ᠦᠪᠡᠷᠲᠡᠭᠡᠨ ᠵᠠᠰᠠᠬᠤ ᠤᠷᠤᠨ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠠᠷᠢᠯᠭᠠᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ ᠮᠠ ᠰᠢᠤᠸᠠᠢ ᠵᠢᠶᠦ᠋ᠨ ᠶᠠᠷᠢᠶ᠎ᠠ ᠲᠠᠯᠪᠢᠵᠤ ᠵᠠᠩ ᠱᠤᠤ ᠴᠦᠨ ᠤᠷᠤᠯᠴᠠᠵᠤ ᠯᠢ ᠪᠢᠩ ᠷᠦᠩ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2019/2/19
     2 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠠᠷᠢᠯᠭᠠᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠤᠳᠤᠬᠠᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠤᠨ ᠲᠤᠬᠠᠢ ᠴᠢᠬᠤᠯᠠ ᠵᠢᠭᠠᠪᠤᠷᠢ ᠶᠢ ᠳᠠᠮᠵᠢᠭᠤᠯᠤᠨ ᠰᠤᠷᠤᠯᠴᠠᠵᠤ᠂ ᠯᠢ ᠵᠢᠢ ᠾᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠶᠢᠨ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠠᠷᠢᠯᠭᠠᠨ ᠴᠡᠭᠴᠡᠯᠡᠨ ᠵᠠᠰᠠᠬᠤ ᠠᠵᠢᠯ ᠤᠨ ᠲᠤᠬᠠᠢ ᠶᠠᠷᠢᠶᠠᠨ ᠤ ᠱᠠᠭᠠᠷᠳᠠᠯᠭ᠎ᠠ ᠶᠢ ᠳᠠᠮᠵᠢᠭᠤᠯᠵᠤ᠂ ᠪᠦᠬᠦ ᠤᠷᠤᠨ ᠤ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠠᠷᠢᠯᠭᠠᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠤᠯᠠᠨ ᠳᠤ ᠵᠠᠷᠯᠠᠵᠤ᠂ ︽ᠦᠪᠡᠷᠲᠡᠭᠡᠨ ᠵᠠᠰᠠᠬᠤ ᠤᠷᠤᠨ ᠤ ︿ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ﹀᠎ ᠤᠨ ᠲᠤᠰᠬᠠᠢ ᠲᠦᠷᠦᠯ ᠤᠨ ᠠᠷᠢᠯᠭᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠵᠢᠯᠤᠭᠤᠳᠬᠤ ᠰᠠᠨᠠᠯ︾᠎ ᠳᠤ ᠲᠠᠶᠢᠯᠤᠮᠵᠢ ᠬᠢᠵᠦ᠂ ᠬᠤᠯᠪᠤᠬᠳᠠᠯ ᠪᠦᠬᠦᠢ ᠠᠶᠢᠮᠠᠭ ᠬᠤᠲᠠ ᠶᠢᠨ ᠬᠢᠨ ᠰᠤᠯᠢᠯᠴᠠᠭ᠎ᠠ ᠬᠢᠬᠦ ᠪᠠ ᠤᠪᠤᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠵᠤ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠤᠳᠤᠬᠠᠨ ᠳᠤ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠠᠷᠢᠯᠭᠠᠨ ᠴᠡᠭᠴᠡᠯᠡᠨ ᠵᠠᠰᠠᠬᠤ ᠠᠵᠢᠯ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠩᠬᠢᠯᠠᠭ᠎ᠠ ᠶᠢᠨ ᠱᠠᠲᠤᠨ ᠳᠤ ᠤᠷᠤᠵᠡᠢ᠂ ᠦᠪᠡᠷᠲᠡᠭᠡᠨ ᠵᠠᠰᠠᠬ ᠤᠷᠤᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠷᠢᠯᠭᠠᠨ ᠴᠡᠭᠴᠡᠯᠡᠨ ᠵᠠᠰᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 3 ᠳ᠋ᠤᠭᠠᠷ ᠰᠠᠷ᠎ᠠ ᠳᠤ ᠪᠤᠴᠠᠨ ᠪᠠᠶᠢᠴᠠᠭᠠᠬᠤ ᠶᠢ ᠲᠦᠪᠯᠡᠷᠡᠭᠦᠯᠦᠨ ᠦᠷᠨᠢᠭᠦᠯᠬᠦ ᠪᠠᠷ ᠱᠠᠭᠠᠷᠳᠠᠪᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠠ ᠪᠠᠨ ᠤᠯᠠᠮ ᠳᠡᠭᠡᠭᠰᠢᠯᠡᠭᠦᠯᠵᠦ᠂ ︽ᠳᠦᠷᠪᠡᠨ ᠤᠬᠠᠮᠰᠠᠷ︾᠎ ᠢ ᠪᠠᠲᠤ ᠪᠤᠢ ᠪᠤᠯᠭᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ ᠶᠤᠰᠤ ᠳᠦᠷᠢᠮ ᠢ ᠲᠡᠷᠢᠭᠦᠨ ᠳᠤ ᠲᠠᠯᠪᠢᠵᠤ᠂ ᠬᠦᠴᠦᠷᠬᠡᠭ ᠶᠡᠭᠡ ᠠᠵᠢᠯ ᠤᠨ ᠬᠦᠴᠦᠨ ᠢ ᠵᠤᠬᠢᠶᠠᠨ ᠪᠠᠶᠢᠭᠤᠯᠵᠤ᠂ ᠠᠵᠢᠯ ᠤᠨ ᠬᠤᠭᠤᠴᠠᠭ᠎ᠠ ᠶᠢ ᠰᠢᠯᠵᠢᠭᠦᠯᠦᠨ ᠳᠤᠬᠢᠷᠠᠭᠤᠯᠵᠤ᠂ ᠲᠦᠷᠭᠡᠳᠭᠡᠨ ᠴᠡᠭᠴᠡᠯᠡᠨ ᠵᠠᠰᠠᠵᠤ᠂ ᠠᠷᠢᠯᠭᠠᠨ ᠴᠡᠭᠴᠡᠯᠡᠨ ᠵᠠᠰᠠᠬᠤ ᠡᠭᠦᠷᠭᠡ ᠶᠢ ᠡᠷᠬᠡᠪᠰᠢ ᠳᠤᠭᠳᠠᠭᠰᠠᠨ ᠬᠤᠭᠤᠴᠠᠭ᠎ᠠ ᠶᠤᠰᠤᠭᠠᠷ ᠴᠢᠨᠠᠷ ᠲᠠᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠠᠵᠢᠯ ᠤᠨ ᠡᠷᠴᠢᠮ ᠢᠶᠠᠨ ᠤᠯᠠᠮ ᠴᠢᠨᠠᠬᠰᠢᠲᠠ ᠴᠢᠩᠭᠠᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠤᠲᠠᠲᠠᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠪᠡᠷᠬᠡ ᠶᠢ ᠬᠦᠨᠳᠡᠨ ᠬᠠᠲᠠᠭᠤ ᠲᠠᠢ ᠬᠠᠯᠳᠠᠬᠤ ᠬᠦᠴᠦ᠂ ᠬᠠᠷᠢᠭᠤᠴᠠᠯᠭ᠎ᠠ ᠡᠭᠦᠷᠭᠡᠯᠡᠬᠦ ᠵᠤᠷᠢᠬ ᠭᠠᠷᠭᠠᠵᠤ᠂ ᠴᠡᠭᠴᠡᠯᠡᠨ ᠵᠠᠰᠠᠬᠤ ᠠᠵᠢᠯ ᠢ ᠭᠤᠶᠢᠪᠢᠰᠢ ᠦᠭᠡᠢ ᠪᠠᠷ ᠨᠠᠷᠢᠨ ᠪᠤᠲᠠᠲᠠᠢ ᠭᠦᠨᠵᠡᠭᠡᠢ ᠠᠳᠬᠤᠵᠤ᠂ ᠰᠢᠯᠢᠳᠡᠭ ᠠᠵᠢᠯ ᠤᠨ ᠬᠢᠷᠢ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ ᠬᠤᠷᠢᠶ᠎ᠠ ᠳᠤ ᠨᠢᠭᠡ ᠬᠤᠪᠢ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号