ᠪᠤᠤ ᠭᠠᠨᠭ᠌ ᠲᠠᠭ᠎ᠠ ᠶᠢᠨ ᠨᠠᠭᠤᠷ ᠢ ᠶᠡᠷᠦᠩᠬᠡᠶᠢᠯᠡᠨ ᠵᠠᠰᠠᠬᠤ ᠲᠦᠯᠦᠪᠵᠢᠭᠦᠯᠭᠡ ᠶᠢ ᠵᠠᠰᠠᠨ ᠨᠠᠶᠢᠢᠷᠠᠭᠤᠯᠬᠤ ᠠᠵᠢᠯ ᠢ ᠲᠤᠰᠬᠠᠢ ᠰᠡᠳᠤᠪ ᠢᠶᠠᠷ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠤᠭᠤᠳᠬᠤ ᠳᠤ ᠪᠠᠨ ᠴᠢᠬᠤᠯᠠᠴᠢᠯᠠᠭᠰᠠᠨ ᠨᠢ ᠰᠢᠨᠵᠢᠯᠡᠬᠦ ᠤᠬᠠᠭᠠᠡᠴᠢ ᠪᠠᠷ ᠨᠠᠷᠢᠨ ᠨᠢᠮᠪᠠᠢ ᠵᠠᠰᠠᠵᠤ ᠨᠠᠶᠢᠷᠠᠭᠤᠯᠤᠨ ᠲᠦᠯᠦᠪᠵᠢᠬᠦᠯᠵᠤ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠪᠠᠳᠤᠳᠠᠢ ᠦᠷ᠎ᠠ ᠪᠦᠳᠦᠮᠵᠢ ᠤᠯᠬᠤ ᠶᠢ ᠪᠠᠳᠤᠯᠠᠬᠤ ᠬᠡᠷᠡᠭᠳᠠᠢ ᠭᠡᠵᠡᠢ
ᠨᠡᠶᠢᠲᠡᠯᠡᠭᠰᠡᠨ ᠴᠠᠭ᠄
2019/2/18
     ᠶᠡᠷᠤᠩᠬᠡᠢ ᠱᠦᠵᠢ ᠰᠢ ᠶᠢᠨ ᠫᠢᠡᠭ ᠤᠨ ᠬᠦᠯᠦᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠶᠢᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 2 ᠳ᠋ᠤᠭᠠᠷ ᠰᠠᠷ᠎ᠠ ᠶᠢᠨ 14᠎ ᠤ ᠡᠳᠤᠷ᠂ ᠦᠪᠡᠷᠲᠡᠭᠡᠨ ᠵᠠᠰᠠᠬᠤ ᠤᠷᠤᠨ ᠤ ᠲᠡᠳ᠋ ᠲᠠᠷᠢᠭᠦᠯᠡᠭᠴᠢ ᠪᠤᠤ ᠭᠠᠨᠭ᠌ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠲᠠᠭᠠᠭᠤᠯᠤᠨ ᠤᠯᠠᠭᠠᠨᠴᠠᠪ ᠲᠤ ᠬᠦᠷᠴᠦ᠂ ᠲᠠᠭ᠎ᠠ ᠶᠢᠨ ᠨᠠᠭᠤᠷ ᠢ ᠶᠠᠷᠤᠩᠬᠡᠶᠢᠯᠡᠨ ᠵᠠᠰᠠᠬᠤ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠳᠤ ᠲᠤᠰᠬᠠᠢ ᠪᠠᠶᠢᠴᠠᠭᠠᠨ ᠰᠤᠳᠤᠯᠤᠯᠲᠠ ᠬᠢᠵᠤ ᠵᠢᠭᠠᠨ ᠵᠢᠯᠤᠭᠤᠳᠪᠠ᠃      ᠪᠤᠤ ᠭᠠᠨᠭ᠌ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ ᠤᠯᠠᠭᠠᠨᠴᠠᠪ ᠬᠤᠲᠠ ᠶᠢᠨ ᠲᠠᠭ᠎ᠠ ᠶᠢᠨ ᠨᠠᠭᠤᠷ ᠢ ᠶᠠᠷᠤᠩᠬᠡᠶᠢᠯᠡᠨ ᠵᠠᠰᠠᠬᠤ ᠲᠦᠯᠦᠪᠵᠢᠭᠦᠯᠭᠡ ᠶᠢ ᠵᠠᠰᠠᠨ ᠨᠠᠶᠢᠷᠠᠭᠤᠯᠤᠭᠰᠠᠨ ᠪᠠᠶᠢᠳᠠᠯ ᠪᠠ ᠪᠤᠲᠠᠲᠠᠢ ᠤᠢᠢᠯᠠᠳᠤᠯᠭᠡᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠠᠳᠡᠭᠦᠯᠦᠯᠲᠡ ᠶᠢ ᠰᠤᠨᠤᠰᠴᠤ᠂ ᠬᠤᠷᠠᠯ ᠳᠤ ᠤᠷᠤᠯᠴᠠᠭᠰᠠᠨ ᠦᠪᠡᠷᠲᠡᠭᠡᠨ ᠵᠠᠰᠠᠬᠤ ᠤᠷᠤᠨ᠂ ᠤᠯᠠᠭᠠᠨᠴᠠᠪ ᠬᠤᠲᠠ᠂ ᠯᠢᠶᠠᠩᠴᠸᠡᠭ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ᠬᠠᠮᠲᠤ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠠᠰᠠᠭᠤᠳᠠᠯ ᠢ ᠰᠢᠢᠳᠪᠤᠷᠢᠯᠡᠬᠦ ᠪᠤᠲᠠᠲᠠᠢ ᠠᠷᠭ᠎ᠠ ᠬᠢᠳᠡᠯ ᠢ ᠰᠤᠳᠤᠯᠤᠨ ᠶᠠᠷᠢᠯᠴᠠᠵᠠᠢ᠃      ᠪᠤᠤ ᠭᠠᠨᠭ᠌ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠡᠷᠬᠡᠪᠰᠢ ᠤᠯᠤᠰ ᠲᠦᠷᠤ ᠶᠢᠨ ᠵᠤᠭᠰᠤᠴᠠ ᠪᠠᠨ ᠦᠨᠡᠨ ᠬᠦ ᠲᠡᠭᠡᠭᠰᠢᠯᠡᠬᠦᠯᠦᠨ᠂ ᠶᠡᠷᠦᠩᠬᠡᠢ ᠱᠦᠵᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠠᠭ᠎ᠠ ᠶᠢᠨ ᠨᠠᠭᠤᠷ ᠢ ᠶᠠᠷᠤᠩᠬᠡᠶᠢᠯᠡᠨ ᠵᠠᠰᠠᠬᠤ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠨᠠᠷᠢᠨ ᠬᠢᠨᠠᠮᠠᠭᠠᠢ ᠰᠠᠶᠢᠳᠤᠷ ᠬᠢᠬᠦ ᠬᠡᠷᠡᠭᠲᠠᠢ᠃ ᠪᠠᠶᠢᠭᠠᠯᠢ ᠶᠢᠨ ᠵᠢᠮ᠎ᠠ ᠶᠤᠰᠤ ᠶᠢ ᠬᠦᠨᠳᠤᠳᠭᠡᠵᠤ᠂ ᠲᠠᠭ᠎ᠠ ᠶᠢᠨ ᠨᠠᠭᠤᠷ ᠤᠨ ᠤᠰᠤᠨ ᠤ ᠴᠢᠨᠡᠷ᠂ ᠤᠰᠤᠨ ᠤ ᠬᠡᠮᠵᠢᠶ᠎ᠡ ᠳᠤ ᠰᠢᠨᠵᠢᠯᠡᠬᠦ ᠤᠬᠠᠭᠠᠨᠴᠢ ᠵᠢᠱᠢᠯᠲᠠ ᠨᠤᠲᠠᠯᠠᠯᠲᠠ ᠬᠢᠵᠤ᠂ ᠪᠤᠲᠠᠲᠠᠢ ᠠᠴᠠ ᠡᠬᠦᠰᠤᠨ ᠵᠠᠰᠠᠯᠲᠠ ᠶᠢᠨ ᠬᠠᠷᠠᠯᠲᠠ ᠶᠢ ᠲᠤᠭᠳᠠᠭᠠᠵᠤ᠂ ᠵᠠᠰᠠᠯᠲᠠ ᠶᠢᠨ ᠰᠡᠳᠬᠢᠴᠡ ᠪᠠᠨ ᠲᠤᠳᠤᠳᠬᠠᠨ᠂ ᠵᠠᠰᠠᠯᠲᠠ ᠶᠢᠨ ᠲᠦᠷᠤᠯ ᠵᠦᠢᠯ ᠢ ᠲᠤᠬᠢᠷᠠᠭᠤᠯᠵᠤ᠂ ᠵᠠᠰᠠᠨ ᠨᠠᠶᠢᠷᠠᠭᠤᠯᠤᠭᠰᠠᠨ ᠤ ᠲᠠᠷᠠᠭᠠᠬᠢ ᠲᠦᠯᠦᠪᠵᠢᠭᠦᠯᠭᠡ ᠶᠢ ᠴᠢᠩᠭ᠎ᠠ ᠬᠡᠷᠡᠭᠵᠢᠭᠦᠯᠵᠤ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号