ᠮᠠᠨ ᠤ ᠣᠷᠣᠨ ᠥᠪᠥᠷ ᠮᠣᠩᠭᠤᠯ ᠤᠨ ᠤᠨᠴᠠᠯᠢᠭ ᠪᠦᠬᠦᠢ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019/2/20
     2019 ᠣᠨ ᠳᠤ᠂ ᠡᠯ᠎ᠡ ᠵᠦᠢᠯ ᠤᠨ ᠡᠩ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠪᠠᠶᠢᠴᠠᠭᠠᠯᠲᠠ ᠶᠢ ᠨᠠᠷᠢᠨ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠣᠷᠣᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠤᠬᠢᠴᠠᠭᠤᠯᠵᠤ᠂ ᠥᠪᠥᠷ ᠮᠣᠩᠭᠤᠯ ᠤᠨ ᠣᠨᠴᠠᠯᠢᠭ ᠪᠦᠬᠦᠢ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ ᠪᠠ ᠬᠢᠨᠠᠨ ᠬᠡᠮᠵᠢᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠪᠠᠷ ᠪᠠᠶᠢᠨ᠎ᠠ᠃      ᠨᠢᠭᠡ ᠳᠤ ᠤᠯᠤᠰ ᠤᠨ ᠱᠠᠭᠠᠷᠳᠠᠯᠭ᠎ᠠ ᠳᠤ ᠨᠡᠶᠢᠴᠡᠬᠦ ᠪᠠ ᠣᠷᠣᠨ ᠤ ᠪᠠᠶᠢᠳᠠᠯ ᠢ ᠲᠤᠰᠬᠠᠬᠤ ᠵᠠᠷᠴᠢᠮ ᠢ ᠪᠠᠷᠢᠮᠲᠠᠯᠠᠵᠤ᠂ ᠮᠠᠨ ᠤ ᠣᠷᠣᠨ ᠤ ᠤᠨᠴᠠᠯᠢᠭ ᠢ ᠲᠤᠰᠬᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠲᠤᠭ᠎ᠠ ᠪᠦᠷᠢᠳᠬᠡᠯ ᠤᠨ ᠰᠢᠰᠲ᠋ᠧᠮᠵᠢ ᠶᠢ ᠱᠠᠯᠠᠪᠬᠠᠨ ᠪᠠᠶᠢᠭᠤᠯᠵᠤ᠂ ᠭᠦᠢᠴᠡᠳᠬᠡᠬᠦ ᠲᠤᠭ᠎ᠠ ᠶᠢ ᠲᠤᠬᠢᠷᠠᠭᠤᠯᠬᠤ ᠦᠶ᠎ᠡ ᠳᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠲᠥᠯᠥᠭᠡᠯᠡᠬᠦ ᠴᠢᠨᠠᠷᠲᠠᠶ᠂ ᠬᠠᠨᠳᠤᠯᠭᠠᠲᠤ ᠴᠢᠨᠠᠷᠲᠠᠶ ᠭᠦᠢᠴᠡᠳᠬᠡᠬᠦ ᠲᠤᠭ᠎ᠠ ᠶᠢ ᠰᠤᠩᠭᠤᠨ᠎ᠠ᠂ ᠨᠥᠬᠦᠴᠡᠯ ᠲᠠᠢ ᠠᠶᠢᠮᠠᠭ ᠬᠤᠲᠠ ᠤᠷᠢᠳᠠᠪᠠᠷ ᠲᠤᠷᠰᠢᠨ ᠬᠡᠷᠡᠭᠵᠢᠭᠦᠯᠵᠦ᠂ ᠵᠣᠷᠢᠭᠲᠠᠶ ᠪᠠᠷ ᠰᠢᠨ᠎ᠡ ᠶᠢ ᠡᠭᠦᠳᠬᠦ ᠬᠡᠷᠡᠭᠲᠡᠶ᠃ ᠬᠤᠶᠠᠷ ᠲᠤ ᠰᠢᠨ᠎ᠡ ᠪᠠᠷ ᠮᠠᠨᠳᠤᠭᠰᠠᠨ ᠤᠳᠦ ᠦᠶ᠎ᠡ ᠶᠢᠨ ᠠᠵᠤ ᠦᠢᠯᠡᠳᠪᠦᠷᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠰᠢᠨ᠎ᠡ ᠦᠢᠯᠡᠳᠬᠦᠨ ᠰᠢᠨ᠎ᠡ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠳᠡᠭᠡᠳᠦ ᠮᠡᠷᠭᠡᠵᠢᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ ᠶᠠᠪᠤᠴᠠ ᠪᠠ ᠬᠢᠨᠠᠨ ᠬᠡᠮᠵᠢᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠭᠤᠷᠪᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠳᠤ ᠵᠤᠬᠢᠴᠠᠭᠰᠠᠨ ᠲᠤᠭ᠎ᠠ ᠪᠦᠷᠢᠳᠬᠡᠯ ᠤᠨ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠠᠬᠤᠶ᠂ ᠠᠷᠠᠳ ᠠᠴᠠ ᠡᠵᠡᠩᠨᠡᠭᠰᠡᠨ ᠠᠵᠤ ᠠᠬᠤᠶ᠂ ᠣᠷᠣᠨ ᠪᠦᠰᠡ ᠶᠢᠨ ᠠᠵᠤ ᠠᠬᠤᠶ ᠵᠢᠴᠢ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠵᠡᠷᠭᠡ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠦᠨᠡᠯᠡᠯᠲᠡ ᠶᠢ ᠦᠷᠨᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号