᠲᠦᠷᠭᠡᠳᠭᠡᠬᠦ ᠬᠡᠷᠡᠭᠳᠡᠢ︔ ᠰᠢᠨ᠎ᠠ ᠪᠠᠷ ᠮᠠᠨᠳᠤᠬᠰᠠᠨ ᠠᠵᠦ ᠦᠢᠯᠡᠰ ᠤᠨ ᠬᠦᠭᠵᠢᠯᠳᠡ ᠶᠢ ᠪᠦᠬᠦ ᠬᠦᠴᠦ ᠪᠠᠷ ᠢᠶᠠᠨ ᠠᠳᠬᠤᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠦ ᠦᠢᠯᠡᠰ ᠢ ᠲᠦᠪᠯᠡᠷᠡᠬᠦᠯᠦᠨ ᠬᠦᠭᠵᠢᠬᠦᠯᠬᠦ ᠶᠢ ᠬᠦᠲᠦᠯᠦᠨ ᠲᠠᠭᠠᠭᠤᠯᠵᠦ᠂ ᠠᠵᠦ ᠦᠢᠯᠡᠰ ᠤᠨ ᠰᠢᠨ᠎ᠠ ᠶᠢ ᠡᠬᠦᠳᠬᠦ ᠴᠢᠳᠠᠪᠤᠷᠢ ᠶᠢ ᠬᠦᠴᠦᠯᠡᠨ ᠲᠡᠭᠡᠭᠰᠢᠯᠡᠬᠦᠯᠵᠦ᠂ ᠠᠵᠦ ᠦᠢᠯᠡᠰ ᠢ ᠬᠦᠭᠵᠢᠬᠦᠯᠬᠦ ᠰᠠᠶᠢᠨ ᠰᠠᠶᠢᠬᠠᠨ ᠤᠷᠴᠢᠨ ᠨᠦᠬᠦᠴᠡᠯ ᠢ ᠡᠬᠦᠳᠦᠨ ᠦᠭᠴᠦ᠂ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢ ᠪᠦᠬᠦ ᠬᠦᠴᠦ ᠪᠠᠷ ᠢᠶᠠᠨ ᠠᠳᠬᠤᠬᠤ ᠬᠡᠷᠡᠭᠳᠡᠢ᠃ ᠠᠵᠢᠯ ᠤᠨ ᠭᠤᠤᠯᠳᠠᠯᠭ᠎ᠠ ᠶᠢ ᠡᠵᠡᠮᠳᠡᠨ᠂ ᠰᠡᠳᠬᠢᠯ ᠬᠦᠴᠦ ᠪᠠᠨ ᠲᠦᠪᠯᠡᠷᠡᠬᠦᠯᠦᠨ ᠤᠳᠤ ᠦᠶ᠎ᠠ ᠶᠢᠨ ᠡᠨᠧᠷᠬᠢ ᠶᠢᠨ ᠠᠵᠦ ᠠᠬᠤᠢ ᠶᠢ ᠰᠠᠶᠢᠳᠤᠷ ᠠᠳᠬᠤᠵᠦ᠂ ᠡᠨᠧᠷᠬᠢ ᠶᠢᠨ ᠠᠵᠦ ᠦᠢᠯᠡᠰ ᠤᠨ ᠨᠡᠩ ᠴᠢᠨᠠᠷ ᠰᠠᠶᠢᠳᠠᠢ᠂ ᠨᠡᠩ ᠦᠷ᠎ᠠ ᠠᠰᠢᠬᠳᠠᠢ᠂ ᠨᠡᠩ ᠡᠷᠬᠡ ᠲᠡᠭᠰᠢ᠂ ᠨᠡᠩ ᠦᠷᠬᠦᠯᠵᠢᠯᠡᠬᠦ ᠴᠢᠭᠯᠡᠯ ᠲᠡᠶᠢᠰᠢ ᠬᠦᠭᠵᠢᠬᠦ ᠶᠢ ᠯᠠᠪᠳᠠᠭᠤᠨ ᠪᠠᠳᠤᠳᠠᠢ ᠠᠬᠢᠭᠤᠯᠵᠦ᠂ ᠰᠢᠨ᠎ᠠ ᠴᠠᠬ ᠦᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠡᠨᠧᠷᠬᠢ ᠶᠢᠨ ᠴᠢᠨᠠᠷ ᠰᠠᠶᠢᠳᠠᠢ ᠬᠦᠭᠵᠢᠯᠳᠡ ᠶᠢᠨ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠳᠡᠢ᠃ ᠬᠦᠭᠵᠢᠯᠳᠡ ᠶᠢᠨ ᠰᠡᠳᠬᠢᠴᠡ ᠪᠠᠨ ᠲᠤᠳᠤᠷᠬᠠᠢᠢᠯᠠᠵᠤ᠂ ᠲᠤᠭᠠᠴᠢᠯᠠᠬᠰᠠᠨ ᠦᠪᠦᠷ ᠮᠤᠩᠭᠤᠯ᠂ ᠤᠶᠤᠨᠴᠢ ᠦᠪᠦᠷ ᠮᠤᠩᠭᠤᠯ ᠤᠨ ᠪᠠᠶᠢᠭᠤᠯᠤᠯᠳᠠ ᠶᠢ ᠦᠨᠡᠨ ᠬᠦ ᠰᠠᠶᠢᠳᠤᠷ ᠠᠳᠬᠤᠨ᠂ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠤ ᠦᠬᠡᠷᠡᠴᠢᠯᠡᠯᠳᠡ ᠶᠢᠨ ᠡᠬᠦᠷᠬᠡ ᠶᠢ ᠨᠠᠷᠢᠰᠬᠠᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠦ᠂ ᠲᠤᠮᠤ ᠳ᠋ᠠᠶᠢᠲ᠋ᠠ ᠬᠢᠬᠡᠳ ᠠᠵᠦ ᠦᠢᠯᠡᠰ ᠢ ᠬᠦᠨᠵᠡᠬᠡᠢ ᠠᠭᠤᠰᠤᠯᠴᠠᠭᠤᠯᠤᠨ ᠬᠦᠭᠵᠢᠬᠦᠯᠬᠦ ᠶᠢ ᠪᠦᠬᠦ ᠲᠠᠯ᠎ᠠ ᠪᠠᠷ ᠠᠬᠢᠭᠤᠯᠤᠨ᠂ ᠲᠤᠮᠤ ᠳ᠋ᠠᠶᠢᠲ᠋ᠠ ᠶᠢᠨ ᠦᠬᠡᠷᠡᠴᠢᠯᠡᠯᠳᠡ ᠬᠦᠭᠵᠢᠯᠳᠡ ᠶᠢᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠤᠯᠭᠠᠬᠤ ᠬᠡᠷᠡᠭᠳᠡᠢ᠃ ᠡᠯᠧᠮᠧᠨ᠋ᠲ ᠤᠨ ᠪᠠᠲᠤᠯᠠᠪᠤᠷᠢ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠬ ᠤᠨ ᠬᠦᠷᠢᠶ᠎ᠠ ᠴᠠᠷᠠᠭ᠎ᠠ ᠳᠠᠬᠢ ᠦᠬᠡᠷᠡᠴᠢᠯᠡᠯᠳᠡ ᠶᠢ ᠲᠠᠰᠤᠷᠠᠯᠳᠠ ᠦᠬᠡᠢ ᠠᠬᠢᠭᠤᠯᠬᠤ ᠶᠢ ᠪᠠᠷᠢᠮᠳᠠᠯᠠᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠤᠢ ᠶᠢ ᠠᠷᠪᠢᠳᠠᠢ ᠬᠡᠷᠡᠭᠯᠡᠬᠦ ᠬᠠᠮᠤᠬ ᠤᠨ ᠴᠢᠩᠭ᠎ᠠ ᠲᠦᠷᠢᠮ ᠢ ᠰᠠᠶᠢᠳᠤᠷ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠡᠬᠢ ᠪᠠᠶᠠᠯᠢᠬ ᠤᠨ ᠬᠦᠷᠢᠶ᠎ᠠ ᠴᠠᠷᠠᠭ᠎ᠠ ᠳᠠᠬᠢ ᠴᠢᠬᠤᠯᠠ ᠶᠡᠭᠡ ᠦᠬᠡᠷᠡᠴᠢᠯᠡᠯᠳᠡ ᠶᠢᠨ ᠡᠬᠦᠷᠬᠡ ᠶᠢ ᠰᠠᠶᠢᠳᠤᠷ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠡᠬᠦᠷᠬᠡ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠦᠬᠡᠷᠡᠴᠢᠯᠡᠯᠳᠡ ᠶᠢᠨ ᠰᠢᠨ᠎ᠠ ᠶᠢ ᠡᠬᠦᠳᠬᠦ ᠶᠢ ᠲᠤᠪᠤᠶᠢᠯᠭᠠᠨ᠂ ᠦᠪᠡᠷᠳᠡᠬᠡᠨ ᠵᠠᠰᠠᠬᠤ ᠤᠷᠤᠨ ᠤ ᠬᠠᠷᠢᠶ᠎ᠠ ᠠᠵᠦ ᠠᠬᠤᠢᠢᠯᠠᠯ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠬᠦᠴᠦᠯᠡᠨ ᠠᠬᠢᠭᠤᠯᠵᠦ᠂ ᠤᠯᠤᠰ ᠤᠨ ᠦᠮᠴᠢᠯᠡᠯ ᠎ ᠤᠨ ᠠᠵᠦ ᠠᠬᠤᠢ ᠶᠢᠨ ᠤᠬᠢ ᠰᠠᠶᠢᠨ ᠡᠷᠬᠢᠯᠳᠡ ᠶᠢᠨ ᠪᠠᠶᠢᠳᠠᠯ ᠢ ᠦᠨᠡᠨ ᠬᠦ ᠪᠠᠳᠤᠯᠠᠨ᠂ ᠭᠤᠤᠯᠳᠠᠯᠭ᠎ᠠ ᠲᠠᠢ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠦ᠂ ᠤᠯᠤᠰ ᠤᠨ ᠦᠮᠴᠢᠯᠡᠯ ᠤᠨ ᠠᠵᠦ ᠠᠬᠤᠢ ᠶᠢᠨ ᠪᠠᠶᠢᠷᠢᠰᠢᠯ ᠢ ᠰᠢᠯᠢᠳᠡᠭᠵᠢᠬᠦᠯᠬᠦ ᠶᠢ ᠲᠦᠷᠬᠡᠳᠬᠡᠨ ᠠᠬᠢᠭᠤᠯᠬᠤ ᠬᠡᠷᠡᠭᠳᠡᠢ᠃ ᠠᠵᠦ ᠦᠢᠯᠡᠳᠪᠦᠷᠢ ᠶᠢᠨ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠠ ᠴᠠᠷᠠᠭ᠎ᠠ ᠳᠠᠬᠢ ᠬᠡᠮ ᠰᠤᠭᠤᠬ ᠢ ᠪᠠᠶᠢᠴᠠᠭᠠᠬᠤ ᠪᠠ ᠠᠶᠤᠯ ᠦᠭᠡᠢ ᠶᠢᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯ ᠢ ᠲᠤᠪᠤᠶᠢᠯᠭᠠᠨ ᠰᠠᠶᠢᠳᠤᠷ ᠠᠳᠬᠤᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号