ᠪᠥ᠋ ᠰᠢᠶᠤᠤ ᠯᠢᠨ ᠬᠦᠯᠦᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠤ ᠪᠠᠨ ᠴᠢᠬᠤᠯᠠᠴᠢᠯᠠᠬᠰᠠᠨ ᠨᠢ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠤᠨ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠦ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ ᠢ ᠴᠡᠪᠡᠷᠯᠡᠨ ᠴᠡᠭᠴᠡᠯᠡᠬᠦ ᠡᠬᠦᠷᠭᠡ ᠪᠠᠨ ᠬᠤᠭᠤᠴᠠᠭ᠎ᠠ ᠶᠤᠰᠤᠭᠠᠷ ᠴᠢᠨᠠᠷ ᠢ ᠪᠠᠳᠤᠯᠠᠨ ᠪᠡᠶᠡᠯᠡᠬᠦᠯᠬᠦ ᠭᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/2/18
     2 ᠳ᠋ᠤᠭᠠᠷ ᠰᠠᠷ᠎ᠠ ᠶᠢᠨ 16᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠯᠦᠨ ᠪᠤᠶᠢᠷ ᠬᠤᠳᠠ ᠶᠢᠨ ᠬᠠᠶᠢᠯᠠᠷ ᠲᠤᠭᠤᠷᠢᠭ ᠲᠤ ᠬᠦᠷᠴᠤ᠂ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ ᠢ ᠴᠡᠪᠡᠷᠯᠡᠨ ᠴᠡᠭᠴᠡᠯᠡᠬᠦ ᠠᠵᠢᠯ ᠢ ᠪᠠᠶᠢᠴᠠᠭᠠᠨ ᠰᠤᠳᠤᠯᠵᠠᠢ᠃      ᠪᠦ᠋ ᠰᠢᠶᠤᠤ ᠯᠢᠨ ᠬᠠᠶᠢᠯᠠᠷ ᠤᠨ ᠲᠠᠷᠢᠶᠠᠯᠠᠩ ᠤᠨ ᠬᠦᠭᠵᠢᠬᠦᠯᠦᠯᠳᠠ ᠶᠢᠨ ᠬᠦᠷᠢᠶᠡᠯᠡᠩ ᠲᠤᠭᠤᠷᠢᠭ ᠲᠠᠬᠢ ᠬᠤᠶᠠᠷ ᠬᠡᠰᠡᠭ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠥᠭᠡᠷᠡᠴᠢᠯᠡᠭᠰᠡᠨ ᠪᠦᠲᠦᠭᠡᠨ ᠪᠠᠶᠢᠭᠤᠯᠤᠯᠲᠠ ᠶᠢ ᠨᠤᠷᠠᠭᠠᠨ ᠨᠡᠬᠦᠯᠭᠡᠬᠦ ᠴᠡᠭ ᠲᠤ ᠬᠦᠷᠴᠤ᠂ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠥᠭᠡᠷᠡᠴᠢᠯᠡᠭᠰᠡᠨ ᠪᠦᠲᠦᠭᠡᠨ ᠪᠠᠶᠢᠭᠤᠯᠤᠯᠲᠠ ᠶᠢ ᠨᠤᠷᠠᠭᠠᠵᠤ ᠦᠭᠡᠷᠡᠴᠢᠯᠡᠨ ᠪᠠᠶᠢᠭᠤᠯᠤᠭᠰᠠᠨ ᠪᠠᠶᠢᠳᠠᠯ᠂ ᠲᠠᠷᠢᠶᠠᠨ ᠭᠠᠵᠠᠷ ᠢ ᠰᠡᠷᠬᠦᠭᠡᠭᠰᠡᠨ ᠪᠠᠶᠢᠳᠠᠯ ᠵᠡᠷᠭᠡ ᠶᠢ ᠪᠠᠶᠢᠴᠠᠭᠠᠨ ᠦᠵᠡᠵᠦ᠂ ᠵᠠᠮ ᠳᠠᠭᠠᠤ ᠭᠡᠰᠡᠭ ᠲᠤᠰᠬᠤᠨ ᠪᠠᠯᠭᠠᠰᠤ ᠶᠢᠨ ᠲᠤᠭᠳᠠᠭᠠᠯ ᠎ ᠢ ᠵᠦᠷᠢᠴᠡᠨ ᠪᠠᠶᠢᠭᠤᠯᠤᠭᠰᠠᠨ ᠦᠩᠭᠡᠳᠦ ᠪᠤᠯᠤᠳ ᠤᠨ ᠪᠠᠶᠢᠰᠢᠩ ᠢ ᠨᠤᠷᠠᠭᠠᠭᠰᠠᠨ ᠪᠠᠶᠢᠳᠠᠯ ᠪᠤᠯᠤᠨ ᠲᠤᠭᠳᠠᠭᠠᠯ ᠢ ᠵᠦᠷᠢᠴᠡᠨ ᠭᠠᠵᠠᠷ ᠰᠢᠷᠤᠢ ᠬᠡᠷᠡᠭᠯᠡᠭᠰᠡᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠳᠦ ᠬᠦᠯᠦᠨ ᠪᠤᠶᠢᠷ ᠬᠤᠳᠠ ᠶᠢᠨ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ ᠢ ᠴᠡᠪᠡᠷᠯᠡᠨ ᠴᠡᠭᠴᠡᠯᠡᠭᠰᠡᠨ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠠᠢ᠃ ᠪᠦ᠋ ᠰᠢᠶᠤᠤ ᠯᠢᠡ ᠴᠢᠬᠤᠯᠠᠴᠢᠯᠠᠭᠰᠠᠨ ᠨᠢ᠂ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ ᠢ ᠴᠡᠪᠡᠷᠯᠡᠨ ᠴᠡᠭᠴᠡᠯᠡᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠮᠦᠨ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ᠶᠡᠷᠦᠩᠭᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠡᠵᠡᠮᠰᠢᠬᠦ ᠪᠦᠭᠡᠳ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠴᠡᠪᠡᠷᠯᠡᠨ ᠴᠡᠭᠴᠡᠯᠡᠬᠦ ᠡᠬᠦᠷᠭᠡ ᠪᠠ ᠬᠠᠷᠢᠭᠤᠴᠠᠯᠭ᠎ᠠ ᠶᠢ ᠱᠠᠳᠤ ᠳᠠᠷᠠᠭᠠᠯᠠᠨ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠪᠠ ᠭᠠᠴᠠᠭ᠎ᠠ ᠲᠤᠰᠬᠤᠨ ᠬᠦᠷᠳᠡᠯ᠎ᠠ ᠨᠠᠶᠢᠳᠠᠪᠤᠷᠢᠵᠢᠭᠤᠯᠵᠦ᠂ ᠡᠯ᠎ᠠ ᠲᠦᠷᠦᠯ ᠤᠨ ᠴᠡᠪᠡᠷᠯᠡᠨ ᠴᠡᠭᠴᠡᠯᠡᠬᠦ ᠠᠷᠭ᠎ᠠ ᠭᠡᠮᠵᠢᠶ᠎ᠠ ᠶᠢᠨ ᠪᠤᠳᠠᠳᠠᠢ ᠳᠤ ᠨᠠᠶᠢᠳᠠᠪᠤᠷᠢᠵᠢᠬᠳᠠᠬᠤ ᠶᠢ ᠪᠠᠳᠤᠯᠠᠬᠤ ᠭᠡᠷᠡᠭᠲᠡᠢ᠃ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠂ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠵᠠᠭᠠᠭ ᠬᠢᠵᠠᠭᠠᠷ ᠢ ᠰᠠᠶᠢᠳᠤᠷ ᠡᠵᠡᠮᠳᠡᠵᠤ᠂ ︽ᠲᠦᠷᠪᠡᠨ ᠤᠬᠠᠮᠰᠠᠷ︾ ︽ᠬᠤᠶᠠᠷ ᠢ ᠬᠠᠮᠠᠭᠠᠯᠠᠬᠤ︾᠎ ᠶᠢ ᠦᠢᠯᠡ ᠠᠵᠢᠯᠯᠠᠭ᠎ᠠ ᠳᠤ ᠪᠠᠨ ᠨᠠᠶᠢᠳᠠᠪᠤᠷᠢᠵᠢᠭᠤᠯᠤᠨ ᠠᠵᠢᠯ ᠤᠨ ᠦᠷ᠎ᠠ ᠪᠦᠳᠦᠮᠵᠢ ᠳᠤ ᠪᠠᠨ ᠢᠯᠡᠷᠡᠬᠦᠯᠵᠦ᠂ ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ ᠢ ᠴᠡᠪᠡᠷᠯᠡᠨ ᠴᠡᠭᠴᠡᠯᠡᠬᠦ ᠡᠬᠦᠷᠭᠡ ᠪᠠᠨ ᠬᠤᠭᠤᠴᠠᠭ᠎ᠠ ᠶᠤᠰᠤᠭᠠᠷ ᠴᠢᠨᠠᠷ ᠢ ᠪᠠᠳᠤᠯᠠᠨ ᠪᠡᠶᠡᠯᠡᠬᠦᠯᠬᠦ ᠭᠡᠷᠡᠭᠲᠡᠢ ᠭᠡᠪᠠ᠃      ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠬᠦᠯᠦᠨ ᠪᠤᠶᠢᠷ ᠬᠤᠳᠠ ᠶᠢᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号