ᠥᠪᠥᠷ ᠮᠣᠩᠭᠤᠯ ᠤᠨ ᠠᠩᠬ᠎ᠠ ᠡᠭᠦᠳᠦᠭᠰᠡᠨ ︽4 K ᠤᠶᠤᠨᠲᠤ ᠲᠧᠯᠸᠢᠰ ᠤᠨ ᠳᠠᠪᠲᠠᠮᠵᠢ ᠶᠢᠨ ᠬᠦᠯᠢᠶᠡᠭᠦᠷᠲᠦ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠵᠦᠭᠦᠷ︾ 153 ᠲᠦᠮᠡᠨ ᠭᠡᠷ ᠪᠦᠯᠢ ᠳᠤ ᠬᠡᠷᠡᠭᠯᠡᠭᠳᠡᠪᠡ
ᠨᠡᠶᠢᠲᠡᠯᠡᠭᠰᠡᠨ ᠴᠠᠭ᠄
2019/2/19
     ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠣᠳᠣᠬᠠᠨ ᠳᠤ 153 ᠲᠦᠮᠡᠨ ᠡᠷᠦᠬᠡ ᠰᠠᠭᠤᠭᠠᠯᠢ ᠠᠷᠠᠳ ︽4 K ᠤᠶᠤᠨᠲᠤ ᠲᠧᠯᠸᠢᠰ ᠤᠨ ᠳᠠᠪᠲᠠᠮᠵᠢ ᠶᠢᠨ ᠬᠦᠯᠢᠶᠡᠭᠦᠷᠲᠦ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠵᠦᠭᠦᠷ︾᠎ ᠢ ᠤᠭᠰᠠᠷᠠᠵᠤ᠂ ᠲᠧᠯᠸᠢᠰ ᠢ ᠨᠡᠭᠡᠮᠡᠭᠴᠡ ᠳᠠᠷᠤᠶ ᠳᠥᠭᠦᠮ ᠳᠥᠲᠡ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠦᠷᠲᠡᠵᠦ ᠴᠢᠳᠠᠬᠤ ᠪᠣᠯᠪᠠ᠃      ᠣᠶᠢᠯᠠᠭᠠᠭᠰᠠᠨ ᠢᠶᠠᠷ᠂ 4 K ᠤᠶᠤᠨᠲᠤ ᠲᠧᠯᠸᠢᠰ ᠤᠨ ᠳᠠᠪᠲᠠᠮᠵᠢ ᠶᠢᠨ ᠬᠦᠯᠢᠶᠡᠭᠦᠷᠲᠦ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠵᠦᠭᠦᠷ ᠪᠣᠯ ᠮᠠᠨ ᠤ ᠣᠷᠣᠨ ᠠᠩᠬ᠎ᠠ ᠡᠭᠦᠳᠦᠭᠰᠡᠨ ᠶᠤᠮ᠂ ᠲᠡᠷᠡ ᠨᠢ ᠤᠲᠠᠰᠤᠲᠤ ᠲᠧᠯᠸᠢᠰ ᠤᠨ 4 K ᠤᠶᠤᠨᠲᠤ ᠲᠧᠯᠸᠢᠰ ᠤᠨ ᠳᠠᠪᠲᠠᠮᠵᠢ ᠶᠢᠨ ᠬᠦᠯᠢᠶᠡᠭᠦᠷ ᠢᠶᠠᠷ ᠠᠴᠢᠶᠠᠯᠠᠭᠴᠢ ᠪᠣᠯᠭᠠᠵᠤ᠂ ᠷᠠᠳᠢᠣ᠋ ᠲᠧᠯᠸᠢᠰ ᠤᠨ ᠰᠦᠯᠵᠢᠶ᠎ᠡ ᠳᠤ ᠲᠦᠰᠢᠭᠯᠡᠨ᠂ ︽ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾᠎ ᠶᠢᠨ  ᠪᠣᠯᠣᠩ ᠢ ᠤᠶᠤᠨᠲᠤ ᠲᠧᠯᠸᠢᠰ ᠤᠨ ᠳᠠᠪᠲᠠᠮᠵᠢ ᠶᠢᠨ ᠬᠦᠯᠢᠶᠡᠭᠦᠷᠲᠦ ᠤᠨ ᠲᠦᠷᠦᠭᠦᠤ ᠨᠢᠭᠤᠷ ᠲᠤ ᠣᠷᠣᠭᠤᠯᠵᠤ᠂ ᠲᠡᠭᠦᠨ ᠢ ᠬᠠᠤᠯᠢ ᠴᠠᠭᠠᠵᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠬᠠᠤᠯᠢ ᠴᠠᠭᠠᠵᠠ ᠶᠢᠨ  ᠦᠢᠯᠡᠴᠢᠯᠡᠭᠡᠨ ᠤ ᠡᠬᠢ ᠪᠠᠶᠠᠯᠢᠭ ᠢ ᠰᠣᠩᠭᠤᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠭᠤᠷᠪᠠᠨ ᠶᠡᠭᠡ ᠴᠢᠳᠠᠮᠵᠢ ᠲᠠᠢ ᠲᠧᠯᠸᠢᠰ ᠤᠨ ᠦᠵᠦᠭᠦᠷ ᠪᠣᠯᠭᠠᠪᠠ᠃ ᠣᠯᠠᠨ ᠲᠦᠮᠡᠨ ᠲᠧᠯᠸᠢᠰ ᠢ ᠨᠡᠭᠡᠭᠡᠮᠡᠭᠴᠡ ᠳᠠᠷᠤᠶ ᠬᠤᠪᠢ ᠬᠥᠮᠥᠨ ᠳᠤ ᠬᠠᠨᠳᠤᠭᠤᠯᠤᠭᠰᠠᠨ᠂ ᠣᠯᠠᠨ ᠬᠥᠮᠥᠨ ᠳᠤ ᠬᠠᠨᠳᠤᠭᠤᠯᠤᠭᠰᠠᠨ ᠬᠠᠤᠯᠢ ᠴᠠᠭᠠᠵᠠ ᠶᠢᠨ ᠵᠥᠪᠯᠡᠯᠭᠡ ᠥᠭᠬᠦ ᠪᠠ ᠣᠯᠠᠨ ᠲᠠᠯ᠎ᠠ ᠶᠢᠨ ᠵᠥᠷᠢᠴᠡᠯ ᠢ ᠡᠶᠡᠳᠡᠭᠦᠯᠬᠦ ᠵᠡᠷᠭᠡ ᠦᠢᠯᠡᠴᠢᠯᠡᠭᠡ ᠶᠢ ᠬᠦᠷᠲᠡᠵᠦ᠂ ᠬᠠᠮᠤᠭ ᠤᠨ  ᠪᠣᠶᠢᠳᠠ ᠪᠥᠭᠯᠡᠭᠦᠦ ᠭᠠᠵᠠᠷ ᠣᠷᠣᠨ ᠤ ᠮᠠᠯᠴᠢᠨ ᠲᠠᠷᠢᠶᠠᠴᠢᠨ ᠴᠤ ᠠᠳᠠᠯᠢᠬᠠᠨ ᠢᠶᠠᠷ ᠬᠠᠤᠯᠢ ᠴᠠᠭᠠᠵᠠ ᠶᠢᠨ ᠴᠢᠨᠠᠷᠯᠢᠭ ᠦᠢᠯᠡᠴᠢᠯᠡᠭᠡ ᠶᠢ ᠬᠦᠷᠲᠡᠵᠦ  ᠴᠢᠳᠠᠬᠤ ᠪᠣᠯᠬᠤᠷ ᠠᠷᠠᠳ ᠢᠷᠭᠡᠳ ᠠᠴᠠ ︽ᠭᠡᠷ ᠪᠦᠯᠢ ᠶᠢᠨ ᠬᠠᠤᠯᠢᠴᠢ︾ ᠭᠡᠵᠦ ᠨᠡᠷᠡᠶᠢᠳᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号