ᠪᠦ᠋ ᠰᠢᠶᠤᠤ ᠯᠢᠨ ᠪᠠᠶᠠᠨᠨᠠᠭᠤᠷ ᠬᠤᠳᠠ ᠦᠬᠠᠢ ᠬᠤᠳᠠ ᠳᠤ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠴᠡᠪᠡᠷᠯᠡᠨ ᠴᠡᠭᠴᠡᠯᠡᠭᠰᠡᠨ ᠠᠵᠢᠯ ᠢ ᠪᠠᠶᠢᠴᠭᠠᠠᠨ ᠰᠤᠳᠤᠯᠬᠤ ᠳᠤ ᠪᠠᠨ ᠴᠢᠬᠤᠯᠠᠴᠢᠯᠠᠬᠰᠠᠨ ᠨᠢ ᠡᠷᠡᠰ ᠴᠡᠭᠴᠡᠯᠡᠨ ᠵᠠᠰᠠᠵᠦ ᠲᠦᠷᠭᠡᠨ ᠴᠡᠭᠴᠡᠯᠡᠨ ᠰᠠᠶᠢᠵᠢᠷᠠᠭᠤᠯᠵᠤ ᠬᠤᠭᠤᠴᠠᠭ᠎ᠠ ᠶᠤᠰᠤᠭᠠᠷ ᠴᠢᠨᠠᠷ ᠴᠢᠨᠰᠠᠭ᠎ᠠ ᠲᠠᠢ ᠪᠠᠷ ᠴᠡᠪᠡᠷᠯᠡᠨ ᠴᠡᠭᠴᠡᠯᠡᠬᠦ ᠡᠬᠦᠷᠭᠡ ᠪᠠᠨ ᠪᠡᠶᠡᠯᠡᠬᠦᠯᠬᠦ ᠭᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/2/20
     2 ᠳ᠋ᠤᠭᠠᠷ ᠰᠠᠷ᠎ᠠ ᠶᠢᠨ 18᠎ ᠠᠴᠠ 19᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠠᠶᠠᠨᠨᠠᠭᠤᠷ ᠬᠤᠳᠠ᠂ ᠦᠬᠠᠢ ᠬᠤᠳᠠ ᠳᠤ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠴᠡᠪᠡᠷᠯᠡᠨ ᠴᠡᠭᠴᠡᠯᠡᠭᠰᠡᠨ ᠠᠵᠢᠯ ᠢ ᠪᠠᠶᠢᠴᠭᠠᠠᠨ ᠰᠤᠳᠤᠯᠪᠠ᠃      ᠪᠦ᠋ ᠰᠢᠶᠤᠤ ᠯᠢᠨ ᠤᠷᠢᠳ ᠬᠤᠵᠢᠳ ᠪᠠᠶᠠᠨᠨᠠᠭᠤᠷ ᠬᠤᠳᠠ ᠶᠢᠨ ᠯᠢᠨ ᠾᠧ ᠲᠤᠭᠤᠷᠢᠭ ᠤᠨ ᠤᠯᠠᠭᠠᠨᠳᠤᠬ ᠪᠠᠯᠭᠠᠰᠤ ᠶᠢᠨ ᠰᠢᠶᠠᠨ ᠨᠦᠩ ᠺᠤᠮᠫᠠᠨᠢ᠂ ᠦᠬᠠᠢ ᠬᠤᠳᠠ ᠶᠢᠨ ᠯᠢᠨ ᠶᠢᠨ ᠵᠡᠭᠡᠯᠢ ᠭᠤᠳᠤᠮᠵᠢ ᠶᠢᠨ ᠶᠢᠨ ᠢᠤᠢ ᠨᠡᠶᠢᠭᠡᠮ ᠲᠤᠭᠤᠷᠢᠭ᠂ ᠰᠢᠨ ᠱᠢ ᠵᠧᠨ ᠠᠮᠢ ᠠᠬᠤᠢ ᠶᠢᠨ ᠵᠠᠰᠠᠯᠳᠠ ᠶᠢᠨ ᠲᠦᠷᠦᠯ ᠵᠦᠢᠯ ᠤᠨ ᠤᠷᠤᠨ᠂ ᠵᠠᠮ ᠬᠠᠷᠢᠯᠴᠠᠭᠠᠨ ᠤ ᠵᠢᠯᠤᠭᠤᠴᠢ ᠶᠢᠨ ᠰᠤᠷᠭᠠᠭᠤᠯᠢ ᠳᠤ ᠬᠦᠷᠴᠦ᠂ ᠲᠦᠷᠢᠮ ᠲᠤᠭᠳᠠᠭᠠᠯ ᠢ ᠵᠦᠷᠢᠴᠡᠨ ᠲᠠᠷᠢᠶᠠᠨ ᠭᠠᠵᠠᠷ ᠎ ᠢ ᠡᠵᠡᠯᠡᠨ ᠪᠦᠳᠦᠭᠡᠨ ᠪᠠᠶᠢᠭᠤᠯᠤᠭᠰᠠᠨ ᠲᠠᠷᠢᠶᠠᠯᠠᠩ ᠤᠨ ᠪᠤᠰᠤ ᠲᠦᠬᠦᠭᠡᠷᠤᠮᠵᠢ ᠶᠢ ᠨᠤᠷᠠᠭᠠᠨ ᠴᠡᠪᠡᠷᠯᠡᠬᠦ᠂ ᠲᠠᠷᠢᠶᠠᠯᠠᠩ ᠤᠨ ᠬᠦᠯᠡᠮᠵᠢ ᠶᠢ ᠬᠠᠷᠠᠵᠦ ᠰᠠᠬᠢᠬᠤ ᠪᠠᠶᠢᠰᠢᠩ ᠤᠨ ᠪᠠᠷᠢᠮᠵᠢᠶ᠎ᠠ ᠠᠴᠠ ᠭᠡᠳᠦᠷᠡᠬᠦᠯᠦᠭᠰᠡᠨ ᠪᠠᠶᠢᠳᠠᠯ ᠢ ᠴᠡᠭᠴᠡᠯᠡᠨ ᠵᠠᠰᠠᠬᠰᠠᠨ ᠪᠠ ᠲᠠᠷᠢᠶᠠᠨ ᠭᠠᠵᠠᠷ ᠢ ᠰᠡᠷᠬᠦᠭᠡᠭᠰᠡᠨ ᠪᠠᠶᠢᠳᠠᠯ ᠢ ᠪᠤᠳᠠᠳᠠᠢ ᠭᠠᠵᠠᠷ ᠲᠤ ᠨᠢ ᠪᠠᠶᠢᠴᠭᠠᠠᠨ ᠦᠵᠡᠭᠰᠡᠨ ᠤ ᠬᠠᠮᠳᠦ ᠴᠡᠪᠡᠷᠯᠡᠨ ᠴᠡᠭᠴᠡᠯᠡᠬᠦ ᠶᠠᠪᠤᠴᠠ ᠳᠤᠮᠳᠠ ᠲᠤᠬᠢᠶᠠᠯᠳᠤᠭᠰᠠᠨ ᠠᠵᠢᠯ ᠤᠨ ᠬᠦᠴᠢᠷᠳᠡᠯ ᠢ ᠨᠠᠷᠢᠨ ᠤᠶᠢᠯᠠᠭᠠᠪᠠ᠃      ᠲᠡᠷᠡ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠴᠢᠨᠠᠬᠰᠢᠳᠠ ᠳᠡᠭᠡᠭᠰᠢᠯᠡᠬᠦᠯᠵᠦ᠂ ᠡᠬᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ᠬᠦᠨᠵᠡᠭᠡᠢ ᠰᠢᠭᠰᠢᠨ ᠪᠠᠶᠢᠴᠠᠭᠠᠵᠤ᠂ ᠲᠤᠶᠢᠯᠪᠤᠷᠢᠲᠠᠢ ᠳᠤᠳᠤᠯᠠᠨ ᠪᠠᠶᠢᠴᠠᠭᠠᠵᠤ᠂ ᠡᠷᠡᠰ ᠴᠡᠭᠴᠡᠯᠡᠨ ᠵᠠᠰᠠᠵᠦ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠨᠡᠭᠡᠮᠵᠢᠯᠡᠬᠦ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠦ᠂ ᠬᠤᠭᠤᠴᠠᠭ᠎ᠠ ᠶᠤᠰᠤᠭᠠᠷ ᠴᠢᠨᠠᠷ ᠴᠢᠨᠰᠠᠭ᠎ᠠ ᠲᠠᠢ ᠪᠠᠷ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠴᠡᠪᠡᠷᠯᠡᠨ ᠴᠡᠭᠴᠡᠯᠡᠬᠦ ᠡᠬᠦᠷᠭᠡ ᠪᠠᠨ ᠪᠡᠶᠡᠯᠡᠬᠦᠯᠬᠦ ᠭᠡᠷᠡᠭᠲᠡᠢ ᠭᠡᠵᠡᠢ᠃ ᠪᠦ᠋ ᠰᠢᠶᠤᠤ ᠯᠢᠨ᠂ ︽ᠲᠠᠷᠢᠶᠠᠨ ᠭᠠᠵᠠᠷ ᠢ ᠨᠡᠷ᠎ᠠ ᠵᠢᠭᠠᠵᠤ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠲᠤᠰᠬᠠᠢ ᠴᠡᠪᠡᠷᠯᠡᠨ ᠴᠡᠭᠴᠡᠯᠡᠬᠦ ᠠᠵᠢᠯ ᠤᠨ ᠬᠤᠯᠪᠤᠭᠳᠠᠬᠤ ᠬᠡᠪᠴᠢᠶ᠎ᠠ ᠦᠷᠭᠡᠨ᠂ ᠲᠦᠷᠦ ᠶᠢᠨ ᠪᠤᠳᠤᠯᠭᠠᠳᠦ ᠴᠢᠨᠠᠷ ᠢᠶᠠᠷ ᠴᠢᠩᠭ᠎ᠠ  ᠪᠠᠶᠢᠳᠠᠭ  ᠪᠤᠯᠬᠤᠷ᠂ ᠡᠷᠭᠡᠪᠰᠢ ᠬᠠᠤᠯᠢ ᠶᠤᠰᠤᠭᠠᠷ ᠲᠦᠷᠢᠮ ᠲᠤᠭᠳᠠᠭᠠᠯ ᠶᠤᠰᠤᠭᠠᠷ ᠦᠷᠨᠢᠬᠦᠯᠵᠦ᠂ ᠠᠶᠤᠯ ᠦᠭᠡᠢ ᠦᠢᠯᠡᠳᠪᠤᠷᠢᠯᠡᠯ ᠤᠨ ᠤᠬᠠᠮᠰᠠᠷ ᠢᠶᠠᠨ ᠡᠷᠴᠢᠮᠵᠢᠬᠦᠯᠵᠦ᠂ ᠲᠦᠷᠦ ᠶᠢᠨ ᠪᠤᠳᠤᠯᠭ᠎ᠠ ᠶᠢ ᠤᠬᠠᠭᠤᠯᠵᠦ ᠬᠦᠳᠦᠯᠦᠨ ᠳᠠᠭᠠᠭᠤᠯᠬᠤ ᠪᠠᠨ ᠴᠢᠩᠭᠠᠳᠬᠠᠵᠦ᠂ ᠵᠦᠷᠢᠴᠡᠯ ᠢ ᠪᠦᠳᠦᠮᠵᠢᠳᠠᠢ ᠡᠮᠬᠢᠯᠡᠨ ᠵᠢᠯᠤᠭᠤᠳᠴᠦ ᠨᠠᠮᠳᠠᠭᠠᠨ᠂ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠬᠠᠮᠠᠭᠠᠯᠠᠬᠤ ᠭᠡᠷᠡᠭᠲᠡᠢ ᠭᠡᠵᠦ ᠰᠠᠨᠠᠭᠤᠯᠪᠠ᠃      ᠪᠠᠶᠢᠴᠭᠠᠠᠨ ᠰᠤᠳᠤᠯᠬᠤ ᠬᠤᠭᠤᠴᠠᠭᠠᠨ ᠳᠤ᠂ ᠪᠦ᠋ ᠰᠢᠶᠤᠤ ᠯᠢᠨ ᠤᠷᠤᠨ ᠨᠤᠳᠤᠭ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠰᠢᠮᠳᠠᠭᠤᠯᠤᠨ ᠵᠢᠯᠤᠭᠤᠳᠪᠠ᠃      ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠠᠨᠨᠠᠭᠤᠷ ᠬᠤᠳᠠ᠂ ᠦᠬᠠᠢ ᠬᠤᠳᠠ ᠶᠢᠨ ᠬᠠᠷᠢᠭᠤᠴᠠᠯᠭᠠᠳᠠᠨ ᠨᠦᠬᠦᠳ ᠪᠠᠶᠢᠴᠭᠠᠠᠨ ᠰᠤᠳᠤᠯᠤᠯᠳᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号